1.27 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/7/8
     ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠪᠤᠯᠲᠠᠯ᠎ᠠ ᠨᠡᠶᠢᠳᠡ 3013 ᠠᠵᠤ ᠠᠬᠤᠶᠢᠯᠠᠯ ᠳᠤ ᠮᠠᠨ ᠤ ᠣᠷᠣᠨ ᠤ 2024 ᠣᠨ ᠤ ᠠᠩᠬᠠᠳᠠᠭᠴᠢ ᠪᠦᠯᠦᠭ 1.27 ᠳ᠋ᠦᠩᠰᠢᠭᠤᠷ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠲᠠᠷᠬᠠᠭᠠᠵᠤ᠂ ᠠᠵᠤ ᠠᠬᠤᠶᠢᠯᠠᠯ ᠤᠨ 30.4 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠵᠡᠢ᠃      ᠣᠶᠢᠯᠠᠭᠠᠭᠰᠠᠨ ᠢᠶᠠᠷ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠵᠦ᠂ ᠡᠨᠡ ᠵᠢᠯ ᠥᠪᠥᠷ ᠮᠣᠩᠭᠤᠯ ᠰᠢᠨ᠎ᠡ ᠨᠢᠭᠡ ᠡᠭᠡᠯᠵᠢ ᠶᠢᠨ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠦᠭᠦ ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠭᠠᠷᠲᠠᠨ ᠭᠦᠢᠴᠡᠳᠬᠡᠬᠦ ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠭᠤᠶᠤᠴᠢᠯᠠᠬᠤ ᠦᠭᠡᠢ ᠪᠠᠷ ᠣᠯᠭᠤᠬᠤ︾ ᠵᠠᠭᠪᠤᠷ ᠢᠶᠠᠷ ᠳᠠᠮᠵᠢᠭᠤᠯᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠡᠷᠲᠡ ᠠᠴᠠ ᠬᠦᠴᠦᠯᠡᠬᠦ᠂ ᠠᠵᠤ ᠠᠬᠤᠶᠢᠯᠠᠯ ᠤᠨ ᠡᠷᠲᠡ ᠠᠴᠠ ᠠᠰᠢᠭ ᠭᠦᠷᠳᠡᠭᠦ ᠶᠢ ᠠᠬᠢᠭᠤᠯᠪᠠ᠃      ᠲᠠᠷᠠᠭᠠᠴᠢ ᠶᠢᠨ ᠠᠯᠬᠤᠮ ᠳᠤ᠂ ᠪᠦᠭᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠤᠯᠠᠭᠠᠨ ᠪᠠᠭᠯᠠᠭ᠎ᠠ ᠶᠢ ᠠᠯᠢ ᠲᠦᠷᠭᠡᠨ ᠢᠶᠠᠷ ᠬᠦᠷᠭᠡᠵᠦ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠬᠠᠮᠤᠭ ᠤᠨ ᠶᠡᠭᠡ ᠪᠠᠷ ᠪᠠᠳᠠᠷᠠᠭᠤᠯᠬᠤ ᠪᠣᠯᠣᠨ᠎ᠠ᠃      ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号