ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠪᠦᠯᠬᠦᠮ ᠲᠣᠭᠤᠷᠢᠭ ᠲᠤ ᠰᠠᠭᠤᠭ᠎ᠠ ᠴᠡᠷᠢᠭ ᠠᠩᠭᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/8/1
     ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠤᠯᠠᠮ ᠴᠢᠨᠠᠭᠰᠢᠳᠠ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠶᠢᠨ ᠲᠥᠯᠥᠭᠡ᠂ 7 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢ ᠲᠣᠬᠤᠨᠢᠭᠤᠯᠪᠠ᠃          ᠲᠣᠬᠤᠨᠢᠭᠤᠯᠬᠤ ᠳᠤᠭᠤᠶᠢᠯᠠᠩ ᠤᠷᠢᠳ ᠬᠤᠵᠢᠳ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂ 95869 ᠴᠡᠷᠢᠭ ᠠᠩᠭᠢ ᠪᠠᠷ ᠲᠣᠭᠤᠷᠢᠨ ᠦᠵᠡᠭᠰᠡᠨ ᠪᠥᠭᠡᠳ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠴᠢᠨᠠᠭᠰᠢᠳᠠ ᠴᠢᠩᠭᠠᠳᠬᠠᠬᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠬᠦ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠯᠢ ᠰᠢᠶᠣᠣ ᠶᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠪᠦᠬᠦ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠣᠭᠤᠷᠢᠭ ᠲᠤ ᠰᠠᠭᠤᠭ᠎ᠠ ᠴᠡᠷᠢᠭ ᠠᠩᠭᠢ ᠶᠢᠨ ᠤᠷᠳᠤ ᠬᠤᠭᠤᠴᠠᠭᠠᠨ ᠤ ᠲᠤᠷᠰᠢ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠯᠢ ᠰᠢᠶᠣᠣ ᠶᠠᠨ᠂ ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠰᠠᠶᠢᠵᠢᠷᠠᠬᠤ ᠬᠠᠨᠳᠤᠰᠢ ᠲᠠᠢ ᠪᠣᠯᠵᠤ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠮᠵᠢᠯᠲᠠ ᠣᠯᠵᠤ᠂ ᠡᠳᠡᠭᠡᠷ ᠠᠮᠵᠢᠯᠲᠠ ᠪᠦᠲᠦᠮᠵᠢ  ᠨᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠳᠡᠮᠵᠢᠯᠭᠡ ᠪᠠ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠢᠷᠡᠭᠡᠳᠦᠢ ᠳᠤ᠂ ᠰᠠᠶᠢᠬᠠᠨ ᠲᠣᠭᠤᠷᠢᠭ ᠥᠩᠭᠡᠷᠡᠭᠰᠡᠨ ᠲᠠᠢ ᠪᠠᠨ ᠠᠳᠠᠯᠢ ᠪᠠᠷ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠ ᠨᠡᠩ ᠰᠡᠳᠬᠢᠯ ᠳᠤᠯᠠᠭᠠᠴᠠᠭᠤᠯᠬᠤ ᠲᠦᠷᠦ ᠶᠢᠨ ᠪᠣᠳᠣᠯᠭ᠎ᠠ ᠪᠠᠷ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠰᠡᠳᠬᠢᠯ ᠲᠠᠯᠪᠢᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ ᠭᠡᠵᠡᠢ᠃          ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠰᠠᠶᠢᠬᠠᠨ ᠲᠣᠭᠤᠷᠢᠭ ᠤᠨ ᠤᠷᠲᠤ ᠬᠤᠭᠤᠴᠠᠭᠠᠨ ᠤ ᠲᠤᠷᠰᠢ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠬᠤ ᠶᠢᠨ ᠬᠠᠮᠲᠤ ᠬᠤᠶᠢᠰᠢᠳᠠ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠵᠣᠬᠢᠴᠠᠩᠭᠤᠢ ᠬᠥᠭᠵᠢᠯᠲᠡ ᠶᠢ ᠬᠠᠮᠲᠤᠪᠠᠷ ᠠᠬᠢᠭᠤᠯᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号