ᠰᠠᠶᠢᠬᠠᠨ ᠲᠣᠭᠤᠷᠢᠭ ᠤᠨ ᠡᠯ᠎ᠡ ᠭᠠᠵᠠᠷ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/5
        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠭᠡᠰᠢᠭᠦᠨ ᠤ ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂  ᠰᠢᠯᠢᠳᠡᠭ ᠢ ᠡᠭᠦᠳᠬᠦ᠂ ᠪᠦᠯᠬᠦᠮᠳᠡᠯ ᠲᠠᠢ ᠡᠶ᠎ᠡ ᠵᠣᠬᠢᠴᠠᠩᠭᠤᠢ᠂ ᠢᠳᠡᠪᠬᠢᠲᠡᠢ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠡᠯ᠎ᠡ ᠭᠠᠵᠠᠷ ᠤᠨ ᠬᠢᠨ ︽ᠲᠤᠯᠤᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠨᠠᠮ ᠤᠨ ᠡᠳᠦᠷ ᠢ ᠪᠡᠯᠭᠡᠯᠡᠬᠦ ᠤᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠪᠡ᠃             ᠴᠢᠶᠠᠨ ᠶᠢᠨ ᠰᠢᠶᠠᠩ ᠨᠡᠶᠢᠭᠡᠮ ᠲᠣᠭᠤᠷᠢᠭ ︽ᠤᠭ ᠰᠠᠨᠠᠭ᠎ᠠ ᠪᠠᠨ ᠦᠯᠦ ᠮᠠᠷᠲᠠᠵᠤ ᠨᠠᠮ ᠤᠨ ᠠᠴᠢ ᠶᠢ ᠮᠠᠭᠲᠠᠨ ᠳᠠᠭᠤᠯᠠᠵᠤ᠂ ᠨᠠᠮ ᠢᠶᠠᠨ ᠳᠠᠭᠠᠵᠤ ︿ᠲᠤᠯᠤᠭᠠᠨ ᠰᠠᠷ᠎ᠠ ᠶᠢᠨ ᠨᠢᠭᠡᠨ﹀ ᠤ ᠡᠳᠦᠷ ᠢ ᠤᠭᠲᠤᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ           ᠨᠡᠶᠢᠭᠡᠮ ᠲᠣᠭᠤᠷᠢᠭ ᠤᠨ ᠱᠦᠵᠢ ᠬᠠᠷᠢᠶ᠎ᠠ ᠣᠷᠣᠨ ᠤ ᠪᠠᠨ ᠬᠤᠶᠠᠷ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠣᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠣᠯᠭᠤᠵᠤ᠂ ᠪᠦᠬᠦ ᠨᠠᠮ ᠤᠨ ᠭᠡᠰᠢᠭᠦᠳ ᠲᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠭᠦᠯᠬᠦ ᠶᠢ ᠤᠷᠢᠶᠠᠯᠠᠪᠠ᠃ ᠨᠠᠮ ᠤᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ ︽ᠪᠢ ᠪᠣᠯ ᠴᠡᠷᠢᠭ ᠬᠦᠮᠦᠨ︾ ᠭᠡᠬᠦ ᠳᠠᠭᠤᠤ ᠪᠠᠨ ᠳᠠᠭᠤᠯᠠᠵᠤ᠂ ᠨᠠᠮ ᠪᠣᠯᠣᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠪᠡ᠃ ᠠᠬᠠᠮᠠᠳ ᠨᠠᠮ ᠤᠨ ᠭᠡᠰᠢᠭᠦᠳ᠄ ︽ᠪᠢᠳᠡ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠮᠠᠰᠢ ᠣᠮᠣᠭᠰᠢᠵᠤ ᠪᠠᠶᠢᠨ᠎ᠠ︾ ᠭᠡᠵᠦ ᠰᠡᠳᠬᠢᠯ ᠳᠣᠭᠳᠣᠯᠪᠠ᠃             ᠱᠦᠢ ᠸᠧᠨ ᠨᠡᠶᠢᠭᠡᠮ ᠲᠣᠭᠤᠷᠢᠭ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
      ᠡᠷᠡᠭᠦᠯ ᠡᠩᠬᠡ ᠨᠡᠶᠢᠭᠡᠮ ᠲᠣᠭᠤᠷᠢᠭ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ︽ᠨᠠᠮ ᠤᠨ ᠣᠳᠣᠨ ᠢ ᠭᠡᠷᠡᠯᠲᠦᠭᠦᠯᠬᠦ︾ ᠭᠤᠣᠯ ᠰᠡᠳᠦᠪᠲᠦ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠪᠡ
      ᠴᠠᠩ ᠯᠧ ᠭᠦᠩ ᠨᠡᠶᠢᠭᠡᠮ ᠲᠣᠭᠤᠷᠢᠭ ︽7 · 1︾ ᠤ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
      ᠪᠠᠶᠠᠨᠵᠡᠭᠡᠯᠢ ᠭᠤᠳᠤᠮᠵᠢ ︽ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ ᠬᠤᠪᠢᠰᠬᠠᠯ ᠤᠨ ᠰᠣᠶᠣᠯ ᠢ ᠤᠯᠠᠮᠵᠢᠯᠠᠶ᠎ᠠ︾ ᠭᠡᠬᠦ ᠭᠤᠣᠯ ᠰᠡᠳᠦᠪᠲᠦ ᠶᠠᠷᠢᠶᠠᠨ ᠤ ᠤᠷᠤᠯᠳᠤᠭᠠᠨ ᠤ ᠠᠵᠢᠯᠯᠠᠭ᠎ᠠ ᠥᠷᠨᠢᠭᠦᠯᠪᠡ
     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号