ᠰᠢᠨ᠎ᠡ ᠤᠷᠤᠯᠳᠤᠭᠠᠨ ᠤ ᠵᠠᠮ ᠢ ᠥᠷᠢᠰᠦᠯᠳᠦᠵᠦ᠂ ᠰᠢᠨ᠎ᠡ ᠬᠥᠳᠡᠯᠭᠡᠭᠴᠢ ᠬᠦᠴᠦᠨ ᠢ ᠬᠥᠮᠥᠵᠢᠭᠦᠯᠦᠨ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/8/12
     8 ᠰᠠᠷ᠎ᠠ ᠶᠢᠨ 8 ᠤ ᠡᠳᠦᠷ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠤᠨ ᠠᠵᠢᠯ ᠡᠬᠢᠯᠡᠭᠦᠯᠬᠦ ᠶᠣᠰᠣᠯᠠᠯ ᠰᠠᠶᠢᠬᠠᠨ ᠲᠣᠭᠤᠷᠢᠭ ᠲᠤ ᠶᠠᠪᠤᠭᠳᠠᠪᠠ᠂ ᠰᠠᠶᠢᠬᠠᠨ ᠲᠣᠭᠤᠷᠢᠭ ᠤᠨ ᠬᠢᠨ ᠢᠷᠡᠭᠡᠳᠦᠢ ᠶᠢᠨ ᠠᠵᠤ ᠦᠢᠯᠡᠰ ᠤᠨ ︽ᠰᠢᠨ᠎ᠡ ᠤᠷᠤᠯᠳᠤᠭᠠᠨ ᠤ ᠵᠠᠮ︾ ᠢ ᠥᠷᠢᠰᠦᠯᠳᠦᠵᠦ᠂ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠭᠳᠠᠭᠰᠠᠨ ᠨᠢ ᠬᠥᠬᠡᠬᠤᠲᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠭᠠᠵᠠᠷ ᠤᠨ ᠲᠡᠮᠳᠡᠭ ᠪᠣᠯᠬᠤ ᠪᠣᠯᠣᠨ᠎ᠠ᠃
    ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠰᠠᠶᠢᠬᠠᠨ ᠲᠣᠭᠤᠷᠢᠭ ᠤᠨ ᠠᠮᠤᠭᠤᠯᠠᠩ ᠬᠤᠶᠢᠲᠤ ᠵᠡᠭᠡᠯᠢ ᠠᠴᠠ ᠬᠤᠶᠢᠰᠢ᠂  ᠶᠢᠨ ᠱᠧᠩ ᠵᠠᠮ ᠠᠴᠠ ᠵᠡᠭᠦᠨᠰᠢ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 15 ᠳ᠋ᠦᠩᠰᠢᠭᠤᠷ ᠲᠥᠭᠦᠷᠢᠭ᠂ ᠲᠥᠯᠥᠪᠵᠢᠭᠦᠯᠦᠭᠰᠡᠨ ᠲᠠᠯᠠᠪᠠᠢ ᠨᠢ 380 ᠮᠦ᠂ ᠪᠠᠷᠢᠯᠭ᠎ᠠ ᠶᠢᠨ ᠲᠠᠯᠠᠪᠠᠢ ᠨᠢ 36 ᠲᠦᠮᠡᠨ ᠲᠡᠭᠰᠢ ᠳᠥᠷᠪᠡᠯᠵᠢᠨ ᠮᠧᠲᠷ᠂ ᠣᠳᠣ ᠪᠠᠶᠢᠭ᠎ᠠ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠭᠠᠰ ᠳᠠᠮᠵᠢᠭᠤᠯᠤᠭᠴᠢ ᠶᠢᠨ ᠦᠢᠯᠡᠳᠬᠦ ᠬᠦᠷᠢᠶᠡᠨ ᠤ ᠢᠵᠢ ᠪᠦᠷᠢᠳᠦᠭᠦᠯᠬᠦ ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠠᠶᠢᠴᠢᠯᠠᠵᠤ᠂ ᠪᠠᠶᠢᠭᠤᠯᠤᠭᠰᠠᠨ ᠤ ᠳᠠᠷᠠᠭ᠎ᠠ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠲᠤ ᠲᠥᠪᠯᠡᠷᠡᠭᠦᠯᠬᠦ ᠣᠷᠣᠨ ᠵᠠᠢ ᠬᠠᠩᠭᠠᠵᠤ᠂ ᠰᠠᠶᠢᠬᠠᠨ ᠲᠣᠭᠤᠷᠢᠭ ᠤᠨ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠥᠷᠢᠰᠦᠯᠳᠦᠭᠡᠨ ᠤ ᠪᠣᠳᠠᠲᠤ ᠬᠦᠴᠦᠨ ᠢ ᠳᠡᠭᠡᠭᠰᠢᠯᠡᠭᠦᠯᠬᠦ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠰᠢᠨ᠎ᠡ ᠪᠠᠷ ᠮᠠᠨᠳᠤᠭᠰᠠᠨ ᠬᠥᠳᠡᠯᠭᠡᠬᠦ ᠬᠦᠴᠦᠨ ᠨᠡᠮᠡᠷᠢᠯᠡᠨ᠎ᠡ᠃         ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠪᠣᠯ ᠤᠯᠤᠰ ᠠᠴᠠ ᠭᠤᠣᠯᠳᠠᠯᠭ᠎ᠠ ᠲᠠᠢ ᠳᠡᠮᠵᠢᠵᠦ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠮᠥᠨ᠃ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠣᠷᠣᠵᠤ ᠰᠠᠭᠤᠭᠰᠠᠨ ᠵᠦᠩ ᠰᠢᠨ ᠹᠦ᠋ ᠱᠧᠩ ᠵᠡᠷᠭᠡ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠲᠤ ︽ᠣᠷᠣᠨ ᠵᠠᠢ︾ ᠶᠢᠨ ᠦᠢᠯᠡᠳᠪᠦᠷᠢᠯᠡᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠵᠦ ᠥᠭᠴᠡᠢ᠃ ᠵᠦᠩ ᠰᠢᠨ ᠹᠦ᠋ ᠱᠧᠩ︵ᠬᠥᠬᠡᠬᠤᠲᠠ︶ ᠳᠡᠭᠡᠳᠦ ᠲᠡᠰ ᠤᠨ ᠪᠢᠲᠡᠭᠦᠮᠵᠢᠯᠡᠨ ᠤᠭᠰᠠᠷᠠᠵᠤ ᠲᠤᠷᠰᠢᠬᠤ ᠴᠢᠳᠠᠯ ᠵᠢᠴᠢ MEMS ᠰᠡᠷᠡᠭᠳᠡᠭᠦᠷ ᠦᠢᠯᠡᠳᠬᠦ ᠲᠦᠷᠦᠯ ᠵᠦᠢᠯ ᠨᠢ 50 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ︾ ᠢ ᠨᠡᠪᠴᠢᠭᠦᠯᠬᠦ ᠪᠠᠷ ᠲᠤᠯᠭᠠᠭᠤᠷᠢᠯᠠᠬᠤ ᠴᠡᠭ ᠪᠣᠯᠭᠠᠵᠤ᠂ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠷ᠎ᠡ᠂ ᠳᠤᠮᠳᠠ᠂ ᠳᠣᠣᠷᠠᠳᠤ ᠤᠷᠤᠰᠬᠠᠯ ᠤᠨ ᠡᠬᠢ ᠪᠠᠶᠠᠯᠢᠭ ᠢ ᠨᠡᠶᠢᠳᠬᠡᠬᠦ ᠪᠠᠷ ᠴᠢᠷᠮᠠᠶᠢᠵᠤ᠂ ᠠᠵᠢᠯ ᠲᠦᠷᠦᠯ ᠤᠨ ᠣᠷᠣᠨ ᠪᠦᠰᠡ ᠶᠢᠨ ᠳᠣᠲᠣᠷᠠᠬᠢ ᠠᠵᠢᠯ ᠤᠨ ᠬᠤᠪᠢᠶᠠᠷᠢᠯᠠᠯ ᠪᠣᠯᠣᠨ ᠬᠠᠮᠲᠤᠷᠠᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ ᠤᠨ ᠴᠤᠭᠯᠠᠷᠠᠯ ᠤᠨ ᠦᠷ᠎ᠡ ᠠᠰᠢᠭ ᠢ ᠪᠠᠳᠠᠷᠠᠭᠤᠯᠵᠤ᠂ ᠣᠷᠴᠢᠨ ᠲᠣᠭᠤᠷᠢᠨ ᠤ ᠰᠢᠯᠢᠳᠡᠭ ᠰᠠᠶᠢᠨ ᠬᠠᠭᠠᠰ ᠳᠠᠮᠵᠢᠭᠤᠯᠤᠭᠴᠢ ᠶᠢᠨ ᠠᠵᠢᠯ ᠲᠦᠷᠦᠯ ᠤᠨ ᠠᠮᠢ ᠠᠬᠤᠢ ᠶᠢᠨ ᠬᠦᠷᠢᠶ᠎ᠡ ᠶᠢ ᠪᠤᠢ ᠪᠣᠯᠭᠠᠨ᠎ᠠ᠃
    ︽ᠵᠢᠰᠢᠯᠳᠠ ᠪᠠᠷ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 70 ᠳ᠋ᠦᠩᠰᠢᠭᠤᠷ ᠠᠴᠠ 100 ᠳ᠋ᠦᠩᠰᠢᠭᠤᠷ ᠬᠦᠷᠬᠦ ᠬᠦᠴᠦᠲᠡᠢ ᠣᠷᠣᠨ ᠵᠠᠢ ᠳᠤ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠣᠲᠣᠭᠠᠳᠤ ᠶᠢᠨ ᠰᠠᠶᠢᠨ ᠣᠷᠴᠢᠯ ᠢ ᠪᠡᠶᠡᠯᠡᠭᠦᠯᠬᠦ ᠪᠠᠷ ᠪᠠᠷᠠᠬᠤ ᠦᠭᠡᠢ᠂ ᠨᠠᠩ ᠴᠤ ᠢᠯᠡᠳᠲᠡ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠬᠥᠭᠵᠢᠭᠡᠵᠦ᠂ ᠥᠪᠥᠷ ᠮᠣᠩᠭᠤᠯ ᠴᠢᠨᠠᠭᠰᠢᠯᠠᠪᠠᠯ ᠪᠥᠬᠦ ᠤᠯᠤᠰ ᠲᠤ ᠬᠠᠮᠤᠭ ᠤᠨ ᠠᠯᠤᠰ ᠬᠡᠲᠦ ᠶᠢᠨ ᠨᠥᠯᠥᠭᠡᠯᠡᠬᠦ ᠬᠦᠴᠦᠨ ᠲᠠᠢ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠭᠠᠷ ᠬᠤᠯᠪᠣᠨ ᠪᠠᠶᠢᠭᠤᠯᠬᠤ ᠪᠣᠯᠣᠨ᠎ᠠ︾  ᠭᠡᠵᠦ ᠵᠦᠩ ᠰᠢᠨ ᠹᠦ ᠰᠦᠨ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢᠦ ᠴᠢᠨ ᠬᠡᠯᠡᠪᠡ᠃          ᠡᠨᠡ ᠵᠢᠯ ᠠᠴᠠ᠂ ᠰᠠᠶᠢᠬᠠᠨ ᠲᠣᠭᠤᠷᠢᠭ  ᠰᠢᠨ᠎ᠡ ᠴᠢᠨᠠᠷ ᠤᠨ ᠦᠢᠯᠡᠳᠪᠦᠷᠢᠯᠡᠯ  ᠤᠨ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠭᠡᠳᠦᠢ ᠶᠢᠨ ᠠᠵᠤ ᠦᠢᠯᠡᠰ  ᠤᠨ  ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠵᠦ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠠᠰᠤᠷᠠᠯᠲᠠ ᠦᠭᠡᠢ ᠠᠬᠢᠭᠤᠯᠵᠤ᠂  ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ‍ᠤᠨ‌ᠠᠪᠤᠴᠠᠯᠳᠤᠯ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ︽ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ᠂ ᠢᠷᠡᠭᠡᠳᠦᠢ ᠶᠢᠨ ᠠᠵᠤ ᠦᠢᠯᠡᠰ ᠤᠨ ᠬᠦᠷᠢᠶᠡᠯᠡᠩ ᠪᠠ ᠲᠤᠰᠬᠠᠢ ᠨᠠᠷᠢᠯᠢᠭ ᠣᠨᠴᠠ ᠰᠢᠨ᠎ᠡ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠲᠤ ᠦᠢᠯᠡᠳᠪᠦᠷᠢ ᠶᠢᠨ ᠲᠠᠰᠤᠭ ᠢ ᠳᠠᠷᠤᠶᠢᠬᠠᠨ ᠡᠬᠢᠯᠡᠨ ᠪᠠᠶᠢᠭᠤᠯᠵᠤ᠂ ᠨᠢᠭᠡ ᠪᠦᠯᠦᠭ ᠴᠠᠬᠢᠮ ᠲᠥᠷᠥᠯ ᠵᠦᠢᠯ᠂ ᠮᠠᠰᠢᠨ ᠬᠥᠮᠥᠨ ᠤ ᠲᠥᠷᠥᠯ ᠵᠦᠢᠯ ᠪᠠ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠲᠥᠷᠥᠯ ᠵᠦᠢᠯ ᠣᠷᠣᠵᠤ ᠰᠠᠭᠤᠨ᠂ ᠬᠠᠮᠢᠶ᠎ᠠ ᠪᠦᠬᠦᠢ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠳᠠᠶᠢᠴᠢᠯᠠᠨ᠎ᠠ︾  ᠭᠡᠵᠦ ᠵᠢᠩ ᠲᠠᠣ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢ ᠶᠦᠩ ᠬᠤᠨ ᠰᠤᠷᠪᠤᠯᠵᠢᠯᠠᠭᠴᠢ ᠳᠤ ᠬᠡᠯᠡᠪᠡ᠃          ᠰᠠᠶᠢᠬᠠᠨ ᠲᠣᠭᠤᠷᠢᠭ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠣᠷᠣᠵᠤ ᠰᠠᠭᠤᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃     ᠢᠷᠡᠯᠲᠡ  ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号