ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/7/9
     ᠡᠮᠴᠢᠯᠡᠭᠡᠨ ᠤ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ︽2024 ᠣᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠯᠥᠪᠯᠡᠭᠡ︾ ᠶᠢ ᠲᠣᠭᠲᠠᠭᠠᠭᠰᠠᠨ ᠪᠥᠭᠡᠳ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ ᠶᠢᠨ  ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃                  ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠤᠨᠢᠨ ᠳᠡᠭᠡᠷ᠎ᠡ ᠨᠢ ᠬᠦᠴᠦᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠡᠮᠴᠢᠯᠡᠭᠡᠨ ᠤ ᠵᠢᠰᠦ ᠭᠤᠶᠣᠯᠠᠬᠤ ᠬᠦᠷᠢᠶ᠎ᠡ ᠴᠠᠷᠠᠭ᠎ᠠ ᠳᠤ᠂ ᠲᠠᠷᠢᠯᠭ᠎ᠠ ᠬᠢᠬᠦ ᠳᠤ ᠲᠤᠩᠭᠠᠯᠠᠭ ᠡᠳ᠋ ᠬᠦᠴᠢᠯ ᠤᠨ ᠨᠠᠲᠷᠢ ᠶᠢᠨ ᠴᠠᠷᠴᠠᠯ᠂ ᠰᠠᠴᠤᠷᠠᠭ ᠤᠨ ᠠᠷᠠᠰᠤᠨ ᠤ ᠡᠮᠨᠡᠨ ᠵᠠᠰᠠᠬᠤ ᠮᠠᠰᠢᠨ ᠵᠡᠷᠭᠡ ᠠᠶᠤᠯ ᠲᠦᠭᠰᠢᠭᠦᠷᠢ ᠶᠡᠬᠡᠲᠡᠢ ᠦᠢᠯᠡᠳᠬᠦᠨ ᠳᠤ ᠴᠢᠭᠯᠡᠭᠦᠯᠦᠨ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠷ᠎ᠡ ᠬᠠᠭᠠᠰ ᠵᠢᠯ ᠳᠤ ᠡᠮᠴᠢᠯᠡᠭᠡᠨ ᠤ ᠵᠢᠰᠦ ᠭᠤᠶᠣᠯᠠᠬᠤ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ᠂ ᠬᠡᠷᠡᠭᠯᠡᠬᠦ ᠨᠢᠭᠡᠴᠡ ᠶᠢ ᠨᠡᠶᠢᠲᠡ 50 ᠡᠷᠦᠬᠡ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 105 ᠬᠥᠮᠥᠨ ᠤᠳᠠᠭ᠎ᠠ ᠬᠥᠳᠡᠯᠭᠡᠵᠦ᠂ ᠡᠮᠴᠢᠯᠡᠭᠡᠨ ᠤ ᠵᠢᠰᠦ ᠭᠤᠶᠣᠯᠠᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠪᠡ᠃
         ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠰᠠᠭᠤᠳᠠᠯ ᠳᠤ ᠴᠢᠭᠯᠡᠭᠦᠯᠦᠨ᠂ ᠡᠪᠡᠷᠯᠢᠭ ᠪᠦᠷᠬᠦᠭᠦᠯ ᠤᠨ ᠲᠣᠯᠢ ︵ᠵᠠᠰᠠᠯ ᠴᠢᠮᠡᠭᠯᠡᠯ ᠤᠨ ᠴᠢᠨᠠᠷᠲᠠᠢ ᠥᠩᠭᠡᠲᠡᠢ ᠳᠠᠯᠳᠠ ᠨᠢᠳᠦᠨ ᠰᠢᠯ ᠪᠠᠭᠲᠠᠨ᠎ᠠ︶ᠵᠢᠴᠢ ᠰᠤᠪᠢᠯᠠᠯᠲᠠ ᠶᠢᠨ ᠦᠢᠯᠡᠳᠬᠦᠨ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠨᠢᠳᠦᠨ ᠰᠢᠯ ᠤᠨ ᠬᠤᠳᠠᠯᠳᠤᠭᠠᠨ ᠤ ᠬᠤᠲᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠡᠷᠭᠡ ᠣᠷᠣᠨ ᠪᠦᠰᠡ ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡ 14 ᠬᠠᠮᠢᠶ᠎ᠠ ᠪᠦᠬᠦᠢ ᠠᠵᠤ ᠠᠬᠤᠶᠢᠯᠠᠯ ᠢ ᠪᠠᠶᠢᠴᠠᠭᠠᠵᠤ᠂ 25 ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ ᠵᠠᠯᠠᠭᠤᠴᠤᠳ ᠪᠠᠭᠠᠴᠤᠳ ᠤᠨ ᠬᠠᠷᠠᠭᠠᠨ ᠤ ᠡᠷᠡᠭᠦᠯ ᠮᠡᠨᠳᠦ ᠶᠢ ᠬᠠᠮᠠᠭᠠᠯᠠᠪᠠ᠃                ᠡᠭᠦᠨ ᠠᠴᠠ ᠭᠠᠳᠠᠨ᠎ᠠ᠂ ᠡᠮᠴᠢᠯᠡᠭᠡᠨ ᠤ ᠪᠠᠭᠠᠵᠢ ᠬᠡᠷᠡᠭᠰᠡᠯ ᠢ ᠲᠣᠣᠷ ᠰᠦᠯᠵᠢᠶ᠎ᠡ ᠪᠠᠷ ᠪᠣᠷᠣᠯᠠᠭᠤᠯᠬᠤ ᠡᠨᠡ ᠬᠦ ᠰᠢᠨ᠎ᠡ ᠪᠠᠷ ᠬᠥᠭᠵᠢᠭᠰᠡᠨ ᠬᠦᠷᠢᠶᠡᠨ ᠳᠤ ᠴᠢᠭᠯᠡᠭᠦᠯᠦᠨ᠂ ᠡᠮᠴᠢᠯᠡᠭᠡᠨ ᠤ ᠵᠢᠰᠦ ᠭᠤᠶᠣᠯᠠᠬᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ᠂ ᠵᠠᠰᠠᠯ ᠴᠢᠮᠡᠭᠯᠡᠯ ᠤᠨ ᠴᠢᠨᠠᠷᠲᠠᠢ ᠪᠤᠳᠤᠭᠲᠤ ᠳᠠᠯᠳᠠ ᠨᠢᠳᠦᠨ ᠰᠢᠯ ᠵᠡᠷᠭᠡ ᠦᠢᠯᠡᠳᠬᠦᠨ ᠤ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠳᠡᠭᠡᠷ᠎ᠡ ᠬᠠᠭᠠᠰ ᠵᠢᠯ ᠳᠤ ᠡᠮᠴᠢᠯᠡᠭᠡᠨ ᠤ ᠪᠠᠭᠠᠵᠢ ᠬᠡᠷᠡᠭᠰᠡᠯ ᠢ ᠪᠣᠷᠣᠯᠠᠭᠤᠯᠬᠤ ᠡᠵᠡᠩᠨᠡᠯᠲᠡ ᠶᠢᠨ ᠠᠵᠤ ᠠᠬᠤᠶᠢᠯᠠᠯ ᠢ ᠨᠡᠶᠢᠲᠡ 67 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 117 ᠬᠥᠮᠥᠨ ᠬᠥᠳᠡᠯᠭᠡᠵᠦ᠂ ᠰᠦᠯᠵᠢᠶᠡᠨ ᠤ ᠬᠠᠤᠯᠢ ᠠᠴᠠ ᠵᠥᠷᠢᠴᠡᠨ ᠪᠣᠷᠣᠯᠠᠭᠤᠯᠬᠤ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃                ᠠᠮᠠᠨ ᠤ ᠬᠦᠩᠳᠡᠶ ᠶᠢᠨ ᠡᠮᠴᠢᠯᠡᠭᠡ ᠶᠢᠨ ᠪᠠᠭᠠᠵᠢ ᠬᠡᠷᠡᠭᠰᠡᠯ ᠤᠨ ᠲᠠᠯ᠎ᠠ ᠪᠠᠷ᠂ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠦᠨᠡᠮᠯᠡᠯ ᠦᠭᠡᠢ᠂ ᠬᠤᠭᠤᠴᠠᠭ᠎ᠠ ᠨᠢ ᠥᠩᠭᠡᠷᠡᠭᠰᠡᠨ᠂ ᠠᠮᠠᠨ ᠤ ᠬᠦᠩᠳᠡᠶ ᠶᠢᠨ ᠡᠮᠴᠢᠯᠡᠭᠡ ᠶᠢᠨ ᠪᠠᠭᠠᠵᠢ ᠬᠡᠷᠡᠭᠰᠡᠯ ᠢ ᠦᠢᠯᠡᠳᠪᠦᠷᠢᠯᠡᠨ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠡᠭᠡᠷ᠎ᠡ ᠬᠠᠭᠠᠰ ᠵᠢᠯ ᠳᠤ ᠠᠮᠠᠨ ᠤ ᠬᠦᠩᠳᠡᠶ ᠶᠢᠨ ᠡᠮᠴᠢᠯᠡᠭᠡ ᠶᠢᠨ ᠪᠠᠭᠠᠵᠢ ᠬᠡᠷᠡᠭᠰᠡᠯ ᠢ ᠬᠡᠷᠡᠭᠯᠡᠬᠦ 35 ᠨᠢᠭᠡᠴᠡ ᠶᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ 82 ᠬᠥᠮᠥᠨ ᠢ ᠬᠥᠳᠡᠯᠭᠡᠵᠦ᠂ ᠠᠮᠠᠨ ᠤ ᠬᠦᠩᠳᠡᠶ ᠶᠢᠨ ᠡᠮᠴᠢᠯᠡᠭᠡ ᠶᠢᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
        ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠵᠢᠨ‌ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠬᠦᠨ ᠢ ᠦᠢᠯᠡᠳᠪᠦᠷᠢᠯᠡᠬᠦ ᠠᠴᠠ ᠬᠡᠷᠡᠭᠯᠡᠬᠦ ᠬᠦᠷᠲᠡᠯᠡᠬᠢ ᠭᠤᠭᠴᠤᠭ᠎ᠠ ᠨᠢᠭᠡᠪᠦᠷᠢ ᠳᠤ ᠠᠮᠤᠷ ᠲᠦᠪᠰᠢᠨ ᠢ ᠡᠵᠡᠮᠳᠡᠵᠦ᠂ ᠬᠠᠷᠢᠶᠠᠲᠤ ᠣᠷᠣᠨ ᠤ ᠥᠷᠭᠡᠨ ᠣᠯᠠᠨ ᠠᠷᠠᠳ ᠲᠦᠮᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠡᠷᠡᠭᠦᠯ ᠴᠢᠭᠢᠷᠠᠭ᠂ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号