ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠴᠡᠭᠴᠡᠯᠡᠯᠲᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/9
     7 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠥᠩᠭᠡᠷᠡᠭᠦᠯᠬᠦ︾ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠠᠯᠪᠠᠨ ᠭᠡᠷ ᠬᠤᠷᠠᠯ ᠢ ᠬᠤᠷᠠᠯᠳᠤᠭᠤᠯᠵᠤ᠂ ᠵᠤᠨ ᠤ ᠠᠮᠠᠷᠠᠯᠲᠠ ᠶᠢᠨ ︽ᠬᠤᠶᠠᠷ ᠢ ᠬᠥᠩᠭᠡᠷᠡᠭᠦᠯᠬᠦ︾ ᠠᠵᠢᠯ ᠣᠨᠴᠠᠭᠠᠶᠢᠯᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠴᠡᠭᠴᠡᠯᠡᠯᠲᠡ ᠶᠢᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠬᠢᠨ ᠲᠤᠰ ᠲᠤᠰ ᠤᠨ ᠡᠭᠦᠷᠭᠡ ᠴᠢᠳᠠᠪᠬᠢ ᠪᠣᠯᠣᠨ ᠡᠭᠦᠷᠭᠡᠯᠡᠵᠦ ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ ᠠᠵᠢᠯ ᠤᠨ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠣᠨ ᠤ ᠠᠮᠠᠷᠠᠯᠲᠠ ᠶᠢᠨ ᠳᠠᠰᠬᠠᠯ ᠢ ᠵᠣᠬᠢᠰᠲᠠᠢ ᠪᠠᠶᠢᠷᠢᠯᠠᠭᠤᠯᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠵᠢᠯ ᠳᠤ ᠪᠠᠶᠢᠭ᠎ᠠ ᠪᠠᠭᠰᠢ ᠶᠢᠨ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠬᠦ ᠶᠢ ᠴᠢᠩᠭ᠎ᠠ ᠪᠠᠶᠢᠴᠠᠭᠠᠵᠤ᠂ ᠨᠥᠬᠦᠴᠡᠯ ᠲᠠᠢ ᠭᠠᠵᠠᠷ ᠣᠷᠣᠨ ᠤ ᠠᠮᠠᠷᠠᠯᠲᠠ ᠶᠢᠨ ᠬᠤᠭᠤᠴᠠᠭᠠᠨ ᠳᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠭᠡᠷ ᠤᠨ ᠠᠬᠠᠮᠠᠳ ᠢ ᠬᠠᠪᠰᠤᠷᠤᠨ ᠰᠤᠷᠤᠬᠴᠢᠳ ᠢ ︽ᠬᠠᠷᠠᠵᠤ ᠬᠠᠷᠠᠭᠠᠯᠵᠠᠬᠤ ᠳᠤ ᠬᠦᠴᠢᠷᠲᠡᠢ︾ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠰᠢᠨᠵᠢᠯᠡᠭᠡᠨ ᠤ ᠲᠦᠷᠦᠯ ᠤᠨ ᠪᠣᠯᠪᠠᠰᠤᠷᠠᠯ ᠤᠨ ᠲᠣᠭᠲᠠᠭᠠᠯ ᠠᠴᠠ ᠵᠥᠷᠢᠴᠡᠭᠰᠡᠨ ᠨᠢᠭᠤᠭᠳᠠᠮᠠᠯ ᠪᠤᠶᠤ ᠭᠡᠯᠪᠡᠷᠢ ᠶᠢ ᠨᠢ ᠬᠤᠪᠢᠷᠠᠭᠤᠯᠤᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠯ ᠢ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ ᠬᠠᠤᠯᠢ ᠲᠣᠭᠲᠠᠭᠠᠯ ᠶᠣᠰᠣᠭᠠᠷ ᠠᠮᠤᠷ ᠲᠦᠪᠰᠢᠨ ᠢᠶᠠᠷ ᠠᠵᠢᠯᠯᠠᠬᠤ ᠶᠢ ᠬᠥᠲᠥᠯᠥᠨ ᠵᠢᠯᠤᠭᠤᠳᠴᠤ᠂ ᠪᠦᠭᠦ ᠤᠯᠤᠰ ᠤᠨ ᠰᠤᠷᠭᠠᠭᠤᠯᠢ ᠶᠢᠨ ᠭᠠᠳᠠᠨᠠᠬᠢ ᠬᠢᠨᠠᠨ ᠬᠠᠮᠢᠶᠠᠷᠬᠤ ᠲᠠᠪᠴᠠᠩ ᠤᠨ ᠪᠦᠭᠦ ᠲᠠᠯ᠎ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠬᠠᠨᠳᠤᠭᠤᠯᠤᠭᠰᠠᠨ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ︽ᠬᠤᠶᠠᠷ ᠢ ᠬᠥᠩᠭᠡᠷᠡᠭᠦᠯᠬᠦ︾ ᠶᠢ ᠤᠬᠠᠭᠤᠯᠤᠨ ᠵᠢᠯᠤᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠲᠥᠯᠥᠪᠵᠢᠭᠦᠯᠦᠨ ᠪᠠᠶᠢᠷᠢᠯᠠᠭᠤᠯᠵᠤ᠂ ᠡᠷᠡᠰ ᠴᠢᠩᠭ᠎ᠠ ᠣᠪᠣᠷ ᠪᠣᠯᠣᠨ ᠬᠦᠴᠦᠲᠡᠢ ᠠᠷᠭ᠎ᠠ ᠬᠡᠮᠵᠢᠶ᠎ᠡ ᠪᠠᠷ ︽ᠬᠤᠶᠠᠷ ᠢ ᠬᠥᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠪᠦᠭᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号