ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/7/31
     7 ᠰᠠᠷ᠎ᠠ ᠶᠢᠨ 5 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃                ᠨᠢᠭᠡ᠂ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ︾ ︵ᠳᠣᠷᠣᠭᠰᠢ  ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂︽ᠳᠦᠷᠢᠮ︾ ᠭᠡᠵᠦ ᠲᠣᠪᠴᠢᠯᠠᠨ᠎ᠠ︶ ᠢ ᠤᠯᠠᠮᠵᠢᠯᠠᠨ ᠰᠤᠷᠤᠯᠴᠠᠪᠠ᠃          ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠶᠢ ᠴᠢᠩᠭᠠᠳᠬᠠᠵᠤ᠂ ᠺᠠᠳ᠋ᠷᠴᠤᠳ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠬᠤᠶᠠᠷ ᠲᠤ᠂ ᠶᠡᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠪᠤᠢ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠬᠤᠪᠢ ᠪᠠᠷ ᠢᠶᠠᠨ ᠬᠤᠯᠠᠭᠠᠶᠢᠯᠠᠨ ᠮᠠᠯᠲᠠᠬᠤ ᠪᠠᠷᠢᠯᠭ᠎ᠠ ᠳᠤ ᠬᠡᠷᠡᠭᠯᠡᠬᠦ ᠡᠯᠡᠰᠦ ᠬᠡᠷᠡᠭᠯᠡᠬᠦ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠲᠤᠷᠠᠨ ᠪᠠᠶᠢᠯᠳᠤᠵᠤ᠂ ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠷᠡᠭ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠪᠲᠡᠷᠡᠯᠴᠡᠨ ᠬᠠᠷᠢᠯᠴᠠᠬᠤ ᠳᠦᠷᠢᠮ ᠢ ᠪᠠᠶᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠴᠥᠬᠦᠷᠡᠰᠢ ᠦᠭᠡᠢ ᠪᠠᠷᠢᠮᠲᠠᠯᠠᠨ᠂ ᠪᠠᠶᠢᠩᠭᠤ ᠠᠳᠬᠤᠬᠤ ᠬᠡᠷᠡᠭᠲᠡᠢ᠃ ᠳᠥᠷᠪᠡ ᠳᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠦᠷᠦᠯ ᠵᠦᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠶᠡᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ︔ ᠡᠭᠦᠨ ᠤ ᠬᠠᠮᠲᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ︔ ᠠᠵᠤ ᠠᠬᠤᠶᠢᠯᠠᠯ ᠤᠨ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠠᠵᠤ ᠠᠬᠤᠶᠢᠯᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠲᠤ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠷᠢᠳᠴᠢᠯᠠᠨ ᠪᠡᠯᠡᠳᠬᠡᠯ ᠲᠥᠰᠥᠯ ᠢ ᠲᠣᠭᠲᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃                  ᠬᠤᠶᠠᠷ᠂ ᠬᠤᠷᠠᠯ ᠠᠴᠠ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠪᠠ ︽2023 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠮᠡᠳᠡᠭᠳᠡᠯ︾ ︵ᠳᠣᠷᠣᠭᠰᠢ︽ᠮᠡᠳᠡᠭᠳᠡᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︽ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠵᠢᠭᠦᠯᠦᠨ ᠬᠦᠷᠭᠡᠬᠦ ᠲᠤᠬᠠᠢ ᠵᠠᠬᠢᠳᠠᠯ︾ ᠤᠨ ᠵᠣᠷᠢᠭ ᠰᠠᠨᠠᠭ᠎ᠠ ᠶᠢ ᠵᠠᠷᠯᠠᠨ ᠮᠡᠳᠡᠭᠳᠡᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠮᠠᠨ ᠤ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃          ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠨᠳᠥᠷ ᠲᠦᠪᠰᠢᠨ ᠢᠶᠠᠷ ᠠᠬᠢᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠥᠨᠳᠥᠷ ᠪᠦᠲᠦᠮᠵᠢᠲᠡᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠤᠬᠠᠮᠰᠠᠷ ᠠᠴᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠢᠯᠵᠠᠷᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃        ᠭᠤᠷᠪᠠ᠂ ᠬᠤᠷᠠᠯ ᠠᠴᠠ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠮᠠᠨ ᠤ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃          ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠡᠷᠦᠩᠬᠡᠶᠢᠯᠡᠨ ᠬᠠᠷᠢᠭᠤᠴᠠᠵᠤ᠂ ᠬᠥᠬᠡᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠪᠣᠭᠤᠮᠲᠠ ᠰᠢᠪᠲᠤᠯᠵᠤ ᠴᠡᠭᠴᠡᠯᠡᠨ ᠰᠠᠶᠢᠵᠢᠷᠠᠭᠤᠯᠬᠤ ᠲᠥᠰᠥᠯ ᠲᠠᠢ ᠬᠠᠷᠢᠴᠠᠭᠤᠯᠤᠨ᠂ ᠮᠠᠨ ᠤ ᠲᠣᠭᠤᠷᠢᠭ ᠤᠨ ᠠᠰᠠᠭᠤᠳᠠᠯ ᠤᠨ ᠡᠬᠡ ᠲᠠᠩᠰᠠ ᠶᠢ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠠᠰᠠᠭᠤᠳᠠᠯ ᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠭᠠᠵᠠᠷ ᠣᠷᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠤᠷᠢᠳᠴᠢᠯᠠᠭᠤᠯᠬᠤ ᠠᠴᠠ ᠪᠢᠰᠢ ᠬᠤᠶᠢᠰᠢᠯᠠᠭᠤᠯᠵᠤ ᠪᠣᠯᠬᠤ ᠦᠭᠡᠢ︾ ᠵᠠᠷᠴᠢᠮ ᠶᠣᠰᠣᠭᠠᠷ᠂ ᠨᠠᠷᠢᠨ ᠲᠠᠩᠰᠠ ᠠᠳᠬᠤᠵᠤ᠂ ᠱᠠᠯᠠᠪᠳᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠡᠭᠦᠨ ᠤ ᠬᠠᠮᠲᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ 2019 ᠣᠨ ᠠᠴᠠ ᠨᠠᠰᠢᠬᠢ ᠤᠳᠠᠭ᠎ᠠ ᠪᠦᠷᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠵᠢᠴᠢ ᠲᠥᠪ ᠬᠤᠷᠢᠶᠠᠨ ᠤ ᠠᠯᠪᠠᠨ ᠲᠢᠩᠬᠢᠮ ᠤᠨ ᠬᠠᠷᠢᠭᠤ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠪᠠ ᠲᠤᠰᠬᠠᠢ ᠬᠢᠨᠠᠨ ᠪᠣᠳᠣᠯᠲᠠ ᠶᠢᠨ ᠠᠰᠠᠭᠤᠳᠠᠯ ᠵᠡᠷᠭᠡ ᠳᠤ ᠴᠢᠭᠯᠡᠭᠦᠯᠦᠨ᠂ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠬᠢᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠲᠤᠶᠢᠯᠪᠤᠷᠢᠲᠠᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠬᠠᠶᠠᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠰᠡᠷᠡᠮᠵᠢᠯᠡᠭᠦᠯᠵᠦ ᠰᠦᠷᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠳᠥᠷᠪᠡ ᠳᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭ ᠳᠡᠭᠡᠷᠡᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠶᠢᠨ ᠬᠠᠮᠲᠤ᠂ ᠠᠮᠢ ᠠᠬᠤᠢ ᠶᠢ ᠡᠪᠳᠡᠭᠰᠡᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠥᠨᠳᠥᠷ ᠪᠢᠰᠢ᠂ ᠰᠠᠭᠤᠷᠢ ᠲᠥᠬᠦᠭᠡᠷᠦᠮᠵᠢ ᠳᠤ ᠣᠷᠣᠰᠢᠵᠤ ᠪᠠᠶᠢᠭ᠎ᠠ ᠳᠤᠲᠠᠭᠤᠳᠠᠯ ᠵᠡᠷᠭᠡ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠳᠤᠲᠠᠭᠤᠳᠠᠯ ᠢ ᠨᠥᠬᠦᠪᠦᠷᠢᠯᠡᠵᠦ᠂ ᠡᠬᠢ ᠡᠭᠦᠰᠦᠯ ᠠᠴᠠ ᠨᠢ ᠵᠠᠰᠠᠬᠤ ᠶᠢ ᠪᠡᠶᠡᠯᠡᠭᠦᠯᠵᠦ᠂ ᠡᠶᠢᠮᠦᠷᠬᠦ ᠠᠰᠠᠭᠤᠳᠠᠯ ᠡᠭᠦᠰᠬᠦ ᠶᠢ ᠡᠷᠡᠰ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃                    ᠳᠥᠷᠪᠡ᠂ ᠬᠤᠷᠠᠯ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠮᠡᠳᠡᠭᠳᠡᠪᠡ᠃          ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠶᠡᠷᠦᠩᠬᠡᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠳᠦᠷ ᠤᠨ ᠲᠣᠬᠢᠷᠠᠭᠤᠯᠤᠯᠲᠠ᠂ ᠭᠠᠷᠠᠭ ᠤᠨ ᠮᠡᠳᠡᠭᠡᠯᠡᠯ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠥᠬᠦ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠳᠡᠳ᠋ ᠲᠣᠭᠤᠷᠢᠭ ᠤᠨ ᠳᠠᠷᠤᠭ᠎ᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠭᠤᠴᠠᠵᠤ᠂ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠡᠯ᠎ᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠭᠤᠷᠪᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠭᠡᠷ ᠤᠯᠠᠷᠢᠯ ᠳᠤ ᠮᠠᠨ ᠤ ᠲᠣᠭᠤᠷᠢᠭ ᠳᠤ ᠬᠤᠯᠪᠣᠭᠳᠠᠭᠰᠠᠨ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠤᠳᠠᠭᠠᠨ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠵᠤ᠂ ᠠᠰᠠᠭᠤᠳᠠᠯ ᠤᠨ ᠲᠦᠭᠵᠢᠷᠡᠯ ᠢ ᠵᠦᠢᠯ ᠳᠠᠷᠠᠭᠠᠯᠠᠨ ᠰᠤᠳᠤᠯᠵᠤ᠂ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠤᠨ ᠳᠠᠯᠳᠠ ᠬᠡᠮ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠨᠦᠭᠦᠳ ᠵᠣᠬᠢᠴᠠᠭᠤᠯᠤᠨ ᠬᠠᠮᠲᠤᠷᠠᠯᠴᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠳᠥᠷᠪᠡ ᠳᠤ᠂ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠬᠤ ᠬᠡᠷᠡᠭᠲᠡᠢ᠃ ᠲᠠᠪᠤ ᠳᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯᠲᠠᠨ ᠤ ᠬᠦᠴᠦᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠤᠶᠢᠭᠡᠢ ᠴᠢᠩᠭᠠᠳᠬᠠᠨ᠂ ᠡᠯ᠎ᠡ ᠵᠦᠢᠯ ᠤᠨ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠢᠷᠭᠤᠭ᠎ᠠ ᠳᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠦᠶᠡᠷ ᠤᠨ ᠬᠤᠭᠤᠴᠠᠭᠠᠨ ᠳᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠡᠭᠦᠨ ᠤ ᠬᠠᠮᠲᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠵᠤ᠂ ᠠᠶᠤᠯ ᠲᠦᠭᠰᠢᠭᠦᠷᠢ ᠲᠣᠬᠢᠶᠠᠯᠳᠤᠪᠠᠯ ᠲᠡᠷᠡ ᠳᠠᠷᠤᠢ  ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃            ᠬᠤᠷᠠᠯ ᠠᠴᠠ ᠪᠠᠰᠠ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠵᠢᠭᠤᠷᠠᠯᠳᠤᠭᠠᠨ ᠢ ᠴᠡᠪᠡᠷᠯᠡᠨ ᠠᠷᠢᠯᠭᠠᠬᠤ ᠲᠤᠰᠬᠠᠢ ᠠᠵᠢᠯᠯᠠᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠪᠠᠶᠢᠭᠤᠯᠬᠤ ᠵᠡᠷᠭᠡ ᠪᠤᠰᠤᠳ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号