| | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ︽ᠶᠡᠭᠡ | ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠬᠦᠴᠦᠯᠡᠨ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠣᠷᠴᠢᠮᠬᠠᠨ ᠳᠠᠷᠤᠮᠠᠯᠯᠠᠨ ᠲᠠᠷᠬᠠᠭᠠᠪᠠ᠃ | | | ᠡᠭᠦᠨ ᠳᠤ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠵᠠᠢ᠃ ︽ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ | ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠰᠠᠭᠤᠷᠢᠨ ᠳᠡᠭᠡᠷ᠎ᠡ᠂ ᠬᠤᠪᠢ ᠬᠥᠮᠥᠨ ᠤ ᠬᠡᠷᠡᠭᠯᠡᠭᠴᠢ ᠶᠢᠨ | ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠣᠬᠢᠷᠳᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ | ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠰᠢᠲᠠᠭᠠᠯᠭ᠎ᠠ ᠶᠢᠨ ᠲᠣᠰᠣᠨ ᠤ ᠮᠠᠰᠢᠨ ᠪᠤᠶᠤ | 2018 ᠣᠨ ᠤ 4 ᠰᠠᠷ᠎ᠠ ᠶᠢᠨ 30 ᠤ ᠡᠳᠦᠷ ︵ᠲᠣᠰ ᠡᠳᠦᠷ ᠢ ᠪᠠᠭᠲᠠᠭᠠᠨ᠎ᠠ︶ ᠠᠴᠠ ᠡᠮᠦᠨ᠎ᠡ ᠳᠠᠩᠰᠠᠯᠠᠭᠤᠯᠤᠨ | ᠪᠦᠷᠢᠳᠬᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ᠂︽ᠲᠡᠷᠭᠡ ᠬᠥᠰᠬᠡ | ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠡᠯᠪᠡᠷᠢ ᠶᠢᠨ | ᠭᠠᠷᠴᠠᠭ︾ ᠲᠤ ᠣᠷᠣᠭᠤᠯᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠪᠤᠶᠤ 2.0 ᠯᠢᠲᠷ ᠵᠢᠴᠢ ᠲᠡᠭᠦᠨ ᠠᠴᠠ | ᠳᠣᠷᠣᠭᠰᠢᠬᠢ ᠭᠠᠳᠠᠭᠰᠢᠯᠠᠭᠤᠯᠬᠤ ᠬᠡᠮᠵᠢᠶᠡᠨ ᠤ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠶᠢ ᠬᠤᠳᠠᠯᠳᠤᠨ | ᠠᠪᠤᠪᠠᠯ᠂ ᠨᠥᠬᠦᠪᠦᠷᠢ ᠶᠢᠨ ᠪᠠᠷᠢᠮᠵᠢᠶ᠎ᠠ ᠶᠢ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ 2 | ᠲᠦᠮᠡᠨ ᠲᠥᠭᠦᠷᠢᠭ ᠨᠥᠬᠦᠪᠦᠷᠢᠯᠡᠵᠦ᠂ 2.0 ᠯᠢᠲᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ | ᠬᠡᠮᠵᠢᠶᠡᠨ ᠤ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠬᠤᠳᠠᠯᠳᠤᠨ ᠠᠪᠬᠤ ᠳᠤ 1.5 ᠲᠦᠮᠡᠨ ᠲᠥᠭᠦᠷᠢᠭ | ᠨᠥᠬᠦᠪᠦᠷᠢᠯᠡᠬᠦ ᠪᠣᠯᠭᠠᠨ ᠳᠡᠭᠡᠭᠰᠢᠯᠡᠭᠦᠯᠪᠡ᠃︽ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ | ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠨᠥᠬᠦᠪᠦᠷᠢ | ᠠᠪᠬᠤ ᠪᠠᠷ ᠭᠤᠶᠤᠴᠢᠯᠠᠭᠰᠠᠨ ᠬᠡᠷᠡᠭᠯᠡᠭᠴᠢᠳ ᠲᠤ ᠲᠣᠰ ᠮᠡᠳᠡᠭᠳᠡᠯ ᠤᠨ ᠪᠠᠷᠢᠮᠵᠢᠶ᠎ᠠ ᠶᠣᠰᠣᠭᠠᠷ ᠨᠥᠬᠦᠪᠦᠷᠢ ᠶᠢ | ᠬᠡᠷᠡᠭᠵᠢᠭᠦᠯᠦᠨ᠎ᠡ᠃ ᠬᠡᠷᠡᠭᠯᠡᠭᠴᠢᠳ ᠲᠤᠰ ᠮᠡᠳᠡᠭᠳᠡᠯ ᠤᠨ ᠪᠠᠷᠢᠮᠵᠢᠶ᠎ᠠ ᠶᠢᠨ ᠶᠣᠰᠣᠭᠠᠷ ᠨᠥᠬᠦᠪᠦᠷᠢ ᠠᠪᠬᠤ ᠪᠠᠷ | ᠭᠤᠶᠤᠴᠢᠯᠠᠪᠠᠯ᠂ ᠬᠡᠷᠡᠭᠯᠡᠭᠡᠨ ᠠᠴᠠ ᠭᠠᠷᠭᠠᠬᠤ ᠮᠠᠰᠢᠨ ᠲᠡᠷᠭᠡ ᠶᠢ ᠡᠷᠬᠡᠪᠰᠢ ᠲᠤᠰ ᠮᠡᠳᠡᠭᠳᠡᠯ ᠢ ᠳᠠᠷᠤᠮᠠᠯᠯᠠᠨ | ᠲᠠᠷᠬᠠᠭᠠᠭᠰᠠᠨ ᠡᠳᠦᠷ ᠠᠴᠠ ᠡᠮᠦᠨ᠎ᠡ ᠲᠤᠰ ᠬᠥᠮᠥᠨ ᠤ ᠨᠡᠷ᠎ᠡ ᠳᠡᠭᠡᠷ᠎ᠡ ᠳᠠᠩᠰᠠᠯᠠᠭᠤᠯᠤᠭᠰᠠᠨ ᠪᠠᠶᠢᠬᠤ ᠬᠡᠷᠡᠭᠲᠡᠢ᠃ | | | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ |