ᠡᠮ ᠤᠨ ᠦᠨ᠎ᠡ ᠬᠠᠩᠰᠢ ᠶᠢ ᠴᠠᠭ ᠲᠤᠬᠠᠢ ᠳᠤᠨᠢ ᠬᠠᠷᠢᠴᠠᠭᠤᠯᠤᠨ ᠰᠣᠩᠭᠤᠯᠲᠠ ᠬᠢᠬᠦ ᠳᠤ ᠨᠠᠩ ᠳᠥᠭᠦᠮ ᠪᠣᠯᠭᠠᠪᠠ - ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ︽ᠡᠮ ᠤᠨ ᠳᠡᠯᠭᠡᠭᠦᠷ ᠤᠨ ᠦᠨ᠎ᠡ ᠬᠠᠩᠰᠢ ᠶᠢ ᠬᠠᠷᠢᠴᠠᠭᠤᠯᠬᠤ ᠨᠡᠪᠲᠡᠷᠡᠯ︾ ᠦᠢᠯᠡᠴᠢᠯᠡᠭᠡ ᠰᠦᠯᠵᠢᠶᠡᠨ ᠳᠤ ᠭᠠᠷᠤᠯ᠎ᠠ
ᠨᠡᠶᠢᠲᠡᠯᠡᠭᠰᠡᠨ ᠴᠠᠭ᠄
2024/7/4
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠴᠢᠳᠠᠮᠵᠢ ᠶᠢ ᠥᠷᠭᠡᠳᠬᠡᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP ᠳᠡᠭᠡᠷ᠎ᠡ ︽ᠡᠮ ᠤᠨ ᠳᠡᠯᠭᠡᠭᠦᠷ ᠤᠨ ᠦᠨ᠎ᠡ ᠬᠠᠩᠰᠢ ᠶᠢ ᠬᠠᠷᠢᠴᠠᠭᠤᠯᠬᠤ ᠨᠠᠪᠲᠠᠷᠠᠯ︾  ᠦᠢᠯᠡᠴᠢᠯᠡᠭᠡ ᠶᠢ ᠲᠤᠷᠰᠢᠨ ᠠᠵᠢᠯᠯᠠᠭᠤᠯᠵᠤ᠂ ᠣᠯᠠᠨ ᠲᠦᠮᠡᠨ ᠭᠠᠷ ᠤᠲᠠᠰᠤᠨ ᠳᠡᠭᠡᠷ᠎ᠡ ᠨᠢᠭᠡ ᠳᠠᠷᠤᠪᠴᠢ ᠪᠠᠷ ᠪᠠᠶᠢᠴᠠᠭᠠᠨ ᠯᠠᠪᠯᠠᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠴᠠᠭ ᠲᠤᠬᠠᠢ ᠳᠤᠨᠢ ᠬᠠᠷᠢᠴᠠᠭᠤᠯᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠨᠠᠩ ᠢᠯᠡ ᠲᠣᠳᠣ ᠪᠤᠯᠭᠠᠬᠤ ᠶᠢ ᠠᠬᠢᠭᠤᠯᠪᠠ᠃      ᠣᠶᠢᠯᠠᠭᠠᠭᠰᠠᠨ ᠢᠶᠠᠷ᠂ ︽ᠡᠮ ᠤᠨ ᠳᠡᠯᠭᠡᠭᠦᠷ ᠤᠨ ᠦᠨ᠎ᠡ ᠬᠠᠩᠰᠢ ᠶᠢ ᠬᠠᠷᠢᠴᠠᠭᠤᠯᠬᠤ ᠨᠡᠪᠲᠡᠷᠡᠯ︾ ᠤᠨ ᠲᠤᠭ᠎ᠠ ᠪᠠᠷᠢᠮᠲᠠ ᠨᠢ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠠᠴᠠ ᠡᠮ ᠡᠮᠨᠡᠯᠭᠡ  ᠶᠢᠨ ᠳᠠᠭᠠᠳᠬᠠᠯ ᠳᠤ ᠳᠠᠮᠵᠢᠭᠤᠯᠤᠭᠰᠠᠨ ᠦᠨᠡᠨ ᠪᠣᠳᠠᠲᠠᠢ ᠳ᠋ᠦᠩᠨᠡᠨ ᠪᠤᠳᠤᠬᠰᠠᠨ ᠮᠡᠳᠡᠭᠡ ᠵᠠᠩᠭᠢ ᠠᠴᠠ ᠢᠷᠡᠯᠲᠡ ᠲᠠᠢ ᠪᠠᠶᠢᠵᠤ᠂ ᠡᠮ ᠤᠨ ᠳᠡᠯᠭᠡᠭᠦᠷ ᠤᠨ ᠣᠶᠢᠷ᠎ᠠ ᠶᠢᠨ ᠨᠢᠭᠡ ᠤᠳᠠᠭᠠᠨ ᠤ ᠪᠣᠷᠣᠯᠠᠭᠤᠯᠤᠭᠰᠠᠨ ᠡᠮ ᠤᠨ ᠵᠦᠢᠯᠡᠰ ᠤᠨ ᠦᠨ᠎ᠡ ᠬᠠᠩᠰᠢ ᠪᠠᠷ ᠬᠠᠷᠢᠴᠠᠭᠤᠯᠵᠤ ᠦᠨ᠎ᠡ ᠬᠠᠩᠰᠢ ᠶᠢᠨ ᠭᠦᠢᠴᠡᠳᠬᠡᠯ ᠲᠤᠭ᠎ᠠ ᠪᠤᠯᠭᠠᠵᠤ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ᠭᠠᠷ ᠤᠲᠠᠰᠤᠨ ᠳᠡᠭᠡᠷ᠎ᠡ ᠡᠮ ᠤᠨ ᠵᠦᠢᠯᠡᠰ ᠤᠨ ᠦᠨ᠎ᠡ ᠬᠠᠩᠰᠢ ᠶᠢ ᠳᠥᠭᠦᠮ ᠳᠥᠲᠡ ᠪᠥᠭᠡᠳ ᠴᠠᠭ ᠲᠤᠬᠠᠢ ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠵᠤ ᠬᠠᠷᠢᠴᠠᠭᠤᠯᠬᠤ᠂ ᠪᠡᠶ᠎ᠡ ᠪᠠᠨ ᠳᠠᠭᠠᠭᠠᠵᠤ ᠰᠣᠩᠭᠤᠬᠤ ᠳᠤ ᠲᠥᠭᠦᠮ ᠦᠵᠡᠭᠦᠯᠪᠡ᠃ ᠣᠳᠣᠬᠠᠨ ᠳᠤ᠂ ᠪᠦᠭᠦ ᠣᠷᠣᠨ ᠤ 1.7 ᠲᠦᠮᠡᠨ ᠡᠮ ᠤᠨ ᠳᠡᠯᠭᠡᠭᠦᠷ ᠤᠨ ᠮᠡᠳᠡᠭᠡ ᠵᠠᠩᠭᠢ ᠶᠢ ᠪᠦᠭᠦᠨ ᠢ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠬᠠᠷᠢᠴᠠᠭᠤᠯᠬᠤ ᠦᠨ᠎ᠡ ᠬᠠᠩᠰᠢ ᠶᠢᠨ ᠬᠡᠪᠴᠢᠶᠡᠨ ᠳᠤ ᠣᠷᠣᠭᠤᠯᠪᠠ᠃ ᠳᠠᠭᠠᠳᠬᠠᠯ ᠳᠤ ᠣᠷᠣᠯᠴᠠᠭᠰᠠᠳ᠂︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP︾ ᠳᠤ ᠣᠷᠣᠵᠤ᠂︽ᠬᠠᠯᠠᠮᠰᠢᠯ ᠠᠰᠠᠭᠤᠳᠠᠯ ᠢ ᠪᠠᠶᠢᠴᠠᠭᠠᠨ ᠯᠠᠪᠯᠠᠬᠤ︾ ᠪᠤᠯᠤᠩ ᠠᠴᠠ ᠡᠮ ᠤᠨ ᠳᠡᠯᠭᠡᠭᠦᠷ ᠤᠨ ᠬᠠᠷᠢᠴᠠᠭᠤᠯᠤᠭᠰᠠᠨ ᠦᠨ᠎ᠡ ᠬᠠᠩᠰᠢ ᠶᠢᠨ ᠦᠢᠯᠡᠴᠢᠯᠡᠭᠡ ᠶᠢ ᠣᠯᠵᠤ᠂ ᠬᠠᠶᠢᠯᠲᠠ ᠪᠤᠯᠤᠩ ᠠᠴᠠ ᠪᠠᠶᠢᠴᠠᠭᠠᠨ ᠯᠠᠪᠯᠠᠬᠤ ᠡᠮ ᠤᠨ ᠨᠡᠷᠡᠶᠢᠳᠦᠯ ᠢ ᠣᠷᠣᠭᠤᠯᠵᠤ᠂ ᠬᠢᠮᠢ ᠶᠢᠨ ᠨᠡᠷ᠎ᠡ ᠪᠠ ᠲᠠᠸᠠᠷ ᠤᠨ ᠨᠡᠷ᠎ᠡ ᠪᠠᠷ ᠲᠣᠰ ᠡᠮ ᠤᠨ ᠠᠳᠠᠯᠢ ᠪᠤᠰᠤ ᠦᠢᠯᠡᠳᠪᠦᠷᠢ᠂ ᠠᠳᠠᠯᠢ ᠪᠤᠰᠤ ᠬᠡᠪ ᠪᠠᠷᠢᠮᠵᠢᠶ᠎ᠠ᠂ ᠠᠳᠠᠯᠢ ᠪᠤᠰᠤ ᠡᠮ ᠤᠨ ᠭᠡᠯᠪᠡᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠦᠨ᠎ᠡ ᠬᠠᠩᠰᠢ ᠶᠢ ᠬᠠᠷᠢᠴᠠᠭᠤᠯᠬᠤ ᠴᠢᠬᠤᠯᠠ ᠲᠠᠢ ᠡᠮ ᠤᠨ ᠵᠦᠢᠯᠡᠰ ᠢ ᠰᠣᠩᠭᠤᠭᠰᠠᠨ ᠤ ᠳᠠᠷᠠᠭ᠎ᠠ ᠳᠠᠷᠤᠢ ᠲᠣᠰ ᠡᠮ ᠤᠨ ᠵᠦᠢᠯᠡᠰ ᠤᠨ ᠠᠳᠠᠯᠢ ᠪᠤᠰᠤ ᠲᠣᠭᠲᠠᠭᠰᠠᠨ ᠴᠡᠭ ᠤᠨ ᠡᠮ ᠤᠨ ᠳᠡᠯᠭᠡᠭᠦᠷ ᠤᠨ ᠦᠨ᠎ᠡ ᠬᠠᠩᠰᠢ ᠶᠢ ᠪᠠᠶᠢᠴᠠᠭᠠᠨ ᠯᠠᠪᠯᠠᠵᠤ ᠪᠣᠯᠣᠨ᠎ᠠ᠃ ᠡᠮ ᠤᠨ ᠦᠨ᠎ᠡ ᠬᠠᠩᠰᠢ ᠶᠢ ᠪᠠᠶᠢᠴᠠᠭᠠᠨ ᠯᠠᠪᠯᠠᠭᠰᠠᠨ ᠤ ᠳᠠᠷᠠᠭ᠎ᠠ᠂ ᠡᠮ ᠤᠨ ᠳᠡᠯᠭᠡᠭᠦᠷ ᠲᠠᠢ ᠬᠠᠷᠢᠯᠴᠠᠵᠤ ᠡᠮ ᠤᠨ ᠵᠦᠢᠯᠡᠰ ᠤᠨ ᠨᠠᠷᠢᠨ ᠪᠠᠶᠢᠳᠠᠯ ᠢ ᠣᠶᠢᠯᠠᠭᠠᠵᠤ ᠪᠣᠯᠣᠨ᠎ᠠ᠃      ︽︿ᠡᠮ ᠤᠨ ᠳᠡᠯᠭᠡᠭᠦᠷ ᠤᠨ ᠦᠨ᠎ᠡ ᠬᠠᠩᠰᠢ ᠶᠢ ᠬᠠᠷᠢᠴᠠᠭᠤᠯᠬᠤ ᠨᠡᠪᠲᠡᠷᠡᠯ﹀ᠦᠢᠯᠡᠴᠢᠯᠡᠭᠡ ᠶᠢ ᠰᠦᠯᠵᠢᠶᠡᠨ ᠳᠤ ᠭᠠᠷᠭᠠᠭᠰᠠᠨ ᠨᠢ ᠡᠮ ᠤᠨ ᠵᠦᠢᠯᠡᠰ ᠤᠨ ᠦᠨ᠎ᠡ ᠬᠠᠩᠰᠢ ᠶᠢ ᠢᠯᠠ ᠪᠤᠯᠭᠠᠬᠤ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠢᠯᠠᠩᠭᠤᠶ᠎ᠠ ᠤᠳᠠᠭᠠᠨ ᠴᠢᠨᠠᠷᠲᠠᠢ ᠡᠪᠡᠳᠴᠢᠨ ᠪᠠ ᠣᠷᠳᠣ ᠬᠤᠭᠤᠴᠠᠭ᠎ᠠ ᠪᠠᠷ ᠡᠮ ᠬᠡᠷᠡᠭᠯᠡᠬᠦ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠪᠠᠰᠠ ᠲᠣᠭᠲᠠᠭᠰᠠᠨ ᠴᠡᠭ ᠤᠨ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ᠦᠨ᠎ᠡ ᠬᠠᠩᠰᠢ ᠶᠢ ᠵᠦᠢ ᠵᠣᠬᠢᠰᠲᠠᠢ ᠲᠣᠬᠢᠷᠠᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠷᠬᠡ ᠲᠡᠭᠰᠢ ᠥᠷᠢᠰᠦᠯᠳᠦᠭᠡᠨ ᠢ ᠠᠬᠢᠭᠤᠯᠬᠤ ᠪᠣᠯᠣᠨ᠎ᠠ᠃︾ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠠᠮᠢᠶ᠎ᠠ ᠪᠦᠬᠦᠢ ᠲᠠᠪᠴᠠᠩ ᠤᠨ ᠡᠮ ᠤᠨ ᠵᠦᠢᠯᠡᠰ ᠤᠨ ᠬᠠᠷᠢᠴᠠᠭᠤᠯᠤᠭᠰᠠᠨ ᠦᠨ᠎ᠡ ᠶᠢ ᠪᠠᠶᠢᠴᠠᠭᠠᠨ ᠯᠠᠪᠯᠠᠬᠤ ᠴᠢᠳᠠᠮᠵᠢ ᠶᠢ ᠵᠠᠯᠭᠠᠭ᠎ᠠ ᠪᠠᠷ ᠨᠠᠪᠲᠠᠷᠡᠭᠦᠯᠵᠦ᠂ ᠣᠯᠠᠨ ᠲᠦᠮᠡᠨ ᠳᠤ ᠨᠠᠩ ᠲᠥᠭᠦᠮ᠂ ᠣᠯᠠᠨ ᠶᠠᠩᠵᠤ ᠶᠢᠨ ᠯᠠᠪᠯᠠᠭ᠎ᠠ ᠦᠢᠯᠡᠴᠢᠯᠡᠭᠡ ᠬᠠᠩᠭᠠᠨ᠎ᠠ ᠭᠡᠵᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号