ᠰᠠᠶᠢᠬᠠᠨ ᠲᠣᠭᠤᠷᠢᠭ ᠤᠨ ︽ᠵᠠᠭᠤᠨ ᠰᠤᠷᠭᠠᠭᠤᠯᠢ ᠮᠢᠩᠭᠠᠨ ᠳ᠋ᠢᠸᠢᠽᠢ ᠪᠠᠨ ᠭᠡᠷᠡᠯᠳᠦᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠬᠥᠬᠡᠬᠤᠲᠠ ᠳᠤ ᠠᠯᠲᠠᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/7/31
     ᠣᠶᠢᠷ᠎ᠠ ᠳᠤ᠂ ᠬᠤᠲᠠ ᠶᠢᠨ ᠡᠪᠯᠡᠯ ᠤᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠬᠠᠮᠲᠤᠷᠠᠨ ︽2024 ᠣᠨ ᠤ ᠬᠥᠬᠡᠬᠤᠲᠠ ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠵᠢᠴᠢ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠴᠣᠭᠴᠠᠯᠠᠬᠤ ᠤᠷᠤᠯᠳᠤᠭᠠᠨ ᠤ ᠲᠥᠷᠥᠯ ᠵᠦᠢᠯ︾ ᠢ ᠡᠷᠭᠢᠯᠡᠵᠦ᠂ ᠪᠥᠬᠦ ᠬᠤᠲᠠ ᠶᠢᠨ 100 ᠰᠢᠬᠠᠮ ᠲᠥᠷᠥᠯ ᠵᠦᠢᠯ ᠠᠩᠬᠠᠨ ᠤ ᠰᠣᠩᠭᠤᠯᠲᠠ ᠳᠤ ᠣᠷᠣᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠪᠦᠯᠬᠦᠮ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠨᠡᠶᠢᠲᠡ 31 ᠲᠥᠷᠥᠯ ᠵᠦᠢᠯ ᠰᠢᠢᠳᠪᠦᠷᠢᠲᠦ ᠤᠷᠤᠯᠳᠤᠭᠠᠨ ᠳᠤ ᠣᠷᠣᠵᠤ᠂ ᠲᠥᠷᠥᠯ ᠵᠦᠢᠯ ᠨᠢ ᠣᠷᠴᠢᠨ ᠠᠬᠤᠢ ᠶᠢᠨ ᠬᠠᠮᠠᠭᠠᠯᠠᠯᠲᠠ᠂ ᠪᠣᠯᠪᠠᠰᠤᠨ ᠤ ᠦᠢᠯᠡᠳᠦᠯᠭᠡ᠂ ᠵᠠᠯᠠᠭᠤᠴᠤᠳ ᠪᠠᠭᠠᠴᠤᠳ ᠢ ᠬᠠᠯᠠᠮᠵᠢᠯᠠᠬᠤ᠂ ᠨᠠᠰᠤᠲᠠᠶᠢᠴᠤᠳ ᠲᠤ ᠦᠢᠯᠡᠴᠢᠯᠡᠬᠦ᠂ ᠵᠡᠮᠳᠡᠭᠴᠦᠳ ᠢ ᠬᠡᠷᠡᠬᠦ ᠵᠡᠷᠭᠡ ᠣᠯᠠᠨ ᠬᠦᠷᠢᠶ᠎ᠡ ᠶᠢ ᠬᠠᠮᠤᠷᠴᠠᠢ᠃
       ᠰᠢᠢᠳᠪᠦᠷᠢᠲᠦ ᠲᠡᠮᠡᠴᠡᠭᠡᠨ ᠨᠢ ︽ᠵᠠᠮ ᠤᠨ ᠲᠣᠭᠯᠠᠯᠲᠠ ᠶᠢᠨ ᠦᠨᠡᠯᠡᠯᠲᠡ ᠪᠠᠷ ᠬᠤᠪᠢ ᠣᠯᠭᠤᠬᠤ︾ ᠬᠡᠯᠪᠡᠷᠢ ᠪᠠᠷ ᠶᠠᠪᠤᠭᠳᠠᠵᠤ᠂ ᠤᠷᠤᠯᠳᠤᠭᠠᠨ ᠳᠤ ᠣᠷᠣᠯᠴᠠᠭᠰᠠᠳ ᠬᠤᠷᠴᠠ ᠰᠢᠷᠦᠭᠦᠨ ᠥᠷᠢᠰᠦᠯᠳᠦᠭᠡᠨ ᠶᠠᠪᠤᠭᠤᠯᠪᠠ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠱᠠᠨ ᠳ᠋ᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠳᠡᠳ᠋ ᠳᠠᠷᠤᠭ᠎ᠠ ᠯᠢ ᠱᠤᠸ ᠠᠢ ᠶᠢᠨ ᠵᠠᠮ ᠤᠨ ᠲᠣᠭᠯᠠᠯᠲᠠ ᠱᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠭᠤᠯ ᠢ ᠠᠬᠢᠭᠤᠯᠵᠤ᠂ ︽ᠵᠠᠭᠤᠨ ᠰᠤᠷᠭᠠᠭᠤᠯᠢ ᠮᠢᠩᠭᠠᠨ ᠳ᠋ᠢᠸᠢᠽᠢ ᠪᠠᠨ ᠭᠡᠷᠡᠯᠳᠦᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠨᠢ ᠠᠯᠲᠠᠨ ᠱᠠᠩᠨᠠᠯ ᠬᠦᠷᠲᠡᠪᠡ᠃
             ︽ᠵᠠᠭᠤᠨ ᠰᠤᠷᠭᠠᠭᠤᠯᠢ ᠮᠢᠩᠭᠠᠨ ᠳ᠋ᠢᠸᠢᠽᠢ ᠪᠠᠨ ᠭᠡᠷᠡᠯᠳᠦᠭᠦᠯᠬᠦ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠪᠣᠯ ᠥᠷᠭᠡᠨ ᠣᠯᠠᠨ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠰᠤᠯᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠠᠷᠭ᠎ᠠ ᠵᠠᠮ ᠵᠢᠴᠢ ᠬᠠᠮᠢᠶ᠎ᠠ ᠪᠦᠬᠦᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤᠲᠠᠭᠳᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠡᠭᠦᠰᠬᠡᠭᠰᠡᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ᠃ ᠲᠣᠰ ᠲᠥᠷᠥᠯ ᠵᠦᠢᠯ 2023 ᠣᠨ ᠤ ᠡᠬᠢ ᠪᠠᠷ ᠡᠬᠢᠯᠡᠭᠦᠯᠵᠦ᠂ 3 ᠰᠠᠷ᠎ᠠ ᠠᠴᠠ ᠰᠤᠷᠭᠠᠭᠤᠯᠢ ᠡᠬᠢᠯᠡᠵᠦ ᠬᠡᠷᠡᠭᠵᠢᠭᠦᠯᠦᠨ᠎ᠡ᠃ ︽ᠨᠢᠭᠡ ᠰᠤᠷᠤᠭᠴᠢ ᠶᠢ ᠰᠤᠷᠭᠠᠨ ᠬᠥᠮᠥᠵᠢᠭᠦᠯᠵᠦ᠂ ᠨᠢᠭᠡ ᠭᠡᠷ ᠪᠦᠯᠢ ᠶᠢ ᠳᠠᠶᠢᠴᠢᠯᠠᠨ᠂ ᠪᠦᠬᠦ᠋ᠢᠯᠡ ᠨᠡᠶᠢᠭᠡᠮ ᠢ ᠨᠥᠯᠥᠭᠡᠯᠡᠬᠦ︾ ᠪᠠᠷ ᠬᠠᠷᠠᠯᠲᠠ ᠪᠣᠯᠭᠠᠨ᠂ ᠰᠠᠶᠢᠬᠠᠨ ᠲᠣᠭᠤᠷᠢᠭ ᠤᠨ ᠵᠠᠭᠤᠨ ᠰᠤᠷᠭᠠᠭᠤᠯᠢ ᠲᠠᠢ ᠬᠠᠷᠢᠴᠠᠭ᠎ᠠ ᠪᠠᠶᠢᠭᠤᠯᠵᠤ᠂ ᠰᠤᠷᠭᠠᠭᠤᠯᠢ ᠨᠢᠭᠡᠪᠦᠷᠢ ᠠᠴᠠ 25 - 35 ᠨᠠᠰᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠭᠰᠢ ᠶᠢ ᠰᠣᠩᠭᠤᠨ ᠠᠪᠴᠤ᠂ ᠣᠨᠣᠯ ᠪᠠ ᠪᠣᠳᠠᠲᠤ ᠪᠡᠶ᠎ᠡ ᠲᠠᠮᠢᠷ ᠬᠤᠶᠠᠷ ᠲᠠᠯ᠎ᠠ ᠠᠴᠠ 2 ᠡᠳᠦᠷ ᠤᠨ ᠬᠤᠭᠤᠴᠠᠭ᠎ᠠ ᠲᠠᠢ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠪᠣᠯᠪᠠᠰᠤᠷᠠᠭᠤᠯᠤᠯ ᠳᠤ ᠣᠷᠣᠯᠴᠠᠭᠰᠠᠨ ᠪᠠᠭᠰᠢ ᠨᠢᠭᠡᠪᠦᠷᠢ ᠠᠴᠠ 10 ᠰᠣᠷᠣᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠦᠷᠢᠯᠳᠦᠭᠦᠯᠦᠭᠰᠡᠨ ᠪᠠᠶᠢᠨ᠎ᠠ᠃
     ᠲᠣᠰ ᠲᠥᠷᠥᠯ ᠵᠦᠢᠯ ᠨᠢ ᠰᠠᠶᠢᠬᠠᠨ ᠲᠣᠭᠤᠷᠢᠭ ᠤᠨ ᠡᠯ᠎ᠡ ᠱᠠᠲᠤᠨ ᠤ ᠪᠠᠭᠰᠢ ᠰᠤᠷᠤᠭᠴᠢ ᠵᠢᠴᠢ ᠭᠡᠷ ᠤᠨ ᠠᠬᠠᠮᠠᠳ ᠲᠤ ᠥᠷᠭᠡᠨ ᠢᠶᠠᠷ ᠮᠡᠳᠡᠷᠡᠭᠳᠡᠵᠦ᠂ ᠭᠠᠯ ᠤᠨᠲᠠᠷᠠᠭᠠᠬᠤ ᠥᠷᠲᠡᠭᠡ ᠶᠢᠨ ᠤᠷᠢᠳᠴᠢᠯᠠᠨ ᠪᠣᠯᠵᠣᠬᠤ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ᠂ ᠣᠯᠠᠨ ᠰᠤᠷᠭᠠᠭᠤᠯᠢ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠦᠲᠦᠮᠵᠢᠲᠡᠶ ᠪᠠᠶᠠᠯᠢᠭᠵᠢᠭᠤᠯᠬᠤ ᠶᠢᠨ ᠬᠠᠮᠲᠤ᠂ ᠰᠤᠷᠤᠭᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ᠂ ᠰᠡᠳᠬᠢᠴᠡ ᠶᠢᠨ ᠬᠡᠪ ᠴᠢᠨᠠᠷ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠡᠵᠡᠮᠰᠢᠵᠦ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠂ ︽ᠵᠠᠭᠤᠨ ᠰᠤᠷᠭᠠᠭᠤᠯᠢ ᠮᠢᠩᠭᠠᠨ ᠳ᠋ᠢᠸᠢᠽᠢ ᠪᠠᠨ ᠭᠡᠷᠡᠯᠳᠦᠭᠦᠯᠬᠦ︾ ᠢ ᠬᠡᠪ ᠰᠤᠷᠲᠠᠯ ᠪᠣᠯᠭᠠᠵᠤ᠂ ᠦᠵᠡᠰᠬᠦᠯᠡᠩᠲᠦ ᠰᠠᠶᠢᠬᠠᠨ ᠬᠥᠬᠡᠬᠤᠲᠠ᠂ ᠠᠮᠤᠷ ᠠᠮᠤᠭᠤᠯᠠᠩ ᠰᠠᠶᠢᠬᠠᠨ ᠬᠤᠲᠠ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号