ᠰᠠᠶᠢᠬᠠᠨ ᠲᠣᠭᠤᠷᠢᠭ ᠤᠨ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠮᠥᠷᠥᠶᠢᠴᠡᠭᠡᠨ᠂ ᠠᠮᠤᠷ ᠲᠦᠪᠰᠢᠨ ᠤ ᠮᠡᠳᠡᠯᠭᠡ ᠳᠠᠬᠢᠨᠲᠠ ᠲᠠᠰ ᠳᠡᠪᠰᠢᠪᠡ
ᠨᠡᠶᠢᠲᠡᠯᠡᠭᠰᠡᠨ ᠴᠠᠭ᠄
2024/7/9
      ᠰᠠᠶᠢᠬᠠᠨ ᠲᠣᠭᠤᠷᠢᠭ ᠤᠨ ᠠᠵᠢᠯᠲᠠᠨ ᠠᠵᠢᠯᠴᠢᠨ ᠤ ᠬᠠᠮᠲᠤᠯᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠤᠷ᠎ᠠ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠬᠦ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠰᠠᠶᠢᠬᠠᠨ ᠲᠣᠭᠤᠷᠢᠭ ᠤᠨ ᠱᠠᠨ ᠳ᠋ᠠᠨ ᠵᠡᠭᠡᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠲᠠᠢ ᠬᠠᠮᠲᠤᠷᠠᠨ 2024 ᠣᠨ ᠤ ᠰᠠᠶᠢᠬᠠᠨ ᠲᠣᠭᠤᠷᠢᠭ ᠤᠨ ᠪᠥᠬᠦ ᠲᠣᠭᠤᠷᠢᠭ ᠤᠨ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠵᠢᠴᠢ ᠪᠣᠳᠠᠲᠤ ᠠᠵᠢᠯᠯᠠᠭᠠᠨ ᠤ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃
       ︽ᠡᠩ ᠲᠡᠷᠢᠭᠦᠨ ᠳᠤ ᠭᠠᠯ ᠤᠨᠲᠠᠷᠠᠭ ᠠᠭᠤᠷ ᠢ ᠠᠳᠭᠤᠵᠤ᠂ ᠳᠠᠭᠠᠳᠭᠠᠯ ᠤᠨ ᠲᠦᠭᠵᠢᠷᠡᠯ ᠁︾ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠱᠠᠨ ᠳ᠋ᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠰᠤᠷᠭᠠᠭᠴᠢ ᠪᠣᠯᠪᠠᠰᠤᠷᠠᠯ ᠤᠨ ᠠᠵᠢᠯᠲᠠᠨ ᠠᠵᠢᠯᠴᠢᠨ ᠳᠤ ᠭᠠᠯ ᠤᠨᠲᠠᠷᠠᠭ ᠠᠭᠤᠷ ᠢ ᠵᠥᠪ ᠬᠡᠷᠡᠭᠯᠡᠬᠦ ᠠᠷᠭ᠎ᠠ ᠶᠢ ᠵᠢᠱᠢᠶ᠎ᠡ ᠦᠵᠡᠭᠦᠯᠵᠡᠢ᠃ ᠰᠤᠷᠭᠠᠭᠴᠢ ᠭᠠᠯ ᠤᠨ ᠠᠶᠤᠯ ᠤᠨ ᠨᠠᠷᠢᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠢᠯᠠᠩᠭᠤᠶ᠎ᠠ ᠠᠵᠤ ᠠᠬᠤᠶᠢᠯᠠᠯ ᠤᠨ ᠠᠵᠢᠯᠯᠠᠬᠤ ᠣᠷᠴᠢᠨ ᠲᠣᠭᠤᠷᠢᠨ ᠳᠤ ᠲᠤᠯᠭᠠᠷᠠᠵᠤ ᠮᠡᠳᠡᠬᠦ ᠭᠠᠯ ᠤᠨ ᠠᠶᠤᠯ ᠤᠨ ᠲᠦᠭᠰᠢᠭᠦᠷᠢ ᠳᠤ ᠴᠢᠭᠯᠡᠭᠦᠯᠦᠨ᠂ ᠠᠩᠬ᠎ᠠ ᠡᠭᠦᠰᠦᠭᠰᠡᠨ ᠭᠠᠯ ᠤᠨ ᠠᠶᠤᠯ ᠢ ᠠᠷᠭᠠᠴᠠᠬᠤ ᠠᠷᠭ᠎ᠠ ᠪᠣᠳᠣᠯᠭ᠎ᠠ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠥᠨᠳᠥᠷ ᠪᠦᠲᠦᠮᠵᠢᠲᠡᠶ ᠤᠷ᠎ᠠ ᠮᠡᠷᠭᠡᠵᠢᠯ ᠵᠢᠴᠢ ᠭᠠᠯ ᠤᠨᠲᠠᠷᠠᠭᠠᠭᠤᠷ ᠢ ᠵᠢᠷᠤᠮᠵᠢᠭᠤᠯᠤᠨ ᠬᠡᠷᠡᠭᠯᠡᠬᠦ ᠠᠷᠭ᠎ᠠ ᠶᠢ ᠲᠠᠶᠢᠯᠪᠤᠷᠢᠯᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠣᠨᠣᠯ ᠤᠨ ᠰᠠᠭᠤᠷᠢ ᠶᠢ ᠪᠦᠲᠦᠮᠵᠢᠲᠡᠶ ᠪᠠᠲᠤᠳᠬᠠᠪᠠ᠃ ᠡᠭᠦᠨ ᠠᠴᠠ ᠭᠠᠳᠠᠨ᠎ᠠ᠂ ᠪᠣᠳᠠᠲᠤ ᠲᠠᠮᠢᠷ ᠤᠨ ᠤᠷᠤᠯᠳᠤᠭᠠᠨ ᠤ ᠭᠤᠭᠴᠤᠭ᠎ᠠ ᠳᠤ᠂ ᠤᠷᠤᠯᠳᠤᠭᠠᠨ ᠳᠤ ᠣᠷᠣᠯᠴᠠᠭᠰᠠᠳ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ᠂ ᠭᠠᠯ ᠤᠨᠲᠠᠷᠠᠭᠠᠬᠤ ᠮᠤᠰᠬᠢᠭᠤᠷ ᠢ ᠬᠡᠷᠡᠭᠯᠡᠬᠦ᠂ ᠭᠠᠯ ᠤᠨᠲᠠᠷᠠᠭᠠᠭᠤᠷ ᠢ ᠬᠡᠷᠡᠭᠯᠡᠬᠦ᠂ ᠤᠰᠤ ᠲᠠᠲᠠᠬᠤ ᠪᠦᠰᠡ ᠶᠢᠨ ᠤᠷᠤᠯᠳᠤᠭᠠᠨ ᠵᠢᠴᠢ ᠤᠰᠤ ᠬᠠᠷᠪᠤᠬᠤ ᠤᠷᠤᠯᠳᠤᠭᠠᠨ ᠵᠡᠷᠭᠡ ᠤᠯᠠᠨ ᠲᠦᠷᠦᠯ ᠵᠦᠢᠯ ᠤᠨ ᠮᠥᠷᠥᠶᠢᠴᠡᠭᠡᠨ ᠬᠢᠵᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠦᠷ ᠬᠥᠭᠵᠢᠶᠡᠨ ᠲᠠᠢ᠃ ᠲᠡᠳᠡ ᠨᠠᠷᠢᠨ ᠬᠢᠨᠠᠮᠠᠭᠠᠢ ᠠᠵᠢᠯᠯᠠᠵᠤ᠂ ᠬᠥᠳᠡᠯᠭᠡᠭᠡᠨ ᠨᠢ ᠵᠢᠷᠤᠮᠵᠢᠯ ᠲᠠᠢ ᠪᠠᠶᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠯᠠᠪᠳᠠᠭᠤᠨ ᠪᠠᠲᠤᠲᠠᠢ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠬᠤ ᠰᠠᠶᠢᠨ ᠰᠠᠶᠢᠬᠠᠨ ᠴᠢᠳᠠᠪᠤᠷᠢ ᠶᠢ ᠭᠦᠢᠴᠡᠳ ᠢᠯᠡᠷᠡᠭᠦᠯᠪᠡ᠃ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠠᠵᠢᠯᠲᠠᠳ ᠠᠴᠠ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠭᠰᠠᠨ ᠪᠥᠭᠡᠳ ᠪᠠᠴᠢᠮ ᠪᠠᠶᠢᠳᠠᠯ ᠳᠣᠣᠷ᠎ᠠ ᠥᠪᠡᠷ ᠢ ᠪᠠᠨ ᠬᠠᠮᠠᠭᠠᠯᠠᠬᠤ ᠪᠠ ᠪᠤᠰᠤᠳ ᠢ ᠬᠠᠮᠠᠭᠠᠯᠠᠬᠤ ᠪᠦᠲᠦᠮᠵᠢᠲᠡᠶ ᠠᠷᠭ᠎ᠠ ᠶᠢ ᠡᠵᠡᠮᠰᠢᠵᠡᠢ ᠭᠡᠵᠦ ᠢᠯᠡᠳᠬᠡᠵᠡᠭᠡᠪᠡ᠃
      ︽ᠭᠠᠯ ᠢ ᠰᠡᠷᠭᠡᠶᠢᠯᠡᠬᠦ ᠠᠮᠤᠷ ᠲᠦᠪᠰᠢᠨ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ᠂ ᠮᠦᠨᠴᠦ ᠠᠵᠢᠯᠲᠠᠨ ᠠᠵᠢᠯᠴᠢᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠰᠠᠭᠤᠷᠢ ᠮᠥᠨ᠃ ᠪᠢᠳᠡ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠥᠷᠭᠡᠨ ᠣᠯᠠᠨ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠮᠡᠳᠡᠯᠭᠡ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠠᠮᠤᠷ ᠲᠦᠪᠰᠢᠨ ᠤ ᠳᠠᠯᠳᠠ ᠬᠡᠮ  ᠪᠠᠶᠢᠳᠠᠯ ᠢ ᠠᠷᠢᠯᠭᠠᠵᠤ᠂ ᠠᠵᠤ ᠠᠬᠤᠶᠢᠯᠠᠯ ᠤᠨ ᠡᠷᠡᠭᠦᠯ ᠲᠣᠭᠲᠠᠭᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ︾ ᠭᠡᠵᠦ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠴᠢᠤᠸᠠᠨ ᠫᠢᠩ ᠰᠤᠷᠪᠤᠯᠵᠢᠯᠠᠭᠴᠢ ᠳᠤ ᠬᠡᠯᠡᠪᠡ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠨᠡᠩ ᠤᠯᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠠᠵᠤ ᠠᠬᠤᠶᠢᠯᠠᠯ ᠤᠨ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ᠂ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠢ ᠪᠠᠲᠤᠯᠠᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠪᠣᠯᠣᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠬᠦᠴᠦᠨ ᠴᠢᠳᠠᠯ ᠢᠶᠠᠨ ᠡᠷᠭᠦᠬᠦ ᠶᠢ ᠪᠠᠲᠤᠯᠠᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号