ᠤᠷᠠᠯᠢᠭ ᠤᠨ ᠲᠥᠷᠥᠯ ᠳᠤ ᠠᠩᠬ᠎ᠠ ᠤᠳᠠᠭ᠎ᠠ ᠵᠡᠷᠭᠡᠴᠡᠭᠡ ᠡᠷᠡᠮᠡᠯᠵᠡᠯ ᠢᠶᠠᠷ ᠡᠯᠰᠡᠬᠦ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/7/9
      7 ᠰᠠᠷ᠎ᠠ ᠶᠢᠨ 5 ᠤ ᠡᠳᠦᠷ ᠤᠨ 17 ᠴᠠᠭ ᠲᠤ᠂ ᠥᠪᠥᠷ ᠮᠣᠩᠭᠤᠯ ᠤᠨ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠤᠷᠢᠳᠴᠢᠯᠠᠭᠰᠠᠨ ᠪᠦᠯᠦᠭ ᠤᠨ ᠡᠷᠡᠮᠡᠯᠵᠡᠯ ᠲᠠᠭᠯᠠᠬᠤ ᠠᠵᠢᠯ ᠳᠠᠭᠤᠰᠴᠠᠢ᠂ ᠡᠭᠦᠨ ᠳᠤ ᠤᠷᠠᠯᠢᠭ ᠤᠨ ᠲᠥᠷᠥᠯ ᠳᠤ ᠠᠩᠬ᠎ᠠ ᠤᠳᠠᠭ᠎ᠠ ᠵᠡᠷᠭᠡᠴᠡᠭᠡ ᠡᠷᠡᠮᠡᠯᠵᠡᠯ ᠢᠶᠠᠷ ᠲᠠᠩᠰᠠ ᠡᠪᠬᠡᠮᠡᠯ ᠭᠠᠷᠭᠠᠵᠤ ᠡᠯᠰᠡᠬᠦ ᠶᠢ ᠬᠡᠷᠡᠭᠵᠢᠭᠦᠯᠪᠡ᠃       ᠣᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ ᠤᠨ ᠤᠷᠠᠯᠢᠭ ᠤᠨ ᠲᠥᠷᠥᠯ ᠤᠨ ᠡᠷᠡᠮᠡᠯᠵᠡᠯ ᠲᠠᠭᠯᠠᠬᠤ ᠳᠤ ︽ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ︾ ᠤᠨ ᠵᠡᠷᠭᠡᠴᠡᠭᠡ ᠡᠷᠡᠮᠡᠯᠵᠡᠯ ᠢᠶᠠᠷ ᠭᠤᠣᠯ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠷ ᠲᠤᠰᠬᠠᠢ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠪᠤᠯᠭᠠᠬᠰᠠᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠳᠤ ᠰᠤᠷᠤᠬᠴᠢ ᠡᠯᠰᠡᠬᠦ ᠳᠡᠭᠡᠨ ᠰᠢᠯᠭᠠᠭᠤᠯᠤᠭᠰᠠᠳ ᠤᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠣᠯᠣᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠨᠢ ᠴᠥᠮ ᠥᠪᠥᠷ ᠮᠣᠩᠭᠤᠯ ᠤᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠡᠯᠰᠡᠬᠦ ᠬᠤᠪᠢ ᠶᠢᠨ ᠱᠤᠭᠤᠮ ᠳᠤ ᠭᠦᠷᠦᠭᠰᠡᠨ ᠰᠠᠭᠤᠷᠢᠨ ᠳᠡᠭᠡᠷ᠎ᠡ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠣᠯᠣᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠬᠠᠷᠢᠴᠠᠯ ᠶᠣᠰᠣᠭᠠᠷ ᠨᠡᠶᠢᠯᠡᠭᠦᠯᠦᠭᠰᠡᠨ ᠶᠡᠷᠦᠩᠬᠡᠶᠢᠯᠡᠭᠰᠡᠨ ᠬᠢᠷᠢ ᠪᠦᠲᠦᠮᠵᠢ ᠶᠢ ᠦᠨᠳᠦᠰᠦᠯᠡᠨ ᠵᠡᠷᠭᠡᠴᠡᠭᠡ ᠡᠷᠡᠮᠡᠯᠵᠡᠯ ᠢᠶᠠᠷ ᠲᠠᠩᠰᠠ ᠡᠪᠬᠡᠮᠡᠯ ᠭᠠᠷᠭᠠᠨ ᠡᠯᠰᠡᠨ᠎ᠡ᠃ ᠵᠡᠷᠭᠡᠴᠡᠭᠡ ᠡᠷᠡᠮᠡᠯᠵᠡᠯ ᠤᠨ ᠵᠠᠭᠪᠤᠷ ᠲᠤ ︽ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ︾ ᠤᠨ ᠵᠠᠭᠪᠤᠷ ᠢ ᠬᠡᠷᠡᠭᠯᠡᠵᠦ᠂ ᠲᠣᠰ ᠵᠠᠭᠪᠤᠷ ᠨᠢ ᠵᠢᠩᠬᠢᠨᠢ ᠠᠩᠭᠢ ᠶᠢᠨ ᠤᠷᠢᠳᠴᠢᠯᠠᠭᠰᠠᠨ B ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠭᠰᠠᠨ C ᠪᠦᠯᠦᠭ ᠵᠢᠴᠢ ᠲᠤᠰᠬᠠᠢ ᠮᠡᠷᠭᠡᠵᠢᠯ ᠤᠨ ᠤᠷᠢᠳᠴᠢᠯᠠᠭᠰᠠᠨ ᠪᠦᠯᠦᠭ ᠲᠤ ᠲᠣᠬᠢᠷᠠᠨ᠎ᠠ᠂ ᠡᠯ᠎ᠡ ᠪᠦᠯᠦᠭ ᠤᠳᠠᠭ᠎ᠠ ᠳᠤ ᠴᠥᠮ 30 ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ ᠤᠨ ᠡᠷᠡᠮᠡᠯᠵᠡᠯ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ ᠨᠢᠭᠡᠪᠦᠷᠢ ᠶᠢᠨ ᠳᠣᠲᠣᠷ᠎ᠠ ᠠᠳᠠᠯᠢ ᠨᠢᠭᠡᠨ ᠲᠤᠰᠬᠠᠢ ᠮᠡᠷᠭᠡᠵᠢᠯ ᠤᠨ ᠳᠤᠭᠤᠶᠢᠯᠠᠩ ᠤᠨ ᠳᠣᠲᠣᠷᠠᠬᠢ ᠲᠤᠰᠬᠠᠢ ᠮᠡᠷᠭᠡᠵᠢᠯ ᠢ ᠲᠠᠭᠯᠠᠨ ᠮᠡᠳᠡᠭᠦᠯᠵᠦ ᠪᠣᠯᠣᠨ᠎ᠠ᠂ ᠡᠷᠡᠮᠡᠯᠵᠡᠯ ᠨᠢᠭᠡᠪᠦᠷᠢ ( ᠳᠠᠷᠤᠢ 1 ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ) ᠳᠤ 6 ᠲᠤᠰᠬᠠᠢ ᠮᠡᠷᠭᠡᠵᠢᠯ ᠤᠨ ᠡᠷᠡᠮᠡᠯᠵᠡᠯ ᠵᠢᠴᠢ ᠲᠤᠰᠬᠠᠢ ᠮᠡᠷᠭᠡᠵᠢᠯ ᠤᠨ ᠲᠣᠬᠢᠷᠠᠭᠤᠯᠭ᠎ᠠ ᠶᠢ ᠳᠠᠭᠠᠬᠤ ᠡᠰᠡᠬᠦ ᠰᠣᠩᠭᠤᠯᠲᠠ ᠬᠢᠨ᠎ᠡ᠃       ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠤᠷᠠᠯᠢᠭ ᠤᠨ ᠲᠥᠷᠥᠯ ᠤᠨ ᠵᠢᠩᠬᠢᠨᠢ ᠠᠩᠭᠢ ᠳᠤ ᠨᠡᠶᠢᠲᠡ 8310 ᠰᠢᠯᠭᠠᠭᠤᠯᠤᠭᠴᠢ ᠨᠡᠷ᠎ᠡ ᠮᠡᠳᠡᠭᠦᠯᠵᠡᠢ᠃ 7 ᠰᠠᠷ᠎ᠠ ᠶᠢᠨ 6 ᠤ ᠡᠳᠦᠷ ᠠᠴᠠ ᠡᠬᠢᠯᠡᠨ᠂ ᠤᠷᠠᠯᠢᠭ ᠤᠨ ᠲᠥᠷᠥᠯ ᠤᠨ ᠵᠢᠩᠬᠢᠨᠢ ᠠᠩᠭᠢ ᠳᠤ ᠰᠣᠷᠣᠬᠴᠢ ᠡᠯᠰᠡᠬᠦ ᠶᠠᠪᠤᠴᠠ ᠳᠤ ᠣᠷᠣᠬᠤ ᠪᠤᠯᠤᠨ᠎ᠠ; 8 ᠰᠠᠷ᠎ᠠ ᠶᠢᠨ 5 ᠤ ᠡᠳᠦᠷ ᠤᠨ ᠣᠷᠴᠢᠮ ᠢᠶᠠᠷ᠂ ᠵᠢᠩᠬᠢᠨᠢ ᠠᠩᠭᠢ ᠳᠤ ᠡᠯᠰᠡᠭᠳᠡᠭᠰᠡᠨ ᠦᠭᠡᠢ ᠤᠷᠠᠯᠢᠭ ᠤᠨ ᠲᠥᠷᠥᠯ ᠤᠨ ᠰᠢᠯᠭᠠᠭᠤᠯᠤᠭᠰᠠᠳ ᠲᠤᠰᠬᠠᠢ ᠮᠡᠷᠭᠡᠵᠢᠯ ᠤᠨ ᠤᠷᠢᠳᠴᠢᠯᠠᠨ ᠡᠯᠰᠡᠯᠳᠡ ᠳᠤ ᠡᠷᠡᠮᠡᠯᠵᠡᠯ ᠢᠶᠠᠨ ᠲᠠᠭᠯᠠᠵᠤ ᠪᠣᠯᠣᠨ᠎ᠠ᠂ ᠮᠥᠨ ᠠᠳᠠᠯᠢ ᠪᠠᠷ ︽ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠤᠭᠤᠶᠢᠯᠠᠩ︾ ᠤᠨ ᠵᠡᠷᠭᠡᠴᠡᠭᠡ ᠡᠷᠡᠮᠡᠯᠵᠡᠯ ᠤᠨ ᠵᠠᠭᠪᠤᠷ ᠢᠶᠠᠷ ᠲᠠᠭᠯᠠᠵᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号