ᠰᠠᠶᠢᠬᠠᠨ ᠲᠣᠭᠤᠷᠢᠭ ᠤᠨ ᠡᠨᠡ ᠰᠤᠷᠭᠠᠭᠤᠯᠢ ᠬᠤᠭᠤᠴᠠᠭᠠᠨ ᠰᠡᠭᠦᠯᠴᠢ ᠶᠢᠨ ᠰᠢᠯᠭᠠᠯᠳᠠ ᠳᠤ ᠰᠢᠨ᠎ᠡ ᠠᠷᠭ᠎ᠠ ᠮᠠᠶ᠋ᠢᠭ ᠡᠭᠦᠳᠪᠡ
ᠨᠡᠶᠢᠲᠡᠯᠡᠭᠰᠡᠨ ᠴᠠᠭ᠄
2024/7/4
     ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠤᠭᠴᠢᠳ ᠤᠨ ᠰᠢᠨᠵᠢᠯᠡᠭᠡᠨ ᠤ ᠰᠠᠯᠠᠭᠠᠨ ᠤ ᠭᠤᠣᠯ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ ᠠᠴᠠ ᠡᠬᠢᠯᠡᠨ᠂ ᠰᠠᠶᠢᠬᠠᠨ ᠲᠣᠭᠤᠷᠢᠭ ᠤᠨ ᠵᠣᠣ ᠤᠳᠠ ᠶᠢᠨ ᠡᠮᠦᠨ᠎ᠡ ᠵᠠᠮ ᠤᠨ ᠬᠤᠪᠢᠶᠠᠷᠢ ᠰᠤᠷᠭᠠᠭᠤᠯᠢ ᠨᠢᠭᠡᠳᠦᠭᠡᠷ᠂ ᠬᠤᠶᠠᠳᠤᠭᠠᠷ ᠣᠨ ᠤ ᠰᠤᠷᠤᠭᠴᠢᠳ ᠲᠤ ︽ᠴᠠᠭᠠᠰᠤ ᠪᠡᠭᠡ ᠶᠢᠨ ᠬᠡᠪ ᠪᠣᠯᠪᠠᠰᠤᠷᠠᠯ ᠳᠤ ᠥᠯᠥ ᠲᠦᠰᠢᠭᠯᠡᠬᠦ︾ ᠪᠣᠭᠤᠮᠲᠠ ᠥᠩᠭᠡᠷᠡᠬᠦ ᠳᠤᠷ᠎ᠠ ᠰᠣᠨᠢᠷᠬᠠᠯ ᠤᠨ ᠬᠡᠪ ᠪᠣᠯᠪᠠᠰᠤᠷᠠᠯ ᠢ ᠰᠢᠯᠭᠠᠨ ᠲᠣᠭᠲᠠᠭᠠᠬᠤ ᠠᠵᠢᠯᠯᠠᠭ᠎ᠠ ᠶᠢ ᠣᠨᠴᠠᠭᠠᠶᠢᠯᠠᠨ ᠤᠬᠠᠭᠤᠯᠪᠠ᠃
     ᠪᠠᠭᠰᠢ ᠨᠠᠷ ᠪᠦᠲᠦᠭᠡᠯᠴᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠬᠡᠦᠬᠡᠳ ᠤᠨ ᠰᠣᠨᠢᠷᠬᠠᠯᠲᠠᠢ ᠪᠠ ᠤᠶᠤᠨ ᠤᠬᠠᠭᠠᠨ ᠢᠶᠠᠷ ᠪᠢᠯᠬᠠᠮ᠎ᠠ ᠶᠡᠷᠦᠩᠬᠡᠶᠢᠯᠡᠭᠰᠡᠨ ᠴᠢᠨᠠᠷᠲᠠᠢ ᠰᠢᠯᠭᠠᠨ ᠦᠨᠡᠯᠡᠬᠦ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠭᠰᠡᠨ ᠪᠠᠶᠢᠨ᠎ᠠ᠃ ᠬᠡᠯᠡ ᠪᠢᠴᠢᠭ ᠤᠨ ᠰᠢᠯᠭᠠᠯᠲᠠ ᠨᠢ ᠤᠷᠠᠨ ᠳᠡᠮᠯᠢᠭ ᠢᠶᠠᠷ ᠣᠯᠠᠨ ᠰᠣᠨᠢᠷᠬᠠᠯ ᠤᠨ ᠪᠣᠭᠤᠮᠲᠠ ᠶᠢ ᠬᠤᠪᠢᠶᠠᠵᠤ᠂ ᠬᠡᠦᠬᠡᠳ ᠤᠳ ᠱᠠᠲᠤ ᠱᠠᠲᠤ ᠪᠠᠷ ᠳᠠᠪᠲᠠᠨ ᠣᠷᠣᠵᠤ᠂ ᠵᠠᠯᠭᠠᠭ᠎ᠠ ᠪᠠᠷ ᠪᠣᠭᠤᠮᠲᠠ ᠰᠢᠪᠲᠤᠯᠵᠤ᠂ ᠲᠡᠳᠡᠨ ᠤ ᠭᠠᠯᠢᠭᠯᠠᠨ ᠤᠩᠰᠢᠬᠤ᠂ ᠥᠰᠥᠭ ᠲᠠᠨᠢᠬᠤ᠂ ᠬᠤᠷᠠᠮᠳᠤᠭᠤᠯᠤᠨ ᠤᠩᠰᠢᠬᠤ᠂ ᠦᠭᠡ ᠬᠡᠯᠡᠨ ᠤ ᠬᠡᠷᠡᠭᠯᠡᠯᠲᠡ ᠵᠡᠷᠭᠡ ᠲᠠᠯ᠎ᠠ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠪᠡ᠃ ᠲᠣᠭᠠᠨ ᠤ ᠤᠬᠠᠭᠠᠨ ᠢ ᠰᠢᠯᠭᠠᠨ ᠦᠨᠡᠯᠡᠬᠦ ᠳᠦᠷᠢᠮ ᠨᠢ ᠰᠤᠷᠤᠭᠴᠢᠳ ᠠᠯᠪᠠ ᠪᠠᠷ ᠬᠠᠰᠤᠵᠤ ᠦᠷᠡᠵᠢᠭᠦᠯᠵᠦ ᠬᠤᠪᠢᠶᠠᠬᠤ ᠶᠢ ᠠᠮᠢᠳᠤᠯᠢᠭ ᠢᠶᠠᠷ ᠬᠡᠷᠡᠭᠯᠡᠵᠦ᠂ ᠲᠡᠳᠡᠨ ᠤ ᠪᠤᠳᠤᠬᠤ᠂ ᠵᠦᠢᠴᠢᠯᠡᠨ ᠰᠡᠳᠬᠢᠬᠦ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠭᠦᠢᠴᠡᠳ ᠢᠯᠡᠷᠡᠭᠦᠯᠪᠡ᠃ ᠡᠭᠦᠨ ᠠᠴᠠ ᠭᠠᠳᠠᠨ᠎ᠠ᠂ ᠤᠷᠠᠨ ᠵᠢᠷᠤᠭ᠂ ᠳᠠᠭᠤᠤ ᠬᠥᠭᠵᠢᠮ᠂ ᠰᠢᠨᠵᠢᠯᠡᠬᠦ ᠤᠬᠠᠭᠠᠨ᠂ ᠪᠡᠶ᠎ᠡ ᠶᠢᠨ ᠲᠠᠮᠢᠷ ᠵᠡᠷᠭᠡ ᠰᠢᠨᠵᠢᠯᠡᠭᠡᠨ ᠤ ᠰᠠᠯᠠᠭ᠎ᠠ ᠨᠢ ᠪᠠᠰᠠ ᠬᠠᠷᠠᠭᠠᠯᠵᠠᠭᠰᠠᠨ ᠰᠢᠯᠭᠠᠨ ᠦᠨᠡᠯᠡᠬᠦ ᠠᠭᠤᠯᠭ᠎ᠠ ᠲᠣᠬᠢᠷᠠᠭᠤᠯᠵᠤ᠂ ᠰᠤᠷᠤᠭᠴᠢᠳ ᠢ ᠵᠣᠬᠢᠶᠠᠨ ᠪᠦᠲᠦᠭᠡᠬᠦ᠂ ᠬᠥᠭᠵᠢᠮᠳᠡᠬᠦ ᠪᠠ ᠤᠷᠤᠯᠳᠤᠭᠠᠨ ᠳᠤ ᠥᠪᠡᠷ ᠤᠨ ᠠᠪᠢᠶᠠᠰ ᠴᠢᠳᠠᠪᠤᠷᠢ ᠪᠣᠯᠣᠨ ᠴᠤᠭ ᠵᠢᠪᠬᠤᠭ᠎ᠠ ᠪᠠᠨ ᠪᠦᠬᠦ ᠲᠠᠯ᠎ᠠ ᠪᠠᠷ ᠢᠯᠡᠷᠡᠭᠦᠯᠵᠡᠢ᠃ ᠰᠢᠯᠭᠠᠨ ᠦᠨᠡᠯᠡᠬᠦ ᠺᠠᠷᠲ ᠢ ᠪᠡᠶᠡᠯᠡᠭᠦᠯᠬᠦ ᠪᠦᠷᠢ᠂ ᠰᠢᠯᠭᠠᠨ ᠦᠨᠡᠯᠡᠬᠦ ᠪᠠᠭᠰᠢ ᠰᠤᠷᠤᠭᠴᠢᠳ ᠤᠨ ᠢᠯᠡᠷᠡᠯ ᠢ ᠦᠨᠳᠦᠰᠦᠯᠡᠨ ᠵᠣᠬᠢᠴᠠᠩᠭᠤᠢ ᠲᠤᠭ᠎ᠠ ᠬᠡᠮᠵᠢᠶᠡᠨ ᠤ︽ᠣᠳᠣ︾ ᠣᠯᠭᠤᠵᠤ᠂ ᠡᠴᠦᠰ ᠲᠡᠭᠡᠨ ︽ᠣᠳᠣ︾ ᠶᠢᠨ ᠶᠡᠷᠦᠩᠬᠡᠢ ᠲᠤᠭ᠎ᠠ ᠶᠢ ᠦᠨᠡᠯᠡᠨ ᠲᠣᠭᠲᠠᠭᠠᠬᠤ ᠰᠢᠯᠭᠠᠯᠲᠠ ᠶᠢᠨ ᠳᠡᠰ ᠢ ᠣᠯᠵᠤ ᠠᠪᠤᠨ᠎ᠠ᠃
    ᠰᠢᠯᠭᠠᠨ ᠦᠨᠡᠯᠡᠬᠦ ᠶᠠᠪᠤᠴᠠ ᠳᠤ᠂ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠵᠣᠷᠢᠭᠲᠠᠢ ᠪᠠᠷ ᠪᠣᠭᠤᠮᠲᠠ‌‍ᠰᠢᠪᠲᠤᠯᠵᠤ᠂ ᠤᠷᠮ᠎ᠠ ᠵᠣᠷᠢᠭ ᠪᠠᠳᠠᠷᠠᠵᠤ᠂ ᠴᠤᠭ ᠵᠢᠪᠬᠤᠭ᠎ᠠ ᠲᠡᠭᠦᠯᠳᠡᠷ ᠪᠠᠶᠢᠵᠤ᠂ ᠪᠠᠶᠠᠷ ᠪᠠᠶᠠᠰᠬᠤᠯᠠᠩ ᠲᠠᠢ ᠪᠠᠷ  ᠪᠣᠭᠤᠮᠳᠠ ᠳᠠᠪᠠᠪᠠ᠃ ᠡᠶᠢᠮᠦᠷᠬᠦ ᠰᠢᠯᠭᠠᠨ ᠦᠨᠡᠯᠡᠬᠦ ᠠᠷᠭ᠎ᠠ ᠮᠠᠶ᠋ᠢᠭ ᠨᠢ ᠰᠣᠨᠢᠷᠬᠠᠯᠲᠠᠢ ᠮᠥᠷᠲᠡᠭᠡᠨ‌ᠥᠷᠢᠰᠦᠯᠳᠦᠬᠦ ᠴᠢᠨᠠᠷ ᠢᠶᠠᠷ ᠴᠢᠩᠭ᠎ᠠ ᠪᠠᠶᠢᠵᠤ᠂  ᠰᠤᠷᠣᠭᠴᠢᠳ ᠲᠣᠭᠯᠠᠭᠠᠮ ᠤᠨ ᠳᠤᠮᠳᠠ ᠮᠡᠳᠡᠯᠭᠡ ᠪᠠᠨ ᠪᠠᠬᠢᠵᠢᠭᠦᠯᠦᠭᠰᠡᠨ ᠮᠥᠷᠲᠡᠭᠡᠨ ᠲᠡᠳᠡᠨ ᠤ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠭᠰᠡᠨ ᠪᠠᠶᠢᠨ᠎ᠠ ᠭᠡᠵᠦ ᠢᠯᠡᠳᠬᠡᠵᠡᠭᠡᠪᠡ᠃
     ᠴᠠᠭᠠᠰᠤ ᠦᠭᠡᠢ ᠰᠢᠯᠭᠠᠨ ᠦᠨᠡᠯᠡᠬᠦ ᠠᠷᠭ᠎ᠠ ᠮᠠᠶ᠋ᠢᠭ ᠨᠢ ᠰᠤᠷᠤᠭᠴᠢᠳ ᠲᠤ ᠪᠠᠶᠠᠯᠢᠭ ᠰᠠᠶᠢᠬᠠᠨ᠂ ᠪᠠᠶᠠᠷ ᠪᠠᠭ᠋ᠠᠳᠤᠯ ᠪᠢᠯᠬᠠᠭᠰᠠᠨ᠂ ᠥᠷᠢᠰᠦᠯᠳᠦᠭᠡᠨ ᠲᠠᠢ ᠰᠤᠷᠤᠯᠴᠠᠯᠭ᠎ᠠ ᠶᠢᠨ ᠣᠶᠢᠯᠠᠭᠠᠯᠲᠠ ᠠᠪᠴᠢᠷᠠᠵᠤ ᠥᠭᠭᠦᠭᠰᠡᠨ ᠪᠥᠭᠡᠳ ᠪᠠᠭᠰᠢ ᠨᠠᠷ ᠲᠤ ᠴᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠲᠤ ᠪᠦᠬᠦ ᠲᠠᠯ᠎ᠠ ᠶᠢᠨ ᠦᠨᠡᠯᠡᠯᠲᠡ ᠬᠢᠭᠰᠡᠨ ᠪᠠᠶᠢᠨ᠎ᠠ᠃  ᠵᠣᠣ ᠤᠳᠠ ᠡᠮᠦᠨ᠎ᠡ ᠵᠠᠮ ᠤᠨ ᠬᠤᠪᠢᠶᠠᠷᠢ ᠰᠤᠷᠭᠠᠭᠤᠯᠢ ᠶᠢᠨ ᠳᠡᠳ᠋ ᠵᠠᠬᠢᠷᠤᠯ ᠪᠣᠯᠣᠷᠮ᠎ᠠ ᠄ ︽ᠲᠣᠰ ᠤᠳᠠᠭᠠᠨ ᠤ ᠴᠠᠭᠠᠰᠤ ᠦᠭᠡᠢ ᠰᠢᠯᠭᠠᠨ ᠦᠨᠡᠯᠡᠬᠦ ᠠᠵᠢᠯᠯᠠᠭ᠎ᠠ ᠭᠤᠣᠯᠯᠠᠬᠤ ᠬᠡᠪ ᠪᠣᠯᠪᠠᠰᠤᠷᠠᠯ ᠢᠶᠠᠷ ᠵᠢᠯᠣᠭᠤᠳᠤᠯᠭ᠎ᠠ ᠪᠣᠯᠭᠠᠵᠤ᠂ ᠣᠲᠣ ᠦᠶ᠎ᠡ ᠶᠢᠨ ᠰᠤᠷᠭᠠᠨ ᠬᠥᠮᠦᠵᠢᠯ ᠲᠠᠢ ᠠᠭᠤᠰᠤᠯᠴᠠᠭᠤᠯᠵᠤ᠂ ︿ᠰᠣᠨᠢᠷᠬᠠᠯᠲᠠᠢ ᠪᠣᠭᠤᠮᠲᠠ ᠶᠢ ᠰᠢᠪᠲᠤᠯᠬᠤ﹀ ᠬᠡᠯᠪᠡᠷᠢ ᠪᠠᠷ ︿ᠶᠣᠰᠣ ᠮᠤᠷᠠᠯ᠂ ᠪᠡᠶ᠎ᠡ ᠲᠠᠮᠢᠷ᠂ ᠤᠷᠠᠯᠢᠭ᠂ ᠬᠡᠯᠡ ᠪᠢᠴᠢᠭ᠂ ᠲᠤᠭ᠎ᠠ﹀ ᠭᠡᠬᠦ ᠮᠡᠲᠦ ᠰᠣᠶᠣᠯ ᠤᠨ ᠣᠶᠤᠨ ᠤᠬᠠᠭᠠᠨ ᠢ ᠬᠡᠦᠬᠡᠳ ᠤᠨ ᠰᠡᠳᠬᠢᠯ ᠳᠤ ᠬᠠᠳᠠᠩᠰᠢᠭᠤᠯᠵᠠᠢ᠃ ᠡᠶᠢᠮᠦᠷᠬᠦ ᠠᠵᠢᠯᠯᠠᠭ᠎ᠠ ᠶᠢᠨ ᠳᠤᠮᠳᠠ᠂ ᠬᠡᠦᠬᠡᠳ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠪᠠᠶᠢᠬᠤ ᠶᠢ ᠰᠡᠷᠡᠵᠦ ᠮᠡᠳᠡᠬᠦ᠂ ᠨᠠᠩ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠥᠪᠡᠷ ᠢ ᠪᠠᠨ ᠳᠠᠪᠠᠵᠤ᠂ ᠢᠷᠡᠭᠡᠳᠦᠢ ᠶᠢᠨ ᠪᠥᠬᠦ ᠲᠠᠯ᠎ᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠦ ᠴᠢᠳᠠᠨ᠎ᠠ︾  ᠭᠡᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号