| | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠬᠠᠮᠤᠭ ᠤᠨ ᠰᠢᠨ᠎ᠡ ᠮᠡᠳᠡᠭᠡ᠄ ᠡᠨᠡ | ᠵᠢᠯ ᠤᠨ 1 - 5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠪᠥᠬᠦ ᠤᠯᠤᠰ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ | ᠳᠤᠮᠳᠠᠴᠢ ᠲᠦᠪᠰᠢᠨ ᠠᠴᠠ 1.0 ᠵᠠᠭᠤᠨ ᠤ ᠴᠡᠭ ᠥᠨᠳᠥᠷ ᠪᠣᠯᠪᠠ᠃ | | ᠡᠨᠡ ᠵᠢᠯ ᠠᠴᠠ ᠨᠠᠭᠠᠰᠢ᠂ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ | ᠠᠬᠢᠭᠤᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ | ᠠᠬᠢᠭᠤᠯᠪᠠ᠃ | | ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠶᠢᠨ ᠬᠠᠮᠵᠢᠯᠴᠠᠭᠰᠠᠨ ᠬᠥᠭᠵᠢᠯᠲᠡ ᠠᠴᠠ ᠦᠵᠡᠪᠡᠯ᠂ 1 | - 5 ᠳ᠋ᠤᠭᠠᠷ ᠰᠠᠷ᠎ᠠ ᠳᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ | ᠴᠡᠭ ᠥᠨᠳᠥᠷ ᠪᠣᠯᠪᠠ︔ ᠪᠥᠬᠦ ᠣᠷᠣᠨ ᠤ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ | ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 11.8% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 4.6 ᠵᠠᠭᠤᠨ ᠤ ᠴᠡᠭ ᠥᠨᠳᠥᠷ ᠪᠣᠯᠪᠠ︔ ᠪᠥᠬᠦ ᠣᠷᠣᠨ ᠤ | ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 37 ᠠᠵᠢᠯ ᠲᠥᠷᠥᠯ ᠤᠨ ᠳᠣᠲᠣᠷ᠎ᠠ᠂ | 26 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠯ ᠢᠶᠠᠨ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 70.3% | ᠪᠣᠯᠣᠨ᠎ᠠ᠃ | | ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ 1 - 5 ᠳ᠋ᠤᠭᠠᠷ | ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ | ᠨᠢᠳᠤᠨᠤᠨ ᠤ 4 ᠳ᠋ᠦ᠋ᠭᠡᠷ ᠰᠠᠷ᠎ᠠ ᠠᠴᠠ ᠨᠠᠭᠠᠰᠢᠬᠢ ᠬᠤᠶᠠᠷ ᠣᠷᠣᠨᠲᠤ ᠲᠣᠭᠠᠨ ᠤ ᠨᠡᠮᠡᠭᠳᠡᠯ ᠤᠨ ᠬᠠᠨᠳᠤᠰᠢ ᠶᠢ | ᠦᠷᠭᠦᠯᠵᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ ᠠᠳᠠᠯᠢ ᠬᠤᠭᠤᠴᠠᠭᠠᠨ ᠤ ᠬᠢ ᠠᠴᠠ 51. | 3% ᠪᠠ 35.0% ᠪᠠᠷ ᠨᠡᠮᠡᠭᠳᠡᠵᠦ᠂ ᠲᠣᠰ ᠲᠣᠰ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ 44.1 ᠪᠠ 27.8 ᠵᠠᠭᠤᠨ ᠤ ᠴᠡᠭ | ᠥᠨᠳᠥᠷ ᠪᠣᠯᠪᠠ᠃ ᠰᠢᠨ᠎ᠡ ᠦᠢᠯᠡᠳᠬᠦᠨ ᠠᠴᠠ ᠦᠵᠡᠪᠡᠯ᠂ 1 - 5 ᠳ᠋ᠤᠭᠠᠷ ᠰᠠᠷ᠎ᠠ ᠳᠤ ᠪᠥᠬᠦ ᠣᠷᠣᠨ ᠤ ᠨᠡᠷᠡᠨ | ᠡᠨᠧᠷᠭᠢ ᠶᠢᠨ ᠴᠡᠨᠡᠭ ᠦᠢᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.5 ᠳᠠᠬᠢᠨ ᠨᠡᠮᠡᠭᠳᠡᠵᠦ᠂ | ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ | ᠬᠢ ᠠᠴᠠ ᠲᠣᠰ ᠲᠣᠰ 62.1% ᠪᠠ 97.5% ᠪᠠᠷ ᠨᠡᠮᠡᠭᠳᠡᠵᠡᠢ᠃ | | ᠡᠨᠧᠷᠭᠢ ᠶᠢᠨ ᠬᠠᠩᠭᠠᠯᠭ᠎ᠠ ᠠᠴᠠ ᠦᠵᠡᠪᠡᠯ᠂ 1 - 5 ᠳ᠋ᠤᠭᠠᠷ ᠰᠠᠷ᠎ᠠ ᠳᠤ ᠪᠥᠬᠦ ᠣᠷᠣᠨ ᠤ ᠨᠡᠭᠦᠷᠡᠰᠦ | ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3. | 2% ᠢᠶᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ ᠨᠡᠶᠢᠲᠡ 2.8 | ᠵᠠᠭᠤᠨ ᠤ ᠴᠡᠭ ᠨᠡᠮᠡᠭᠳᠡᠪᠡ᠃ | | ᠠᠵᠢᠯ ᠲᠥᠷᠥᠯ ᠤᠨ ᠬᠥᠮᠥᠰ ᠤᠨ ᠵᠢᠭᠠᠵᠤ ᠭᠠᠷᠭᠠᠭᠰᠠᠨ ᠢᠶᠠᠷ᠂ ᠶᠡᠷᠦᠩᠬᠡᠢ ᠳᠤ ᠨᠢ ᠠᠪᠴᠤ ᠦᠵᠡᠪᠡᠯ᠂ 1 - | 5 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠭᠰᠡᠨ | ᠪᠣᠯᠪᠠᠴᠤ ᠮᠥᠨ ᠬᠦ ᠨᠡᠮᠡᠭᠳᠡᠯ ᠤᠨ ᠬᠥᠳᠡᠯᠭᠡᠬᠦ ᠬᠦᠴᠦᠨ ᠴᠢᠩᠭ᠎ᠠ ᠪᠤᠰᠤ᠂ ᠪᠦᠲᠦᠮᠵᠢᠲᠦ ᠬᠡᠷᠡᠭᠴᠡᠭᠡ ᠬᠦᠷᠦᠯᠴᠡᠬᠦ | ᠦᠭᠡᠢ᠂ ᠠᠵᠤ ᠠᠬᠤᠶᠢᠯᠠᠯ ᠤᠨ ᠡᠵᠡᠩᠨᠡᠯᠲᠡ ᠳᠤ ᠵᠣᠬᠢᠬᠤ ᠳᠠᠷᠤᠯᠲᠠ ᠲᠠᠢ ᠪᠠᠶᠢᠬᠤ ᠵᠡᠷᠭᠡ ᠠᠰᠠᠭᠤᠳᠠᠯ ᠲᠤᠯᠭᠠᠷᠠᠵᠤ | ᠪᠠᠶᠢᠨ᠎ᠠ᠃ ᠳᠠᠷᠠᠭᠠᠴᠢ ᠪᠠᠷ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠡᠢ᠃ |