ᠮᠠᠨ ᠤ ᠣᠷᠣᠨ 2024 ᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ 74.42 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/7/9
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠲᠣ ᠪᠣᠯᠲᠠᠯ᠎ᠠ᠂ ᠥᠪᠥᠷ ᠮᠣᠩᠭᠤᠯ 2024 ᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢ ᠨᠢᠭᠡᠨᠲᠡ 74.42 ᠳ᠋ᠦᠩᠰᠢᠭᠤᠷ ᠲᠥᠭᠦᠷᠢᠭ ᠪᠠᠭᠤᠯᠭᠠᠪᠠ᠃            ᠡᠭᠦᠨ ᠳᠤ᠂ ᠲᠥᠪ ᠤᠨ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠥᠬᠦᠪᠦᠷᠢ 56.33 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠥᠬᠦᠪᠦᠷᠢ 18.09 ᠳ᠋ᠦᠩᠰᠢᠭᠤᠷ ᠲᠥᠭᠦᠷᠢᠭ ᠪᠠᠭᠤᠯᠭᠠᠨ᠂ ᠥᠪᠥᠷ ᠮᠣᠩᠭᠤᠯ ᠤᠨ 167 ᠲᠦᠮᠡᠨ ᠬᠤᠲᠠ ᠬᠥᠳᠡᠭᠡᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠣᠨᠴᠠ ᠬᠦᠴᠢᠷᠳᠡᠯᠲᠡᠢ ᠬᠥᠮᠥᠰ ᠵᠢᠴᠢ ᠲᠡᠨᠦᠭᠦᠯ ᠭᠤᠶᠢᠷᠠᠨᠴᠢᠳ ᠢ ᠲᠦᠷ ᠴᠠᠭ ᠠᠪᠤᠷᠠᠨ ᠲᠤᠰᠠᠯᠠᠬᠤ ᠠᠵᠢᠯ ᠥᠷᠨᠢᠭᠦᠯᠦᠭᠡᠳ᠂ ᠠᠪᠤᠷᠠᠨ ᠲᠤᠰᠠᠯᠠᠬᠤ ᠨᠥᠬᠦᠪᠦᠷᠢ ᠶᠢᠨ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠦᠢᠯᠡᠳᠦᠯ ᠢ   ᠨᠢ ᠪᠠᠳᠠᠷᠠᠭᠤᠯᠤᠭᠰᠠᠨ ᠪᠠᠶᠢᠨ᠎ᠠ᠃          2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠯᠤᠭ᠎ᠠ ᠣᠶᠢᠯᠠᠭᠠᠯᠴᠠᠨ ᠵᠣᠯᠭᠠᠯᠳᠤᠬᠤ ᠪᠠᠨ ᠢᠳᠡᠪᠬᠢᠲᠡᠢ ᠰᠠᠶᠢᠲᠤᠷ ᠬᠢᠵᠦ᠂ ᠲᠥᠪ ᠤᠨ ᠡᠳ᠋ ᠤᠨ ᠵᠠᠰᠠᠭ ᠤᠨ ᠥᠪᠥᠷ ᠮᠣᠩᠭᠤᠯ ᠤᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢ  ᠨᠢ ᠡᠷᠴᠢᠮᠵᠢᠭᠦᠯᠬᠦ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ   ᠨᠢ ᠪᠥᠬᠦ ᠣᠷᠣᠨ ᠤ ᠡᠯ᠎ᠡ ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠢ ᠱᠠᠭᠠᠷᠳᠠᠬᠤ ᠳᠤ ᠪᠠᠨ ᠨᠢᠭᠲᠠ ᠬᠠᠮᠵᠢᠯᠴᠠᠵᠤ᠂ ᠠᠰᠠᠭᠤᠳᠠᠯ ᠢ ᠴᠠᠭ ᠲᠤᠬᠠᠢ ᠳᠤ   ᠨᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ︔ ︽ᠴᠢᠳᠠᠯ ᠤᠨ ᠢᠶᠠᠨ ᠬᠢᠷᠢ ᠪᠠᠷ ᠴᠢᠷᠮᠠᠶᠢᠨ ᠬᠢᠬᠦ︾ ᠵᠠᠷᠴᠢᠮ ᠶᠣᠰᠣᠭᠠᠷ᠂ ᠪᠠᠲᠤᠯᠠᠬᠤ ᠡᠲᠡᠭᠡᠳ ᠢ ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠬᠤ ᠠᠵᠢᠯ ᠢᠶᠠᠨ ᠴᠢᠩᠭ᠎ᠠ ᠰᠠᠶᠢᠲᠤᠷ ᠬᠢᠬᠦ ᠬᠡᠷᠡᠭᠲᠡᠢ︔ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠬᠡᠷᠡᠭᠯᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠥᠰᠥᠪ ᠢ ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠥᠩᠭᠦᠨ ᠤ ᠵᠠᠷᠤᠯᠭ᠎ᠠ ᠶᠢᠨ ᠪᠦᠲᠦᠴᠡ ᠶᠢ ᠴᠢᠨᠠᠭᠰᠢᠳᠠ ᠤᠯᠠᠮ ᠰᠢᠯᠢᠳᠡᠭᠵᠢᠭᠦᠯᠵᠦ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠠᠩ ᠰᠠᠶᠢᠨ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号