ᠬᠥᠬᠡᠬᠤᠲᠠ ᠶᠢᠨ ᠭᠤᠷᠪᠠᠨ ᠠᠵᠤ ᠠᠬᠤᠢᠯᠠᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠢᠭᠤᠯᠤᠮᠵᠢ ᠥᠪᠥᠷ ᠮᠣᠩᠭᠤᠯ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ  ᠬᠦᠴᠦᠨ ᠤ ᠤᠷᠠᠨ ᠳᠠᠷᠬᠠᠨ ᠤ ᠳᠡᠭᠡᠳᠦ ᠰᠤᠷᠭᠠᠭᠤᠯᠢ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/8/1
       ︵ᠰᠤᠷᠪᠤᠯᠵᠢᠯᠠᠭᠴᠢ ᠯᠢᠦᠢ ᠬᠤᠢ ᠱᠧᠩ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠰᠢᠨᠵᠢᠯᠡᠬᠦ ᠤᠬᠠᠭᠠᠨ  ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠬᠦᠴᠦᠨ ᠨᠡᠮᠡᠷᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠲᠥᠪᠯᠡᠷᠡᠭᠦᠯᠦᠨ  ᠠᠬᠢᠭᠤᠯᠬᠤ ᠠᠵᠢᠯᠯᠠᠭ᠎ᠠ ᠶᠢ ᠬᠤᠷᠢᠨᠭᠡᠷ ᠰᠢᠨ᠎ᠡ ᠲᠣᠭᠤᠷᠢᠭ ᠲᠤ ᠥᠷᠨᠢᠭᠦᠯᠵᠦ᠂ ᠣᠲᠣ ᠦᠶ᠎ᠡ ᠶᠢᠨ ᠰᠦ ᠶᠢᠨ ᠦᠢᠯᠡᠰ᠂ ᠬᠤᠪᠣᠷ ᠰᠢᠷᠣᠶ ᠵᠡᠷᠭᠡ ᠥᠪᠥᠷ ᠮᠣᠩᠭᠤᠯ ᠤᠨ ᠰᠢᠨ᠎ᠡ  ᠴᠢᠨᠠᠷ ᠤᠨ ᠦᠢᠯᠡᠳᠪᠦᠷᠢᠯᠡᠯ ᠤᠨ ᠬᠦᠴᠦᠨ ᠤ 6 ᠤᠷᠠᠨ ᠳᠠᠷᠬᠠᠨ ᠤ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠪᠠᠷ ᠯᠠᠪᠯᠠᠯᠲᠠ ᠪᠣᠯᠭᠠᠭᠰᠠᠨ ᠨᠢᠭᠡᠴᠢ ᠳᠤ ᠲᠥᠪᠯᠡᠷᠡᠭᠦᠯᠦᠨ ᠫᠠᠶᠢᠰᠠ  ᠣᠯᠭᠤᠪᠠ᠃ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠮᠡᠳᠡᠭᠦᠯᠦᠨ ᠬᠦᠷᠭᠡᠭᠰᠡᠨ ᠥᠪᠥᠷ ᠮᠣᠩᠭᠤᠯ ᠤᠨ ᠵᠢᠶᠠᠩ ᠴᠧᠩ ᠰᠤᠷᠭᠠᠨ ᠬᠥᠮᠦᠵᠢᠯ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠶᠢᠨ ᠢᠦᠶ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠢᠨ ᠢᠦᠶ ᠶᠡᠭᠡ ᠰᠤᠷᠭᠠᠭᠤᠯᠢ᠂ ᠥᠪᠥᠷ ᠮᠣᠩᠭᠤᠯ ᠤᠨ ᠢᠯᠢ ᠠᠵᠤ ᠦᠶ᠋ᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠥᠬᠦ ᠪᠥᠮᠪᠥᠷᠴᠡᠭ ᠤᠨ ᠴᠢᠳᠠᠪᠤᠷᠢᠲᠠᠨ ᠤ ᠬᠥᠭᠵᠢᠯᠲᠡ ᠶᠢᠨ  ᠲᠥᠪ ᠴᠣᠯᠭᠤᠷᠠᠨ ᠭᠠᠷᠴᠤ᠂ ᠠᠮᠵᠢᠯᠲᠠ ᠲᠠᠢ ᠪᠠᠷ ᠰᠣᠩᠭᠤᠭᠳᠠᠪᠠ᠃            ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ 1230 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ  ᠲᠥᠯᠥᠪᠯᠡᠵᠦ᠂ ᠭᠤᠣᠯᠳᠠᠭᠤ ᠬᠤᠪᠣᠷ ᠰᠢᠷᠣᠢ ᠶᠢᠨ ᠠᠵᠤ ᠦᠢᠯᠡᠰ᠂ ᠴᠠᠬᠢᠭᠤᠷ ᠲᠠᠯᠠᠰᠲᠤ ᠮᠠᠲ᠋ᠧᠷᠢᠶᠠᠯ᠂ ᠰᠢᠨ᠎ᠡ ᠡᠨᠧᠷᠭᠢ ᠵᠡᠷᠭᠡ 10 ᠰᠢᠨ᠎ᠡ ᠴᠢᠨᠠᠷ ᠤᠨ ᠦᠢᠯᠡᠳᠪᠦᠷᠢᠯᠡᠯ ᠤᠨ  ᠬᠦᠴᠦᠨ ᠤ ᠴᠢᠭᠯᠡᠯ ᠢᠶᠠᠷ 1.8 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠤ᠂ ᠬᠤᠪᠣᠷ ᠰᠢᠷᠣᠢ᠂ ᠴᠠᠬᠢᠭᠤᠷ ᠲᠠᠯᠠᠰᠲᠤ᠂ ᠰᠦ ᠶᠢᠨ ᠦᠢᠯᠡᠰ ᠵᠡᠷᠭᠡ ᠲᠠᠯ᠎ᠠ ᠪᠠᠷ 6 ᠰᠢᠨ᠎ᠡ  ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠤᠷᠠᠨ ᠳᠠᠷᠬᠠᠨ ᠤ ᠬᠦᠮᠦᠵᠢᠯ ᠪᠣᠯᠪᠠᠰᠤᠷᠠᠯ ᠤᠨ ᠨᠢᠭᠡᠴᠢ ᠶᠢ ᠲᠥᠯᠥᠪᠵᠢᠭᠦᠯᠦᠨ ᠪᠤᠶᠢᠵᠢᠭᠤᠯᠬᠤ ᠶᠢᠨ ᠬᠠᠮᠲᠤ ᠠᠵᠢᠯᠲᠠᠨ  ᠠᠵᠢᠯᠴᠢᠨ ᠤ ᠠᠵᠢᠯ ᠤᠨ ᠪᠠᠶᠢᠷᠢ ᠳᠠᠭᠠᠨ ᠰᠠᠭᠤᠷᠢᠯᠠᠭᠰᠠᠨ ᠪᠦᠬᠦ ᠠᠵᠢᠯᠳᠠᠨ ᠤ ᠰᠢᠨ᠎ᠡ ᠶᠢ ᠡᠭᠦᠳᠬᠦ᠂ ᠠᠩᠬᠢ ᠳᠤᠭᠤᠶᠢᠯᠠᠩ ᠤᠨ ᠪᠦᠯᠬᠦᠮ ᠨᠡᠶᠢᠲᠡ ᠶᠢᠨ ᠰᠢᠨ᠎ᠡ ᠶᠢ ᠡᠭᠦᠳᠬᠦ᠂  ᠠᠵᠢᠯᠳᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠲᠤ ᠲᠦᠰᠢᠭᠯᠡᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ︽ᠭᠤᠷᠪᠠ ᠶᠢ ᠨᠢᠭᠡ ᠴᠤᠬᠴᠠᠵᠢᠭᠤᠯᠬᠤ︾  ᠠᠵᠢᠯᠳᠠᠨ ᠠᠵᠢᠯᠴᠢᠨ ᠤ ᠰᠢᠨ᠎ᠡ ᠶᠢ ᠡᠭᠦᠳᠬᠦ ᠰᠢᠰᠲ᠋ᠧᠮ ᠢ ᠢᠳᠡᠪᠬᠢᠲᠡᠢ ᠪᠠᠶᠢᠭᠤᠯᠤᠨ᠎ᠠ᠃            ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠷᠠᠨ ᠳᠠᠷᠬᠠᠨ ᠤ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ  ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠳᠤ ᠨᠡᠩ ᠶᠡᠭᠡ ᠦᠷ᠎ᠡ ᠪᠦᠲᠦᠭᠡᠯ ᠤᠯᠬᠤ ᠶᠢ  ᠠᠬᠢᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号