ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠦᠷᠢ ᠶᠢᠨ ᠡᠷᠴᠢᠮ ᠰᠢᠨ᠎ᠡ ᠬᠤᠪᠢᠷᠠᠯᠲᠠ ᠲᠠᠢ
ᠨᠡᠶᠢᠲᠡᠯᠡᠭᠰᠡᠨ ᠴᠠᠭ᠄
2024/8/12
     ᠲᠦᠷᠦᠭᠦᠬᠡᠨ᠂ ᠤᠯᠤᠰ ᠠᠴᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠵᠦ᠂ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠬᠡᠪᠴᠢᠶ᠎ᠡ ᠪᠠ ᠲᠥᠷᠥᠯ ᠵᠦᠢᠯ ᠢ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠨᠥᠬᠦᠪᠦᠷᠢ ᠥᠭᠬᠦ ᠡᠷᠴᠢᠮ ᠢᠶᠠᠨ ᠴᠢᠩᠭᠠᠷᠠᠭᠤᠯᠵᠠᠢ᠃ ᠪᠣᠳᠠᠲᠠᠢ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠤᠢ︖ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠴᠢᠩᠭᠠᠷᠠᠭᠤᠯᠵᠤ ᠨᠡᠩ ᠤᠯᠠᠨ ᠪᠡᠯᠡ ᠮᠥᠩᠭᠦ ᠵᠠᠷᠤᠴᠠᠭᠤᠯᠵᠤ ᠪᠠᠶᠢᠭᠠᠳ ᠬᠡᠷᠡᠭᠯᠡᠭᠴᠢᠳ ᠲᠤ ᠠᠰᠢᠭ ᠬᠦᠷᠲᠡᠭᠡᠨ᠎ᠡ            ᠰᠢᠨ᠎ᠡ ᠨᠢᠭᠡᠨ ᠡᠭᠡᠯᠵᠢ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠦᠴᠦᠯᠡᠨ ᠳᠡᠮᠵᠢᠬᠦ ᠳᠤ ᠭᠤᠷᠪᠠᠨ ᠲᠠᠯ᠎ᠠ ᠪᠠᠷ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠡᠩ ᠲᠡᠷᠢᠭᠦᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠦᠢᠯᠡᠳᠬᠦᠨ ᠤ ᠬᠡᠪᠴᠢᠶ᠎ᠡ ᠶᠢ ᠢᠯᠡᠳᠲᠡ ᠥᠷᠭᠡᠳᠬᠡᠪᠡ᠂ ᠤᠤᠯ ᠤᠨ ᠭᠡᠷ ᠤᠨ ᠴᠠᠬᠢᠯᠭᠠᠨ ᠬᠡᠷᠡᠭᠰᠡᠯ ᠪᠠ ᠮᠠᠰᠢᠨ ᠲᠡᠷᠭᠡ ᠪᠠᠶᠢᠭᠰᠠᠨ ᠠᠴᠠ ᠪᠠᠨ ᠲᠣᠭᠤᠭᠠᠨ ᠭᠡᠷ ᠤᠨ ᠬᠡᠷᠡᠭᠰᠡᠯ ᠢ ᠲᠠᠰ ᠳᠡᠪᠰᠢᠭᠦᠯᠦᠨ ᠥᠭᠡᠷᠡᠴᠢᠯᠡᠬᠦ᠂ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠵᠡᠷᠭᠡ ᠠᠳᠠᠯᠢ ᠪᠤᠰᠤ ᠬᠦᠷᠢᠶ᠎ᠡ ᠴᠠᠷᠠᠭ᠎ᠠ ᠳᠤ ᠬᠦᠷᠲᠡᠯ᠎ᠡ ᠥᠷᠭᠡᠳᠬᠡᠪᠡ᠃ ᠰᠢᠲᠠᠮᠠᠬᠠᠢ ᠬᠡᠢ ᠶᠢᠨ ᠵᠤᠤᠬ᠎ᠠ᠂ ᠤᠲᠤᠭ᠎ᠠ ᠰᠣᠷᠣᠬᠤ ᠮᠠᠰᠢᠨ ᠵᠡᠷᠭᠡ ᠦᠢᠯᠡᠳᠬᠦᠨ ᠢ ᠡᠨᠡ ᠤᠳᠠᠭᠠᠨ ᠤ ᠨᠥᠬᠦᠪᠦᠷᠢ ᠥᠭᠬᠦ ᠬᠡᠪᠴᠢᠶᠡᠨ ᠳᠤ ᠣᠷᠣᠭᠤᠯᠵᠤ᠂ ᠬᠡᠷᠡᠭᠯᠡᠭᠴᠢᠳ ᠤᠨ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠳᠤ ᠨᠡᠩ ᠰᠠᠶᠢᠲᠤᠷ ᠵᠣᠬᠢᠴᠠᠭᠤᠯᠪᠠ᠃            ᠳᠠᠷᠠᠭᠠᠯᠠᠪᠠᠯ᠂ ᠡᠨᠡ ᠤᠳᠠᠭᠠᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠨᠢ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠶᠡᠭᠡ ᠬᠡᠮᠵᠢᠶ᠎ᠡ ᠪᠠᠷ ᠰᠢᠯᠢᠳᠡᠭᠵᠢᠭᠦᠯᠪᠡ᠃ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠣᠷᠣᠨ ᠨᠤᠲᠤᠭ ᠲᠤ ᠰᠢᠭᠤᠳ 1500 ᠳ᠋ᠦᠩᠰᠢᠭᠤᠷ ᠲᠥᠭᠦᠷᠢᠭ ᠣᠷᠴᠢᠮ ᠤᠨ ᠤᠷᠲᠤ ᠬᠤᠭᠤᠴᠠᠭᠠᠨ ᠤ ᠤᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠲᠣᠬᠢᠷᠠᠭᠤᠯᠵᠤ᠂ ᠣᠷᠣᠨ ᠨᠤᠲᠤᠭ ᠤᠨ ᠥᠪᠡᠷ ᠢᠶᠠᠨ ᠡᠵᠡᠨ ᠮᠡᠳᠡᠵᠦ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠡᠮᠵᠢᠪᠡ᠃            ᠡᠭᠦᠨ ᠠᠴᠠ ᠭᠠᠳᠠᠨ᠎ᠠ᠂ ᠡᠨᠡ ᠤᠳᠠᠭᠠᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠳᠦᠷᠤ ᠶᠢᠨ ᠪᠣᠳᠣᠯᠭ᠎ᠠ   ᠨᠢ ᠨᠥᠬᠦᠪᠦᠷᠢ ᠣᠯᠭᠤᠬᠤ ᠡᠷᠴᠢᠮ ᠢ ᠮᠡᠳᠡᠭᠳᠡᠬᠦᠶᠢᠴᠡ ᠳᠡᠭᠡᠭᠰᠢᠯᠡᠭᠦᠯᠵᠡᠢ᠃ ᠵᠢᠱᠢᠶᠡᠯᠡᠪᠡᠯ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠬᠡᠷᠡᠭᠯᠡᠭᠴᠢᠳ ᠬᠤᠶᠠᠳᠤᠭᠠᠷ ᠲᠠᠰ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠶᠢᠨ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤᠨ ᠬᠠᠯᠠᠭᠠᠭᠤᠷ᠂ ᠭᠡᠷ ᠤᠨ ᠬᠡᠷᠡᠭᠯᠡᠭᠡᠨ ᠤ ᠵᠤᠤᠬ᠎ᠠ᠂ ᠤᠲᠤᠭ᠎ᠠ ᠰᠣᠷᠣᠬᠤ ᠮᠠᠰᠢᠨ ᠵᠡᠷᠭᠡ 8 ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ ᠦᠢᠯᠡᠳᠬᠦᠨ ᠤ ᠪᠣᠷᠤᠯᠠᠭᠤᠯᠭ᠎ᠠ ᠶᠢᠨ ᠦᠨ᠎ᠡ ᠶᠢᠨ 15% ᠶᠢᠨ ᠨᠥᠬᠦᠪᠦᠷᠢ ᠣᠯᠭᠤᠵᠤ᠂ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶᠠᠲᠤ ᠦᠢᠯᠡᠳᠬᠦᠨ ᠬᠤᠳᠠᠯᠳᠤᠨ ᠠᠪᠬᠤ ᠳᠤ ᠦᠢᠯᠡᠳᠬᠦᠨ ᠤ ᠪᠣᠷᠤᠯᠠᠭᠤᠯᠭ᠎ᠠ ᠶᠢᠨ ᠦᠨ᠎ᠡ ᠶᠢᠨ 20% ᠶᠢᠨ ᠨᠥᠬᠦᠪᠦᠷᠢ ᠣᠯᠭᠤᠨ᠎ᠠ᠃              ᠱᠠᠩᠬᠠᠢ ᠬᠤᠳᠠ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠳᠤ ᠴᠢᠭᠯᠡᠭᠦᠯᠦᠨ ︽ᠲᠤᠰᠬᠠᠢ ᠦᠢᠯᠡᠴᠢᠯᠡᠭᠡ︾ ᠬᠠᠩᠭᠠᠪᠠ          ᠡᠨᠡ ᠤᠳᠠᠭᠠᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠳᠤ ᠣᠨᠴᠠᠭᠠᠶᠢᠯᠠᠨ ᠳᠤᠷᠠᠳᠤᠭᠰᠠᠨ ᠨᠢ᠂ ᠡᠯ᠎ᠡ ᠭᠠᠵᠠᠷ ᠣᠷᠣᠨ ᠤ ᠬᠠᠭᠤᠴᠢᠨ ᠭᠡᠷ ᠪᠠᠶᠢᠰᠢᠩ ᠢ ᠴᠢᠮᠡᠭᠯᠡᠬᠦ᠂ ᠲᠣᠭᠤᠭᠠᠨ ᠭᠡᠷ᠂ ᠡᠷᠡᠭᠦᠯ ᠬᠠᠮᠠᠭᠠᠯᠠᠯ ᠤᠨ ᠲᠠᠰᠤᠯᠭ᠎ᠠ ᠵᠡᠷᠭᠡ ᠶᠢ ᠬᠡᠰᠡᠭ ᠲᠠᠯ᠎ᠠ ᠪᠠᠷ ᠥᠭᠡᠷᠡᠴᠢᠯᠡᠬᠦ᠂ ᠭᠡᠷ ᠲᠡᠭᠡᠨ ᠰᠠᠭᠤᠬᠤ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠶᠢᠨ ᠬᠡᠷᠡᠭᠯᠡᠭᠡᠨ ᠤ ᠡᠳ᠋ ᠪᠣᠳᠠᠰ ᠪᠠ ᠮᠠᠲ᠋ᠧᠷᠢᠶᠠᠯ ᠬᠤᠳᠠᠯᠳᠤᠨ ᠠᠪᠬᠤ ᠶᠢ ᠭᠤᠣᠯᠳᠠᠯᠭ᠎ᠠ ᠲᠠᠢ ᠳᠡᠮᠵᠢᠵᠦ᠂ ᠣᠶᠤᠨᠴᠢ ᠭᠡᠷ ᠤᠨ ᠬᠡᠷᠡᠭᠰᠡᠯ ᠤᠨ ᠬᠡᠷᠡᠭᠯᠡᠭᠡ ᠵᠡᠷᠭᠡ ᠶᠢ ᠠᠬᠢᠭᠤᠯᠤᠨ᠎ᠠ ᠭᠡᠵᠡᠢ᠃            ᠣᠳᠣᠬᠠᠨ ᠳᠤ᠂ ᠱᠠᠩᠬᠠᠢ ᠠᠴᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠳᠤ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠭᠡᠷ ᠲᠡᠭᠡᠨ ᠰᠠᠭᠤᠬᠤ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠶᠢᠨ ︽ᠦᠢᠯᠡᠳᠬᠦᠨ︾ ᠭᠠᠷᠭᠠᠵᠤ᠂ ᠨᠠᠰᠤᠲᠠᠶᠢᠴᠤᠳ ᠠᠴᠠ ᠣᠯᠠᠨ ᠵᠦᠢᠯ ᠤᠨ ᠦᠢᠯᠡᠳᠬᠦᠨ ᠳᠤ ᠰᠣᠩᠭᠤᠯᠲᠠ ᠬᠢᠵᠦ ᠪᠣᠯᠣᠨ᠎ᠠ᠂ ᠵᠠᠰᠠᠭ ᠤᠨ ᠣᠷᠳᠣᠨ ᠠᠴᠠ ᠡᠷᠦᠬᠡ ᠪᠦᠷᠢ ᠳᠤ ᠬᠠᠮᠤᠭ ᠤᠨ ᠥᠨᠳᠥᠷ ᠳᠡᠭᠡᠨ 3000 ᠲᠥᠭᠦᠷᠢᠭ ᠤᠨ ᠨᠥᠬᠦᠪᠦᠷᠢ ᠣᠯᠭᠤᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ ᠥᠭᠡᠷᠡᠴᠢᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃            ᠱᠠᠩᠬᠠᠢ ᠶᠢᠨ ᠰᠢᠦᠢ ᠾᠦᠢ  ᠲᠣᠭᠤᠷᠢᠭ ᠲᠤ ᠰᠠᠭᠤᠭ᠎ᠠ ᠯᠢᠦ ᠡᠪᠦᠭᠡ ᠪᠣᠯᠣᠨ ᠳ᠋ᠦᠩ ᠡᠮᠡᠭᠡ ᠴᠥᠮ 90 ᠨᠠᠰᠤᠲᠠᠢ᠂ ᠭᠡᠷ ᠤᠨ ᠠᠷᠢᠭᠤᠨ ᠴᠡᠪᠡᠷ ᠤᠨ ᠲᠠᠰᠤᠯᠭ᠎ᠠ  ᠶᠢᠨ ᠱᠠᠯᠠ ᠨᠢ ᠬᠠᠯᠲᠤᠷᠢᠭ᠎ᠠ ᠶᠡᠬᠡᠲᠡᠢ ᠮᠥᠷᠲᠡᠭᠡᠨ ᠡᠭᠦᠳᠡᠨ ᠪᠣᠱᠤᠭ᠎ᠠ ᠨᠢ 30 ᠰᠠᠨᠲ᠋ᠢᠮᠧᠲᠷ ᠥᠨᠳᠥᠷ ᠪᠠᠶᠢᠳᠠᠭ᠃ ᠳ᠋ᠦᠩ ᠡᠮᠡᠭᠡ 2016 ᠣᠨ ᠳᠤ ᠮᠡᠰᠡ ᠵᠠᠰᠠᠯ ᠬᠢᠭᠰᠡᠨ ᠤ ᠳᠠᠷᠠᠭ᠎ᠠ ᠡᠭᠦᠳᠡᠨ ᠪᠣᠱᠤᠭ᠎ᠠ ᠢᠶᠠᠷ ᠣᠷᠣᠵᠤ ᠭᠠᠷᠬᠤ ᠳᠤ ᠲᠦᠭᠦᠮ ᠦᠭᠡᠢ ᠪᠣᠯᠵᠠᠢ᠃            ᠬᠤᠶᠠᠷ ᠨᠠᠰᠤᠲᠠᠨ ᠤ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠱᠠᠩᠬᠠᠢ ᠬᠤᠲᠠ ᠶᠢᠨ ᠰᠢᠦᠢ ᠾᠦᠢ ᠲᠣᠭᠤᠷᠢᠭ ᠤᠨ ᠹᠧᠩ ᠯᠢᠨ ᠵᠡᠭᠡᠯᠢ ᠭᠤᠳᠤᠮᠵᠢ ᠶᠢᠨ ᠬᠢᠨ ᠨᠠᠰᠤᠲᠠᠨ ᠤ ᠪᠡᠶ᠎ᠡ ᠶᠢᠨ ᠪᠠᠶᠢᠳᠠᠯ᠂ ᠣᠷᠣᠨ ᠰᠠᠭᠤᠴᠠ ᠶᠢᠨ ᠣᠷᠴᠢᠨ ᠲᠣᠭᠤᠷᠢᠨ᠂ ᠠᠮᠤᠷ ᠲᠦᠪᠰᠢᠨ ᠤ ᠬᠡᠷᠡᠭᠴᠡᠭᠡ ᠲᠠᠢ ᠤᠶᠠᠯᠳᠤᠭᠤᠯᠤᠨ᠂ 9900 ᠲᠥᠭᠦᠷᠢᠭ ᠵᠠᠷᠤᠴᠠᠭᠤᠯᠵᠤ᠂ ᠨᠠᠰᠤᠲᠠᠨ ᠤ ᠰᠦᠷᠴᠢᠭᠦᠷ ᠤᠬᠢᠶᠠᠯᠭ᠎ᠠ ᠶᠢᠨ ᠥᠷᠥᠭᠡ ᠶᠢ ᠥᠭᠡᠷᠡᠴᠢᠯᠡᠨ ᠵᠠᠰᠠᠵᠤ᠂ ᠵᠠᠰᠠᠭ ᠤᠨ ᠣᠷᠳᠣᠨ ᠠᠴᠠ 3000 ᠲᠥᠭᠦᠷᠢᠭ ᠤᠨ ᠨᠥᠬᠦᠪᠦᠷᠢ ᠥᠭᠴᠦ᠂ ᠨᠠᠰᠤᠲᠠᠨ ᠥᠪᠡᠷ ᠢᠶᠠᠨ 6000 ᠲᠥᠭᠦᠷᠢᠭ ᠣᠷᠴᠢᠮ ᠵᠠᠷᠤᠴᠠᠭᠤᠯᠵᠤ᠂ ᠱᠠᠯᠠ ᠳᠤᠨᠢ ᠭᠤᠯᠭᠤᠬᠤ ᠠᠴᠠ ᠰᠡᠷᠭᠡᠶᠢᠯᠡᠬᠦ ᠱᠠᠭᠠᠵᠠᠩ ᠲᠤᠭᠤᠰᠬ᠎ᠠ ᠳᠡᠪᠢᠰᠴᠦ᠂ ᠬᠠᠨ᠎ᠠ  ᠳᠤᠨᠢ ᠲᠦᠰᠢᠭᠦᠷᠢ ᠶᠢ ᠨᠡᠮᠡᠵᠦ ᠥᠭᠪᠡ᠃ ᠡᠨᠡ ᠤᠳᠠᠭᠠᠨ ᠤ ᠥᠭᠡᠷᠡᠴᠢᠯᠡᠯᠲᠡ ᠳᠤ᠂ ᠬᠤᠶᠠᠷ ᠨᠠᠰᠤᠲᠠᠨ ᠲᠣᠭᠤᠭᠠᠨ ᠭᠡᠷ ᠪᠠ ᠪᠡᠶ᠎ᠡ ᠤᠬᠢᠶᠠᠬᠤ ᠲᠠᠰᠤᠯᠭ᠎ᠠ ᠶᠢᠨ ᠴᠣᠩᠬᠤ ᠪᠠᠨ ᠪᠦᠬᠦᠨ ᠢ ᠰᠣᠯᠢᠪᠠ᠃          ᠣᠶᠢᠯᠠᠭᠠᠭᠰᠠᠨ ᠢᠶᠠᠷ᠂ ᠱᠠᠩᠬᠠᠢ ᠬᠤᠳᠠ ᠪᠦᠬᠦᠯᠢ 60 ᠨᠠᠰᠤ ᠬᠦᠷᠦᠭᠰᠡᠨ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠨᠠᠰᠤᠵᠢᠯᠲᠠ ᠶᠢᠨ ᠥᠭᠡᠷᠡᠴᠢᠯᠡᠯᠲᠡ ᠶᠢᠨ ᠨᠥᠬᠦᠪᠦᠷᠢ ᠬᠠᠩᠭᠠᠵᠤ᠂ ᠡᠷᠦᠬᠡ ᠪᠦᠷᠢ ᠳᠤ ᠬᠠᠮᠤᠭ ᠤᠨ ᠥᠨᠳᠥᠷ ᠳᠡᠭᠡᠨ 3000 ᠲᠥᠭᠦᠷᠢᠭ ᠨᠥᠬᠦᠪᠦᠷᠢ ᠣᠯᠭᠤᠨ᠎ᠠ᠂ ᠨᠠᠰᠤᠲᠠᠶᠢᠴᠤᠳ ᠰᠠᠭᠤᠭᠠᠯᠢ ᠠᠷᠠᠳ ᠤᠨ ᠵᠥᠪᠯᠡᠯ ᠳᠤ ᠬᠦᠷᠴᠦ ᠭᠤᠶᠤᠴᠢᠯᠠᠪᠠᠯ᠂ ᠰᠠᠭᠤᠭᠠᠯᠢ ᠠᠷᠠᠳ ᠤᠨ ᠵᠥᠪᠯᠡᠯ ᠨᠢ ᠭᠤᠷᠪᠠᠳᠠᠭᠢ ᠡᠲᠡᠭᠡᠳ ᠲᠠᠢ ᠬᠠᠮᠲᠤᠷᠠᠨ ᠨᠢᠭᠡ ᠥᠷᠲᠡᠭᠡ ᠮᠠᠶ᠋ᠢᠭ ᠤᠨ ᠰᠢᠰᠲ᠋ᠧᠮᠲᠦ ᠴᠢᠨᠠᠷᠲᠠᠢ ᠥᠭᠡᠷᠡᠴᠢᠯᠡᠬᠦ ᠲᠥᠰᠥᠯ ᠬᠠᠩᠭᠠᠨ᠎ᠠ᠂ ᠡᠭᠦᠨ ᠳᠤ ᠰᠠᠭᠤᠷᠢ ᠦᠢᠯᠡᠳᠬᠦᠨ ᠤ ᠦᠢᠯᠡᠴᠢᠯᠡᠭᠡ᠂ ᠲᠤᠰᠬᠠᠢ ᠵᠦᠢᠯ ᠤᠨ ᠦᠢᠯᠡᠳᠬᠦᠨ ᠤ ᠦᠢᠯᠡᠴᠢᠯᠡᠭᠡ᠂ ᠥᠪᠡᠷᠮᠢᠴᠡ ᠴᠢᠨᠠᠷᠲᠠᠢ ᠦᠢᠯᠡᠳᠬᠦᠨ ᠤ ᠦᠢᠯᠡᠴᠢᠯᠡᠭᠡ ᠵᠡᠷᠭᠡ ᠣᠯᠠᠨ ᠵᠦᠢᠯ ᠤᠨ ᠢᠵᠢ ᠦᠢᠯᠡᠴᠢᠯᠡᠭᠡ ᠪᠠᠭᠲᠠᠨ᠎ᠠ᠂ ᠦᠢᠯᠡᠴᠢᠯᠡᠭᠡᠨ ᠤ ᠬᠥᠮᠥᠷᠭᠡ ᠳᠤ 9 ᠶᠡᠭᠡ ᠲᠥᠷᠥᠯ ᠵᠦᠢᠯ᠂ 400 ᠰᠢᠬᠠᠮ ᠦᠢᠯᠡᠳᠬᠦᠨ ᠢ ᠪᠠᠭᠲᠠᠭᠠᠵᠤ᠂ ᠨᠠᠰᠤᠲᠠᠶᠢᠴᠤᠳ ᠬᠡᠷᠡᠭᠴᠡᠭᠡ ᠪᠠᠨ ᠦᠨᠳᠦᠰᠦᠯᠡᠨ ᠰᠣᠩᠭᠤᠵᠤ ᠪᠣᠯᠣᠨ᠎ᠠ᠃            ᠱᠠᠩᠬᠠᠢ ᠬᠤᠲᠠ ᠶᠢᠨ ᠰᠢᠦᠢ ᠾᠦᠢ ᠲᠣᠭᠤᠷᠢᠭ ᠤᠨ ᠹᠧᠩ ᠯᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠦ ᠢᠦᠢ ᠢᠦᠢ᠄ ᠮᠠᠨ ᠤ ᠰᠠᠭᠤᠭᠠᠯᠢ ᠠᠷᠠᠳ ᠤᠨ ᠵᠥᠪᠯᠡᠯ ᠠᠴᠠ ᠨᠠᠰᠤᠲᠠᠶᠢᠴᠤᠳ ᠲᠤ ᠢᠵᠢ ᠦᠢᠯᠡᠴᠢᠯᠡᠭᠡ ᠶᠢᠨ ᠭᠤᠶᠤᠴᠢᠯᠠᠯ ᠢ ᠬᠠᠪᠰᠤᠷᠤᠨ ᠰᠢᠢᠳᠪᠦᠷᠢᠯᠡᠵᠦ ᠥᠭᠭᠦᠨ᠎ᠡ᠂ ᠭᠤᠷᠪᠠᠳᠠᠭᠢ ᠡᠲᠡᠭᠡᠳ ᠭᠡᠷ ᠲᠤᠨᠢ ᠬᠦᠷᠴᠦ ᠦᠨᠡᠯᠡᠯᠲᠡ ᠬᠢᠵᠦ᠂ ᠬᠠᠮᠤᠭ ᠰᠡᠭᠦᠯ ᠳᠤᠨᠢ ᠭᠡᠷ᠎ᠡ ᠲᠣᠭᠲᠠᠬᠤ ᠵᠢᠴᠢ ︽ᠦᠢᠯᠡᠳᠬᠦᠨ︾ ᠳᠤ ᠬᠦᠷᠳᠡᠯ᠎ᠡ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠢ ᠬᠠᠪᠰᠤᠷᠤᠨ ᠨᠥᠬᠦᠪᠦᠷᠢ ᠭᠤᠶᠤᠴᠢᠯᠠᠬᠤ ᠵᠡᠷᠭᠡ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠨ᠎ᠠ ᠭᠡᠵᠦ ᠬᠡᠯᠡᠪᠡ᠃      ᠣᠶᠢᠯᠠᠭᠠᠭᠰᠠᠨ ᠢᠶᠠᠷ᠂ ᠡᠨᠡ ᠵᠢᠯ ᠱᠠᠩᠬᠠᠢ ᠬᠤᠳᠠ ᠶᠢᠨ 6000 ᠡᠷᠦᠬᠡ ᠭᠡᠷ ᠪᠦᠯᠢ ᠳᠤ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠲᠦᠯᠬᠢᠨ ᠠᠬᠢᠭᠤᠯᠵᠤ᠂ ᠨᠢᠳᠤᠨᠤᠨ ᠤ ᠬᠢ ᠠᠴᠠ 20% ᠪᠠᠷ ᠨᠡᠮᠡᠭᠳᠡᠵᠡᠢ᠂ ᠣᠳᠣᠬᠠᠨ ᠳᠤ ᠨᠢᠭᠡᠨᠲᠡ 5000 ᠡᠷᠦᠬᠡ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠵᠡᠢ᠃ ᠵᠠᠯᠭᠠᠭᠠᠳ ᠪᠠᠰᠠ ᠨᠠᠰᠤᠲᠠᠶᠢᠴᠤᠳ ᠤᠨ ᠠᠳᠠᠯᠢ ᠪᠤᠰᠤ ᠣᠷᠣᠨ ᠰᠠᠭᠤᠴᠠ ᠶᠢᠨ ᠣᠷᠴᠢᠨ ᠲᠣᠭᠤᠷᠢᠨ᠂ ᠠᠳᠠᠯᠢ ᠪᠤᠰᠤ ᠪᠡᠶ᠎ᠡ ᠮᠠᠬᠠᠪᠤᠳ ᠤᠨ ᠣᠨᠴᠠᠯᠢᠭ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠦᠢᠯᠡᠳᠬᠦᠨ ᠪᠠ ᠦᠢᠯᠡᠳᠬᠦᠨ ᠤ ᠨᠠᠷᠢᠨ ᠬᠠᠭᠤᠳᠠᠰᠤ ᠶᠢ ᠦᠷᠭᠦᠯᠵᠢᠯᠡᠨ ᠪᠠᠶᠠᠯᠢᠭᠵᠢᠭᠤᠯᠵᠤ᠂ 2025 ᠣᠨ ᠪᠤᠯᠳᠠᠯ᠎ᠠ᠂ ᠦᠢᠯᠡᠳᠬᠦᠨ ᠤ ᠨᠠᠷᠢᠨ ᠬᠠᠭᠤᠳᠠᠰᠤ ᠶᠢ ᠵᠢᠱᠢᠯᠲᠡ ᠪᠠᠷ 500 ᠵᠦᠢᠯ ᠳᠤ ᠬᠦᠷᠭᠡᠬᠦ ᠪᠣᠯᠣᠨ᠎ᠠ᠃           ︽ᠬᠤᠭᠤᠴᠢᠨ ᠢᠶᠠᠷ ᠰᠢᠨ᠎ᠡ ᠶᠢ ᠰᠣᠯᠢᠬᠤ︾ ᠨᠢ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠪᠤᠢ ᠪᠣᠯᠭᠠᠪᠠ                  ᠬᠠᠭᠤᠴᠢᠨ ᠢᠶᠠᠷ ᠰᠢᠨ᠎ᠡ ᠰᠣᠯᠢᠬᠤ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠶᠢ ᠳᠠᠭᠠᠯᠳᠤᠨ᠂ ᠡᠯ᠎ᠡ ᠲᠣᠮᠣ ᠠᠵᠤ ᠠᠬᠤᠶᠢᠯᠠᠯ ᠵᠢᠴᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠪᠴᠠᠩ ᠳᠤ ᠴᠥᠮ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠦᠵᠡᠭᠦᠯᠵᠦ ᠬᠡᠷᠡᠭᠯᠡᠭᠴᠢᠳ ᠤᠨ ᠠᠩᠬᠠᠷᠤᠯ ᠢ ᠲᠠᠲᠠᠪᠠ᠂ ᠭᠤᠣᠯᠳᠠᠭᠤ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠬᠡᠷᠡᠭᠰᠡᠯ ᠤᠨ ᠪᠦᠲᠦᠭᠡᠭᠳᠡᠬᠦᠨ ᠤ   ᠪᠣᠷᠣᠯᠠᠭᠤᠯᠤᠯᠲᠠ  ᠶᠢᠨ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃            ᠣᠶᠢᠷ᠎ᠠ ᠳᠤ᠂ ᠴᠧᠩᠳᠦ᠋ ᠬᠤᠲᠠ ᠶᠢᠨ ᠬᠡᠰᠡᠭ ᠭᠡᠷ ᠤᠨ ᠡᠳ᠋ᠯᠡᠯ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠬᠤᠯᠪᠤᠭᠠᠯᠠᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠥᠷᠨᠢᠭᠦᠯᠵᠡᠢ᠃            ᠪᠦᠬᠦᠯᠢ ᠴᠣᠭᠴᠠ ᠪᠠᠷ ᠨᠢ ᠬᠠᠷᠠᠭᠠᠯᠵᠠᠯ ᠦᠵᠡᠭᠦᠯᠬᠦ ᠠᠴᠠ ᠭᠠᠳᠠᠨ᠎ᠠ᠂ ᠴᠧᠩᠳᠦ᠋ ᠬᠤᠲᠠ ᠶᠢᠨ ᠵᠠᠷᠢᠮ ᠬᠤᠳᠠᠯᠳᠤᠭᠠᠨ ᠤ ᠲᠠᠯᠠᠪᠠᠢ ᠪᠠᠰᠠ ᠲᠤᠰᠬᠠᠶᠢᠯᠠᠨ ᠭᠡᠷ ᠤᠨ ᠴᠠᠬᠢᠯᠭᠠᠨ ᠬᠡᠷᠡᠭᠰᠡᠯ ᠢ ᠬᠤᠷᠢᠶᠠᠨ ᠠᠪᠬᠤ ᠲᠣᠣᠷ ᠴᠡᠭ ᠭᠠᠷᠭᠠᠵᠤ᠂ ᠨᠢᠭᠡ ᠯᠡ ᠥᠷᠲᠡᠭᠡᠨ ᠤ ᠮᠠᠶ᠋ᠢᠭ ᠤᠨ ᠵᠠᠰᠠᠨ ᠴᠢᠮᠡᠭᠯᠡᠬᠦ ᠦᠢᠯᠡᠴᠢᠯᠡᠭᠡ ᠭᠠᠷᠭᠠᠵᠤ᠂ ᠵᠢᠷᠤᠵᠤ ᠲᠥᠯᠥᠪᠯᠡᠬᠦ᠂ ᠵᠠᠰᠠᠵᠤ ᠴᠢᠮᠡᠭᠯᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠪᠦᠬᠦ ᠶᠠᠪᠤᠴᠠ ᠶᠢ ᠬᠠᠮᠤᠷᠴᠤ᠂ ᠬᠡᠷᠡᠭᠯᠡᠭᠴᠢᠳ ᠢ ᠢᠯᠡᠭᠦᠦ ᠪᠣᠳᠠᠲᠤ ᠠᠰᠢᠭ ᠬᠦᠷᠲᠡᠭᠡᠵᠦ ᠳᠤᠲᠠᠭᠤ ᠭᠦᠶᠦᠯᠭᠡᠬᠦ ᠪᠣᠯᠵᠠᠢ᠃            ᠭᠡᠷ ᠤᠨ ᠴᠢᠮᠡᠭᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥᠯ ᠵᠦᠢᠯ ᠤᠨ ᠬᠠᠷᠢᠭᠤᠴᠠᠯᠭᠠᠲᠠᠨ ᠰᠦ᠋ ᠸᠧᠨ ᠲᠢᠩ᠄ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠳᠠᠪᠬᠤᠷ ᠨᠥᠬᠦᠪᠦᠷᠢ ᠥᠭᠬᠦ ᠵᠠᠭᠪᠤᠷ ᠢ ᠬᠡᠷᠡᠭᠯᠡᠵᠦ᠂ ᠬᠡᠷᠡᠭᠯᠡᠭᠴᠢᠳ ᠲᠤ ᠨᠢᠭᠡ ᠯᠡ ᠥᠷᠲᠡᠭᠡᠨ ᠤ ᠮᠠᠶ᠋ᠢᠭ ᠤᠨ ᠵᠠᠰᠠᠯ ᠴᠢᠮᠡᠭᠯᠡᠯ ᠤᠨ ᠣᠶᠢᠯᠠᠭᠠᠯᠲᠠ ᠬᠠᠩᠭᠠᠬᠤ  ᠶᠢᠨ ᠬᠠᠮᠲᠤ ᠪᠠᠰᠠ ᠬᠠᠮᠤᠭ ᠤᠨ ᠰᠠᠶᠢᠨ ᠬᠠᠷᠠᠭᠠᠯᠵᠠᠯ ᠬᠦᠷᠲᠡᠭᠡᠬᠦ ᠵᠠᠰᠠᠭ ᠠᠵᠤ ᠠᠬᠤᠶᠢᠯᠠᠯ ᠤᠨ ᠬᠤᠣᠰ ᠨᠥᠬᠦᠪᠦᠷᠢ  ᠶᠢ ᠬᠦᠷᠲᠡᠭᠡᠨ᠎ᠡ᠃          ᠭᠡᠷ ᠤᠨ ᠴᠢᠮᠡᠭᠯᠡᠯ ᠤᠨ ᠬᠤᠳᠠᠯᠳᠤᠭᠠᠨ ᠤ ᠲᠠᠯᠠᠪᠠᠢ ᠢᠳᠡᠪᠬᠢᠲᠡᠢ ᠤᠷᠤᠯᠴᠠᠭᠰᠠᠨ ᠢᠶᠠᠷ ᠪᠠᠷᠠᠬᠤ ᠦᠭᠡᠢ᠂ ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠴᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠰᠦᠯᠵᠢᠶᠡᠨ ᠭᠠᠳᠠᠨ᠎ᠠ ᠬᠦᠷᠲᠡᠯ᠎ᠡ ᠥᠷᠭᠡᠳᠬᠡᠪᠡ᠃ ᠴᠦᠩᠴᠢᠩ ᠬᠤᠲᠠ ᠶᠢᠨ ᠲᠣᠭᠤᠷᠢᠭ ᠲᠤ ᠪᠠᠶᠢᠭ᠎ᠠ ᠡᠯᠧᠺᠲᠷᠣᠨ ᠬᠤᠳᠠᠯᠳᠤᠭᠠᠨ ᠤ ᠰᠦᠯᠵᠢᠶᠡᠨ ᠭᠠᠳᠠᠨᠠᠬᠢ ᠳᠡᠯᠭᠡᠭᠦᠷ ᠨᠢ ᠬᠠᠭᠤᠴᠢᠨ ᠢᠶᠠᠷ ᠰᠢᠨ᠎ᠡ ᠶᠢ  ᠰᠣᠯᠢᠬᠤ ᠳᠤ 20% ᠶᠢᠨ ᠨᠥᠬᠦᠪᠦᠷᠢ ᠣᠯᠭᠤᠬᠤ ᠵᠢᠴᠢ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠤᠪᠠᠯ ︽ᠬᠤᠶᠠᠷ ᠠᠪᠤᠪᠠᠯ ᠨᠢᠭᠡ ᠶᠢ ᠬᠦᠷᠭᠡᠬᠦ︾ ᠵᠡᠷᠭᠡ ᠰᠢᠷᠢᠰ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠪᠡ᠃           ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠤᠯᠤᠰ ᠤᠨ ᠰᠦᠯᠵᠢᠶᠡᠨ ᠳᠠᠬᠢ ᠵᠢᠵᠢᠭᠯᠡᠨ ᠬᠤᠳᠠᠯᠳᠤᠭᠰᠠᠨ ᠲᠤᠭ᠎ᠠ ᠨᠢ 7.1 ᠲᠦᠮᠡᠨ ᠳ᠋ᠦᠩᠰᠢᠭᠤᠷ ᠲᠥᠭᠦᠷᠢᠭ ᠬᠦᠷᠴᠦ᠂ 9. 8% ᠪᠠᠷ ᠨᠡᠮᠡᠭᠳᠡᠵᠡᠢ᠃ ᠲᠣᠭᠠᠴᠢᠯᠠᠭᠰᠠᠨ ᠲᠠᠸᠠᠷ᠂ ᠦᠢᠯᠡᠴᠢᠯᠡᠭᠡ᠂ ᠬᠡᠷᠡᠭᠯᠡᠭᠡ ᠶᠢᠨ ᠬᠠᠭᠤᠴᠢᠨ ᠢᠶᠠᠷ ᠰᠢᠨ᠎ᠡ ᠶᠢ   ᠰᠣᠯᠢᠬᠤ ᠰᠢᠨ᠎ᠡ ᠥᠰᠦᠯᠲᠡ ᠶᠢᠨ ᠴᠡᠭ ᠪᠣᠯᠵᠠᠢ᠃ ᠡᠭᠦᠨ ᠳᠤ᠂ ᠡᠯᠧᠺᠲᠷᠣᠨ ᠬᠤᠳᠠᠯᠳᠤᠭᠠᠨ ᠤ ᠲᠠᠪᠴᠠᠩ ᠣᠯᠠᠨ ᠡᠰᠢᠵᠢᠨ ᠬᠠᠮᠵᠢᠯᠴᠠᠵᠤ᠂ 40 ᠭᠠᠷᠤᠢ ᠲᠦᠮᠡᠨ ᠵᠦᠢᠯ ᠤᠨ ᠲᠠᠸᠠᠷ ᠢ ᠬᠠᠭᠤᠴᠢᠨ ᠢᠶᠠᠷ ᠰᠢᠨ᠎ᠡ ᠶᠢ ᠰᠣᠯᠢᠬᠤ᠂ 300 ᠭᠠᠷᠤᠢ ᠲᠥᠷᠥᠯ ᠵᠦᠢᠯ ᠢ ᠵᠡᠷᠭᠡ ᠪᠠᠷ ᠬᠤᠷᠢᠶᠠᠨ ᠠᠪᠬᠤ ᠶᠢ ᠳᠡᠮᠵᠢᠵᠦ᠂ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠭᠠᠷ ᠤᠲᠠᠰᠤ ᠪᠠ ᠲᠧᠯᠸᠢᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠢ ᠲᠤᠰ ᠪᠦᠷᠢ 82. 1%᠂ 70.4%᠂ 63.9% ᠪᠠ 54.3% ᠪᠠᠷ ᠨᠡᠮᠡᠭᠳᠡᠪᠡ᠃            ᠡᠯᠧᠺᠲᠷᠣᠨ ᠬᠤᠳᠠᠯᠳᠤᠭᠠᠨ ᠤ ᠲᠠᠪᠴᠠᠩ ᠤᠨ ᠴᠦᠩᠴᠢᠩ ᠤᠨ ᠰᠦᠯᠵᠢᠶᠡᠨ ᠭᠠᠳᠠᠨᠠᠬᠢ ᠳᠡᠯᠭᠡᠭᠦᠷ ᠤᠨ ᠳᠠᠷᠤᠭ᠎ᠠ ᠰᠦᠨ ᠵᠢᠶᠠᠨ᠄ ᠡᠨᠡ ᠵᠢᠯ ᠤᠨ ︽618︾ ᠤ ᠬᠤᠭᠤᠴᠠᠭᠠᠨ ᠳᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ 700 ᠭᠠᠷᠤᠢ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠬᠡᠷᠡᠭᠰᠡᠯ ᠤᠨ ᠨᠠᠷᠠᠲᠤ ᠲᠡᠮᠳᠡᠭᠲᠦ ᠶᠢᠨ ᠠᠷᠠᠯᠵᠢᠶ᠎ᠠ ᠶᠢᠨ ᠪᠦᠲᠦᠭᠰᠡᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 100 % ᠪᠠᠷ ᠨᠡᠮᠡᠭᠳᠡᠪᠡ᠃ ᠡᠭᠦᠨ ᠳᠤ ᠠᠭᠠᠷ ᠲᠣᠬᠢᠷᠠᠭᠤᠯᠤᠭᠴᠢ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠠᠷᠠᠯᠵᠢᠶ᠎ᠠ ᠶᠢᠨ ᠪᠦᠲᠦᠭᠰᠡᠨ ᠬᠡᠮᠵᠢᠶ᠎ᠡ ᠨᠢ ᠬᠠᠮᠤᠭ ᠥᠨᠳᠥᠷ ᠪᠠᠶᠢᠵᠤ᠂ ᠨᠡᠮᠡᠭᠳᠡᠯ ᠤᠨ ᠬᠠᠷᠢᠴᠠᠯ ᠨᠢ 200% ᠢ ᠳᠠᠪᠠᠭᠰᠠᠨ ᠪᠠᠶᠢᠨ᠎ᠠ ᠭᠡᠵᠡᠢ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号