ᠰᠠᠶᠢᠬᠠᠨ ᠲᠣᠭᠤᠷᠢᠭ᠄  ᠬᠦᠴᠦᠲᠡᠢ ᠴᠣᠬᠢᠯᠲᠠ ᠥᠭᠴᠦ᠂ ᠦᠰᠦ ᠪᠣᠳᠣᠬᠤ ᠲᠥᠷᠥᠯ ᠤᠨ ᠭᠤᠶᠣᠯᠠᠯ ᠤᠨ ᠡᠳ᠋  ᠤᠨ ᠵᠠᠬ᠎ᠠ ᠳᠡᠯᠭᠡᠭᠦᠷ ᠢ ᠲᠤᠰᠭᠠᠢ ᠵᠦᠢᠯ ᠢᠶᠠᠷ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2024/8/12
     ︽ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠬᠠᠮᠲᠤ ᠭᠦᠨᠵᠡᠭᠡᠢ ᠬᠡᠷᠡᠭᠵᠢᠭᠦᠯᠵᠦ᠂ ᠪᠤᠳᠤᠭᠯᠠᠬᠤ ᠲᠥᠷᠥᠯ ᠤᠨ ᠵᠠᠰᠠᠯ ᠴᠢᠮᠡᠭᠯᠡᠯ ᠤᠨ ᠡᠳ᠋ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭᠠᠳᠬᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ ᠦᠰᠦ ᠪᠤᠳᠤᠬᠤ ᠲᠥᠷᠥᠯ ᠤᠨ ᠵᠠᠰᠠᠯ ᠴᠢᠮᠡᠭᠯᠡᠯ ᠤᠨ ᠡᠳ᠋ ᠢ ᠲᠤᠰᠬᠠᠶᠢᠯᠠᠨ ᠵᠠᠰᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠪᠠᠷ ᠳᠠᠮᠵᠢᠭᠤᠯᠤᠨ᠂ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠪᠠᠷ ᠵᠣᠷᠢᠯᠭ᠎ᠠ ᠪᠠᠨ ᠪᠣᠯᠭᠠᠪᠠ᠃
     ᠲᠣᠰ ᠤᠳᠠᠭᠠᠨ ᠤ ᠲᠤᠰᠬᠠᠢ ᠠᠵᠢᠯᠯᠠᠭ᠎ᠠ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ ᠪᠠ ᠬᠡᠷᠡᠭᠯᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠦᠰᠦ ᠪᠤᠳᠤᠬᠤ ᠲᠥᠷᠥᠯ ᠤᠨ ᠵᠠᠰᠠᠯ ᠴᠢᠮᠡᠭᠯᠡᠯ ᠤᠨ ᠡᠳ᠋ ᠤᠨ ᠵᠠᠬ᠎ᠠ ᠳᠡᠯᠭᠡᠭᠦᠷ ᠲᠤ ᠬᠡᠪᠢᠰ ᠮᠠᠶ᠋ᠢᠭ ᠤᠨ ᠵᠢᠭᠰᠠᠭᠠᠨ ᠪᠠᠶᠢᠴᠠᠭᠠᠯᠲᠠ ᠪᠠ ᠵᠠᠰᠠᠯᠲᠠ ᠬᠢᠪᠡ᠃ ᠦᠰᠦ ᠪᠣᠳᠣᠬᠤ ᠲᠥᠷᠥᠯ ᠤᠨ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ ᠶᠢᠨ ᠨᠢᠭᠡᠴᠡ᠂ ᠵᠠᠰᠠᠯ ᠴᠢᠮᠡᠭᠯᠡᠯ ᠤᠨ ᠡᠳ᠋ ᠤᠨ ᠲᠥᠪᠯᠡᠷᠡᠭᠦᠯᠦᠨ ᠲᠠᠷᠬᠠᠭᠠᠬᠤ ᠭᠠᠵᠠᠷ᠂ ᠡᠯᠧᠺᠲᠷᠣᠨ ᠬᠤᠳᠠᠯᠳᠤᠭᠠᠨ ᠤ ᠲᠠᠪᠴᠠᠩ᠂ ᠲᠣᠮᠣ ᠳᠤᠮᠳᠠ ᠬᠡᠯᠪᠡᠷᠢ ᠶᠢᠨ ᠦᠰᠦ ᠵᠠᠰᠠᠬᠤ ᠴᠣᠭᠯᠠᠭᠠᠨ᠂ ᠤᠷᠭᠤᠮᠠᠯ ᠠᠷᠠᠴᠢᠯᠠᠨ ᠲᠡᠵᠢᠭᠡᠬᠦ ᠭᠠᠵᠠᠷ᠂ ᠦᠰᠦ ᠪᠣᠶᠢᠵᠢᠭᠤᠯᠬᠤ ᠲᠥᠪ ᠵᠢᠴᠢ ᠵᠢᠰᠦ ᠭᠤᠶᠣᠯᠠᠵᠤ ᠦᠰᠦ ᠵᠠᠰᠠᠬᠤ ᠡᠯ᠎ᠡ ᠲᠥᠷᠥᠯ ᠤᠨ ᠭᠠᠵᠠᠷ ᠲᠠᠯᠠᠪᠤᠷ  ᠢ ᠭᠤᠣᠯᠳᠠᠯᠭ᠎ᠠ ᠲᠠᠢ ᠲᠣᠭᠲᠠᠭᠠᠵᠤ᠂ ᠪᠦᠷᠢᠳᠬᠡᠭᠦᠯᠦᠭᠰᠡᠨ ᠦᠭᠡᠢ᠂ ᠬᠠᠤᠯᠢ ᠪᠤᠰᠤ ᠪᠠᠷ ᠶᠠᠭᠤᠮ᠎ᠠ ᠨᠡᠮᠡᠬᠦ᠂ ᠴᠠᠭᠠᠵᠠ ᠠᠴᠠ ᠵᠥᠷᠢᠴᠡᠭᠰᠡᠨ ᠲᠦᠭᠦᠬᠡᠢ ᠡᠳ᠋ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠴᠡᠪᠡᠷ ᠪᠠᠶᠢᠬᠤ ᠶᠢ ᠦᠨᠡᠨᠬᠦ ᠪᠠᠲᠤᠯᠠᠵᠤ᠂ ᠬᠡᠷᠡᠭᠯᠡᠭᠴᠢᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃             ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠵᠠᠰᠠᠯ ᠴᠢᠮᠡᠭ ᠤᠨ ᠡᠳ᠋ ᠤᠨ ᠡᠵᠡᠩᠨᠡᠭᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠤᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠴᠢᠩᠭ᠎ᠠ ᠬᠢᠨᠠᠨ ᠪᠠᠶᠢᠴᠠᠭᠠᠬᠤ ᠪᠠᠷ ᠪᠠᠷᠠᠬᠤ ᠦᠭᠡᠢ᠂ ᠦᠢᠯᠡᠳᠬᠦᠨ ᠤ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠵᠢᠴᠢ ᠦᠢᠯᠡᠳᠬᠦᠨ ᠤ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ ᠢ ᠨᠠᠷᠢᠨ ᠨᠢᠮᠪᠠᠢ ᠬᠢᠨᠠᠨ ᠪᠠᠶᠢᠴᠠᠭᠠᠵᠤ᠂ ᠬᠤᠭᠤᠴᠠᠭ᠎ᠠ ᠬᠡᠲᠦᠷᠡᠭᠰᠡᠨ ᠦᠢᠯᠡᠳᠬᠦᠨ᠂ ᠬᠢᠲᠠᠳ ᠦᠰᠦᠭ ᠤᠨ ᠲᠡᠮᠳᠡᠭ ᠦᠭᠡᠢ᠂ ᠬᠠᠳᠠᠭᠠᠯᠠᠬᠤ ᠨᠥᠬᠦᠴᠡᠯ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠮᠤᠷ ᠲᠦᠪᠰᠢᠨ ᠤ ᠳᠠᠯᠳᠠ ᠭᠡᠮ ᠢ ᠥᠴᠥᠬᠡᠨ ᠴᠦ ᠠᠭᠤᠴᠢᠯᠠᠬᠤ ᠦᠭᠡᠢ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠵᠠᠰᠠᠯ ᠴᠢᠮᠡᠭᠯᠡᠯ ᠤᠨ ᠡᠳ᠋ᠯᠡᠯ ᠤᠨ ᠡᠵᠡᠩᠨᠡᠨ ᠬᠡᠷᠡᠭᠯᠡᠭᠴᠢᠳ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠶᠢᠨ ᠬᠠᠮᠲᠤ ᠰᠢᠮᠳᠠᠭᠤᠯᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠤᠳᠤᠭᠯᠠᠬᠤ ᠳᠥᠷᠦᠯ ᠤᠨ ᠵᠠᠰᠠᠯ ᠴᠢᠮᠡᠭᠯᠡᠯ ᠤᠨ ᠡᠳ᠋ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠲᠤᠪᠠᠷ ᠬᠠᠮᠠᠭᠠᠯᠠᠨ᠎ᠠ᠃            ᠣᠳᠣᠬᠠᠨ ᠪᠣᠯᠲᠠᠯ᠎ᠠ᠂ ᠲᠤᠰᠬᠠᠢ ᠵᠠᠰᠠᠯᠲᠠ ᠶᠢᠨ ᠠᠵᠢᠯᠯᠠᠭ᠎ᠠ ᠨᠢᠭᠡᠨᠲᠡ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 122 ᠬᠥᠮᠥᠨ᠂ 59 ᠡᠵᠡᠩᠨᠡᠯᠲᠡ ᠶᠢᠨ ᠨᠢᠭᠡᠴᠡ ᠳᠤ ᠨᠠᠷᠢᠨ ᠪᠠᠶᠢᠴᠠᠭᠠᠯᠲᠠ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠳᠤᠭᠯᠠᠬᠤ ᠲᠥᠷᠥᠯ ᠤᠨ ᠵᠠᠰᠠᠯ ᠴᠢᠮᠡᠭᠯᠡᠯ ᠤᠨ ᠡᠳ᠋ ᠢ ᠲᠤᠰᠬᠠᠢ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠡᠷᠡᠭᠯᠡᠭᠴᠢ ᠨᠢᠭᠡᠪᠦᠷᠢ ᠶᠢᠨ ᠵᠠᠰᠠᠯ ᠴᠢᠮᠡᠭᠯᠡᠯ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠡᠷᠡᠭᠦᠯ ᠴᠢᠭᠢᠷᠠᠭ᠂ ᠠᠮᠤᠷ ᠲᠦᠪᠰᠢᠨ ᠵᠠᠰᠠᠯ ᠴᠢᠮᠡᠭᠯᠡᠯ ᠤᠨ ᠡᠳ᠋ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号