ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠲᠠᠢ ᠪᠣᠯᠪᠠ
ᠨᠡᠶᠢᠲᠡᠯᠡᠭᠰᠡᠨ ᠴᠠᠭ᠄
2024/7/5
     ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠰᠦᠯᠵᠢᠶᠡᠨ ᠤ ᠮᠡᠷᠭᠡᠵᠢᠯ ᠤᠨ ᠬᠥᠭᠵᠢᠯᠲᠡ ᠪᠠ ᠣᠯᠠᠨ ᠲᠦᠮᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠣᠶᠤᠨᠴᠢᠯᠠᠭᠰᠠᠨ ᠦᠢᠯᠡᠴᠢᠯᠡᠭᠡᠨ ᠤ ᠲᠥᠬᠦᠭᠡᠷᠦᠮᠵᠢ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠡᠬᠢᠯᠡᠭᠦᠯᠪᠡ᠃
                  ︽ᠬᠥᠮᠥᠨ ᠦᠭᠡᠢ ᠬᠠᠤᠯᠢ ᠶᠢᠨ ᠭᠠᠵᠠᠷ︾ ᠤᠨ ᠭᠠᠳᠠᠷ ᠦᠵᠡᠮᠵᠢ ᠪᠠᠩᠬᠢ ᠶᠢᠨ ATM ᠵᠣᠭᠤᠰ ᠠᠪᠬᠤ ᠮᠠᠰᠢᠨ ᠲᠠᠢ ᠠᠳᠠᠯᠢᠪᠲᠤᠷ᠂ ᠢᠨᠲ᠋ᠧᠷ ᠰᠦᠯᠵᠢᠶ᠎ᠡ᠂ ᠲᠣᠮᠣ ᠲᠤᠭ᠎ᠠ ᠪᠠᠷᠢᠮᠲᠠ᠂ ᠡᠭᠦᠯᠡᠨ ᠪᠣᠳᠣᠯᠲᠠ ᠵᠡᠷᠭᠡ ᠮᠡᠷᠭᠡᠵᠢᠯ ᠢ ᠲᠥᠪᠯᠡᠷᠡᠭᠦᠯᠵᠦ᠂ ᠳᠡᠭᠡᠳᠦ ᠲᠣᠳᠣᠷᠬᠠᠢ ᠲᠡᠮᠲᠡᠷ ᠶᠢᠨ ᠪᠠᠷᠯᠠᠬᠤ᠂ ᠪᠡᠶ᠎ᠡ ᠶᠢᠨ ᠦᠨᠡᠮᠯᠡᠯ  ᠤᠨ ᠣᠩᠰᠢᠬᠤ ᠺᠠᠷᠲ᠂ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠵᠤ ᠳᠠᠷᠤᠮᠠᠯᠯᠠᠬᠤ ᠵᠡᠷᠭᠡ ᠶᠡᠷᠦᠩᠬᠡᠶᠢᠯᠡᠭᠰᠡᠨ ᠲᠥᠬᠦᠷ ᠲᠥᠬᠦᠭᠡᠷᠦᠮᠵᠢ ᠶᠢ ᠲᠣᠬᠢᠷᠠᠭᠤᠯᠵᠤ᠂ ᠢᠨᠲ᠋ᠧᠷ ᠰᠦᠯᠵᠢᠶᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢ ᠰᠢᠷᠪᠢᠬᠦ ᠪᠠᠷ ᠳᠠᠮᠵᠢᠭᠤᠯᠤᠨ᠂ ᠦᠵᠦᠭᠦᠷ ᠤᠨ ᠳᠡᠯᠭᠡᠴᠡ ᠳᠡᠭᠡᠷᠡᠬᠢ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠯᠠᠪᠯᠠᠭ᠎ᠠ᠂ ᠠᠷᠠᠳ ᠤᠨ ᠡᠶᠡᠳᠡᠭᠦᠯᠭᠡ᠂ ᠠᠯᠪᠠᠨ ᠭᠡᠷᠡᠴᠢᠯᠡᠭᠡ ᠶᠢ ᠭᠦᠢᠴᠡᠳᠬᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠬᠡᠰᠡᠭ ᠢ ᠳᠠᠷᠤᠵᠤ ᠪᠣᠯᠣᠨ᠎ᠠ᠂ ᠳᠥᠭᠦᠮ ᠳᠥᠲᠡ ᠲᠦᠷᠭᠡᠨ ᠪᠠᠶᠢᠴᠠᠭᠠᠨ ᠯᠠᠪᠯᠠᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠡᠪ ᠵᠠᠭᠪᠤᠷ ᠢ ᠪᠠᠭᠤᠯᠭᠠᠬᠤ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠶᠢ ᠭᠥᠷᠳᠡᠵᠦ ᠪᠣᠯᠣᠨ᠎ᠠ᠃ ᠡᠭᠦᠨ ᠤ ᠬᠠᠮᠲᠤ᠂ ᠣᠷᠤᠭ ᠬᠤᠷᠢᠮ ᠤᠨ ᠭᠡᠷ ᠪᠦᠯᠢ᠂ ᠬᠥᠳᠡᠯᠮᠦᠷᠢ ᠶᠢᠨ ᠵᠢᠭᠤᠷᠠᠯᠳᠤᠭᠠᠨ᠂ ᠵᠠᠮ ᠬᠠᠷᠢᠯᠴᠠᠭᠠᠨ ᠤ ᠠᠳᠡᠯ᠂ ᠭᠠᠵᠠᠷ ᠰᠢᠷᠣᠢ ᠭᠡᠷ ᠬᠥᠷᠥᠩᠭᠡ ᠵᠡᠷᠭᠡ ᠶᠢ ᠲᠥᠷᠥᠯ ᠬᠤᠪᠢᠶᠠᠬᠤ ᠳᠤ ᠠᠰᠠᠭᠤᠨ ᠯᠠᠪᠯᠠᠬᠤ ᠠᠰᠠᠭᠤᠳᠠᠯ ᠢ ᠰᠣᠩᠭᠤᠵᠤ ᠪᠣᠯᠣᠨ᠎ᠠ᠂ ᠬᠡᠷᠪᠡ ᠤᠯᠠᠮ ᠨᠢᠭᠡ ᠠᠯᠬᠤᠮ ᠬᠠᠤᠯᠢ ᠴᠠᠭᠠᠵᠠ ᠶᠢᠨ ᠦᠢᠯᠡᠴᠢᠯᠡᠭᠡ ᠬᠡᠷᠡᠭᠰᠡᠬᠦ ᠪᠣᠯ᠂ ᠲᠤᠬᠠᠢ ᠶᠢᠨ ᠲᠠᠯᠠᠪᠤᠷ ᠲᠤ ᠸᠢᠳᠢᠤ᠋ ᠪᠠᠷ ᠬᠠᠤᠯᠢᠴᠢ ᠲᠠᠢ ᠬᠤᠯᠪᠣᠵᠤ ᠪᠣᠯᠣᠨ᠎ᠠ᠂ ᠣᠯᠠᠨ ᠡᠰᠢᠵᠢᠭᠰᠡᠨ ᠰᠣᠯᠢᠯᠴᠠᠭᠠᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠵᠠᠬᠢᠶᠠᠯᠠᠨ ᠦᠢᠯᠡᠳᠬᠦ᠂ ᠬᠤᠪᠢ ᠬᠥᠮᠥᠨ ᠤ ᠨᠢᠭᠤᠴᠠ ᠪᠣᠯᠭᠠᠬᠤ᠂ ᠭᠤᠶᠤᠴᠢᠯᠠᠪᠠᠯ ᠵᠠᠪᠠᠯ ᠠᠷᠭᠠᠴᠠᠬᠤ᠂ ᠭᠤᠶᠤᠴᠢᠯᠠᠪᠠᠯ ᠳᠠᠷᠤᠢ ᠠᠷᠭᠠᠴᠠᠬᠤ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠶᠢ ᠭᠥᠷᠳᠡᠨ᠎ᠡ᠃
      ︽ᠬᠥᠮᠥᠨ ᠦᠭᠡᠢ ᠬᠠᠤᠯᠢ ᠶᠢᠨ ᠭᠠᠵᠠᠷ︾ ᠢ ᠪᠠᠶᠢᠭᠤᠯᠬᠤ ᠪᠠ ᠠᠵᠢᠯᠯᠠᠭᠤᠯᠬᠤ ᠳᠤ᠂ ᠥᠷᠭᠡᠨ ᠣᠯᠠᠨ ᠲᠦᠮᠡᠨ ᠢ ᠭᠡᠷ ᠤᠨ ᠡᠭᠦᠳᠡᠨ ᠳᠤ ᠨᠢᠭᠡᠳᠦᠭᠡᠷ ᠹᠷᠣᠨᠲ ᠤᠨ ᠬᠠᠤᠯᠢᠴᠢ ᠲᠠᠢ ᠨᠢᠭᠤᠷᠳᠠᠨ ᠶᠠᠷᠢᠯᠴᠠᠵᠤ᠂ ᠵᠠᠬᠢᠶᠠᠯᠠᠨ ᠦᠢᠯᠡᠳᠬᠦ᠂ ᠬᠤᠪᠢ ᠶᠢᠨ ᠨᠢᠭᠤᠭᠳᠠᠮᠠᠯ ᠪᠠᠶᠢᠬᠤ᠂ ᠪᠦᠬᠦᠯᠢ ᠡᠳᠦᠷ ᠢᠶᠠᠷ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠭᠥᠷᠳᠡᠬᠦ ᠪᠠ ︽ᠡᠭᠦᠳᠡ ᠪᠠᠨ ᠬᠠᠭᠠᠬᠤ ᠦᠭᠡᠢ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠭᠥᠷᠳᠡᠨ᠎ᠡ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号