ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/13
ᠬᠥᠬᠡᠬᠤᠲᠠ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ   ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄            ᠡᠳᠦᠭᠡ ︽ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                           2024 ᠣᠨ ᠤ 6 ᠳ᠋ᠤᠭᠠᠷ ᠰᠠᠷ᠎ᠠ ᠶᠢᠨ 12 ᠤᠨ ᠡᠳᠦᠷ                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶   ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ        ᠨᠢᠭᠡᠳᠦᠭᠡᠷ ᠪᠦᠯᠦᠭ ᠶᠡᠷᠦᠩᠬᠡᠢ ᠳᠦᠷᠢᠮ            ᠨᠢᠭᠡᠳᠦᠭᠡᠷ ᠵᠦᠢᠯ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠤᠨ᠂ ᠪᠥᠬᠦ ᠬᠤᠲᠠ ᠶᠢᠨ ᠤᠰᠤᠨ ᠤ ᠠᠶᠤᠯᠭᠦᠢ ᠶᠢ ᠪᠠᠲᠤᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ︽ᠤᠰᠤ ᠶᠢ ᠠᠷᠪᠢᠯᠠᠨ ᠬᠡᠷᠡᠭᠯᠡᠬᠦ ᠳᠦᠷᠢᠮ︾ ᠵᠡᠷᠭᠡ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ ᠲᠤᠰ ᠠᠷᠭ᠎ᠠ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ᠂ ᠤᠰᠤ ᠶᠢ ᠠᠷᠪᠢᠯᠠᠵᠤ ᠬᠡᠷᠡᠭᠯᠡᠬᠦ ᠪᠠ ᠳᠠᠬᠢᠯᠲᠠ ᠤᠰᠤ ᠶᠢ ᠠᠰᠢᠭᠯᠠᠬᠤ ᠳᠤ ᠲᠣᠬᠢᠷᠠᠨ᠎ᠠ᠃            ᠭᠤᠷᠪᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠳᠤ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠦᠷᠭᠦᠯᠵᠢᠯᠡᠨ ᠠᠰᠢᠭᠯᠠᠬᠤ ᠶᠢ ᠪᠠᠲᠤᠯᠠᠨ᠎ᠠ᠃            ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠵᠢᠴᠢ ᠤᠰᠤ ᠶᠢ ᠠᠷᠪᠢᠯᠠᠵᠤ ᠬᠡᠷᠡᠭᠯᠡᠬᠦ ᠶᠢᠨ ᠬᠠᠮᠢᠶᠠᠷᠤᠯᠲᠠ ᠶᠢᠨ ᠬᠢᠨᠠᠯᠲᠠ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤ ᠬᠠᠩᠭᠠᠬᠤ ᠪᠠ ᠭᠠᠳᠠᠭᠰᠢᠯᠠᠭᠤᠯᠬᠤ ᠬᠠᠮᠢᠶᠠᠷᠤᠯᠲᠠ ᠶᠢᠨ ᠬᠢᠨᠠᠯᠲᠠ ᠶᠢ ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠦᠨ᠎ᠡ ᠨᠡᠮᠡᠬᠦ ᠪᠠᠷᠢᠮᠵᠢᠶ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠭᠠᠶᠢᠯᠢ ᠶᠢᠨ ᠪᠤᠰᠤ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠵᠢᠴᠢ ᠲᠣᠭᠲᠠᠭᠰᠠᠨ ᠲᠤᠭ᠎ᠠ ᠠᠴᠠ ᠬᠡᠲᠦᠷᠡᠭᠰᠡᠨ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠬᠤ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠤᠰᠤᠨ ᠤ ᠰᠦᠢᠳᠬᠡᠯ ᠬᠤᠷᠢᠶᠠᠬᠤ ᠶᠢ ᠬᠠᠷᠢᠭᠤᠴᠠᠨ᠎ᠠ᠃            ᠲᠠᠪᠤᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠴᠥᠮ ᠤᠰᠤ ᠶᠢ ᠠᠷᠪᠢᠯᠠᠵᠤ ᠬᠡᠷᠡᠭᠯᠡᠬᠦ ᠡᠭᠦᠷᠭᠡ ᠲᠠᠢ ᠪᠥᠭᠡᠳ ᠤᠰᠤ ᠶᠢ ᠪᠦᠷᠢᠯᠭᠡᠨ ᠰᠦᠢᠳᠬᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠢᠯᠡᠴᠢᠯᠡᠨ ᠮᠡᠳᠡᠭᠦᠯᠬᠦ ᠬᠡᠷᠡᠭᠲᠡᠢ᠃            ᠬᠤᠶᠠᠳᠤᠭᠠᠷ ᠪᠦᠯᠦᠭ ᠤᠰᠤ ᠲᠠᠲᠠᠵᠤ ᠤᠰᠤ ᠬᠡᠷᠡᠭᠯᠡᠬᠦ            ᠵᠢᠷᠭᠤᠳᠤᠭᠠᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠤᠨ ᠬᠠᠮᠢᠶᠠᠷᠬᠤ ᠶᠢ ᠬᠠᠷᠢᠭᠤᠴᠠᠨ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠡᠩ ᠲᠡᠷᠢᠭᠦᠨ ᠳᠤ ᠪᠠᠲᠤᠯᠠᠵᠤ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠭᠠᠳᠠᠭᠰᠢ ᠲᠣᠬᠢᠷᠠᠭᠤᠯᠤᠭᠰᠠᠨ ᠤᠰᠤ ᠶᠢ ᠢᠳᠡᠪᠬᠢᠲᠡᠢ ᠠᠰᠢᠭᠯᠠᠨ᠂ ᠳᠠᠬᠢᠯᠲᠠ ᠤᠰᠤ᠂ ᠪᠣᠷᠣᠭᠠᠨ ᠦᠶᠡᠷ ᠤᠨ ᠤᠰᠤ ᠵᠡᠷᠭᠡ ᠬᠡᠪ ᠤᠨ ᠪᠤᠰᠤ ᠤᠰᠤ ᠶᠢ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤ ᠣᠷᠣᠭᠤᠯᠬᠤ ᠬᠡᠷᠡᠭᠲᠡᠢ᠃            ᠰᠠᠭᠤᠭᠠᠯᠢ ᠠᠷᠠᠳ ᠤᠨ ᠪᠤᠰᠤ ᠤᠰᠤ ᠶᠢ ᠲᠠᠲᠠᠵᠤ ᠬᠡᠷᠡᠭᠯᠡᠬᠦ ᠳᠤ ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠵᠦ᠂ ᠳᠠᠷᠠᠭ᠎ᠠ ᠨᠢ ᠭᠠᠵᠠᠷ ᠳᠡᠭᠡᠷᠡᠬᠢ ᠤᠰᠤ ᠶᠢ ᠬᠡᠷᠡᠭᠯᠡᠵᠦ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃            ᠳᠣᠯᠣᠳᠤᠭᠠᠷ ᠵᠦᠢᠯ ᠰᠠᠭᠤᠭᠠᠯᠢ ᠪᠤᠰᠤ ᠠᠷᠠᠳ ᠭᠤᠣᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠣᠷ᠎ᠠ ᠠᠴᠠ ᠤᠰᠤᠨ ᠤ ᠡᠬᠢ ᠪᠠᠶᠠᠯᠢᠭ ᠢ ᠰᠢᠭᠤᠳ ᠠᠪᠴᠤ ᠬᠡᠷᠡᠭᠯᠡᠬᠦ ᠳᠡᠭᠡᠨ ᠤᠰᠤᠨ ᠤ ᠡᠬᠢ ᠪᠠᠶᠠᠯᠢᠭ ᠢ ᠨᠤᠲᠠᠯᠠᠵᠤ᠂ ᠤᠰᠤ ᠠᠪᠬᠤ ᠵᠥᠪᠰᠢᠶᠡᠷᠡᠯ ᠢ ᠬᠠᠤᠯᠢ ᠶᠣᠰᠣᠭᠠᠷ ᠣᠯᠣᠭᠰᠠᠨ ᠤ ᠳᠠᠷᠠᠭ᠎ᠠ ᠰᠠᠶ᠋ᠢ ᠤᠰᠤ ᠲᠠᠲᠠᠵᠤ ᠬᠡᠷᠡᠭᠯᠡᠵᠦ ᠪᠣᠯᠣᠨ᠎ᠠ᠃ ᠤᠰᠤᠨ ᠤ ᠡᠬᠢ ᠪᠠᠶᠠᠯᠢᠭ ᠤᠨ ᠨᠤᠲᠠᠯᠠᠯᠲᠠ ᠨᠢ ᠬᠢᠨᠠᠨ ᠪᠠᠶᠢᠴᠠᠭᠠᠯᠲᠠ ᠶᠢ ᠥᠩᠭᠡᠷᠡᠵᠦ ᠳᠡᠶᠢᠯᠦᠭᠰᠡᠨ ᠦᠭᠡᠢ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠲᠠᠲᠠᠬᠤ ᠵᠥᠪᠰᠢᠶᠡᠷᠡᠯ ᠢ ᠨᠢ ᠵᠥᠪᠰᠢᠶᠡᠷᠡᠵᠦ ᠪᠣᠯᠬᠤ ᠦᠭᠡᠢ᠃            ᠨᠠᠢᠮᠠᠳᠤᠭᠠᠷ ᠵᠦᠢᠯ ᠰᠠᠭᠤᠭᠠᠯᠢ ᠪᠤᠰᠤ ᠠᠷᠠᠳ ᠤᠰᠤ ᠲᠠᠲᠠᠬᠤ ᠵᠥᠪᠰᠢᠶᠡᠷᠡᠯ ᠳᠤ ᠲᠣᠭᠲᠠᠭᠠᠭᠰᠠᠨ ᠨᠥᠬᠦᠴᠡᠯ ᠢᠶᠠᠷ ᠤᠰᠤ ᠲᠠᠲᠠᠵᠤ᠂ ᠤᠰᠤ ᠲᠠᠲᠠᠵᠤ ᠬᠡᠷᠡᠭᠯᠡᠬᠦ᠂ ᠤᠰᠤ ᠳᠠᠮᠵᠢᠭᠤᠯᠬᠤ ᠪᠠᠷᠢᠯᠭ᠎ᠠ ᠶᠢᠨ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ᠂ ᠤᠰᠤ ᠳᠠᠮᠵᠢᠭᠤᠯᠬᠤ ᠬᠤᠬᠢᠷᠠᠯ ᠢ ᠴᠢᠩᠭ᠎ᠠ ᠡᠵᠡᠮᠳᠡᠬᠦ ᠬᠡᠷᠡᠭᠲᠡᠢ᠃            ᠰᠠᠭᠤᠭᠠᠯᠢ ᠠᠷᠠᠳ ᠤᠨ ᠪᠤᠰᠤ ᠤᠰᠤ ᠲᠠᠲᠠᠬᠤ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠴᠦ ᠤᠷᠲᠤᠳᠬᠠᠬᠤ ᠴᠢᠬᠤᠯᠠ ᠲᠠᠢ ᠪᠣᠯ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 45 ᠡᠳᠦᠷ ᠤᠨ ᠡᠮᠦᠨ᠎ᠡ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠦᠷᠭᠦᠯᠵᠢᠯᠡᠭᠦᠯᠬᠦ ᠭᠤᠶᠤᠴᠢᠯᠠᠯ ᠭᠠᠷᠭᠠᠬᠤ ᠬᠡᠷᠡᠭᠲᠡᠢ᠃ ᠬᠦᠴᠦᠨ ᠲᠠᠢ ᠬᠤᠭᠤᠴᠠᠭ᠎ᠠ ᠨᠢ ᠳᠦᠭᠦᠷᠴᠦ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠢ ᠪᠤᠶᠤ ᠦᠷᠭᠦᠯᠵᠢᠯᠡᠭᠦᠯᠬᠦ ᠶᠢ ᠵᠥᠪᠰᠢᠶᠡᠷᠡᠭᠳᠡᠭᠰᠡᠨ ᠦᠭᠡᠢ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠬᠡᠷᠡᠭᠲᠡᠢ᠃            ᠶᠢᠰᠦᠳᠦᠭᠡᠷ ᠵᠦᠢᠯ ᠭᠠᠵᠠᠷ ᠳᠣᠣᠷᠠᠬᠢ ᠤᠰᠤ  ᠶᠢ ᠨᠡᠭᠡᠭᠡᠨ  ᠠᠰᠢᠭᠯᠠᠬᠤ  ᠶᠢ ᠴᠢᠩᠭ᠎ᠠ ᠬᠢᠵᠠᠭᠠᠷᠯᠠᠨ᠎ᠠ᠃            ᠨᠡᠭᠡᠭᠡᠨ ᠠᠰᠢᠭᠯᠠᠬᠤ ᠶᠢ ᠴᠠᠭᠠᠵᠠᠯᠠᠬᠤ ᠣᠷᠣᠨ ᠳᠤ ᠳᠣᠣᠷᠠᠬᠢ ᠮᠡᠲᠦ ᠪᠠᠶᠢᠳᠠᠯ ᠠᠴᠠ ᠪᠤᠰᠤᠳ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠄            ︵ᠨᠢᠭᠡ︶᠂ ᠭᠠᠵᠠᠷ ᠳᠣᠣᠷᠠᠬᠢ ᠪᠠᠷᠢᠯᠭ᠎ᠠ ᠶᠢᠨ ᠠᠵᠢᠯ ᠤᠨ ᠠᠶᠤᠯᠭᠦᠢ ᠪᠠ ᠦᠢᠯᠡᠳᠪᠦᠷᠢᠯᠡᠯ ᠤᠨ ᠠᠶᠤᠯᠭᠦᠢ ᠶᠢ ᠪᠠᠲᠤᠯᠠᠬᠤ ᠶᠢᠨ ᠲᠥᠯᠥᠭᠡ ᠡᠷᠬᠡᠪᠰᠢ ᠲᠦᠷ ᠴᠠᠭ ᠪᠠᠴᠢᠮ ᠪᠠᠶᠢᠳᠠᠯ ᠢ ᠠᠷᠭᠠᠴᠠᠭᠠᠵᠤ ᠤᠰᠤ ᠲᠠᠲᠠᠵᠤ ︵ᠭᠠᠳᠠᠭᠰᠢᠯᠠᠭᠤᠯᠬᠤ︶ ᠬᠡᠷᠡᠭᠯᠡᠬᠦ︔            ︵ᠬᠤᠶᠠᠷ︶ ᠣᠯᠠᠨ ᠨᠡᠶᠢᠲᠡ ᠶᠢᠨ ᠠᠮᠤᠷ ᠲᠦᠪᠰᠢᠨ ᠪᠤᠶᠤ ᠣᠯᠠᠨ ᠨᠡᠶᠢᠲᠡ ᠶᠢᠨ ᠠᠰᠢᠭ ᠲᠤᠰᠠ ᠳᠤ ᠤᠴᠠᠷᠠᠭᠤᠯᠬᠤ ᠬᠥᠨᠥᠭᠡᠯ ᠢ ᠠᠷᠢᠯᠭᠠᠬᠤ ᠶᠢᠨ ᠲᠥᠯᠥᠭᠡ ᠲᠦᠷ ᠴᠠᠭ ᠪᠠᠴᠢᠮ ᠪᠠᠶᠢᠳᠠᠯ ᠢ ᠠᠷᠭᠠᠴᠠᠭᠠᠵᠤ ᠤᠰᠤ ᠲᠠᠲᠠᠵᠤ ᠬᠡᠷᠡᠭᠯᠡᠬᠦ︔            ︵ᠭᠤᠷᠪᠠ︶ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ᠂ ᠬᠠᠶᠢᠨ ᠰᠢᠨᠵᠢᠯᠡᠬᠦ᠂ ᠲᠤᠷᠰᠢᠯᠲᠠ ᠬᠢᠬᠦ ᠶᠢᠨ ᠲᠥᠯᠥᠭᠡ ᠪᠠᠭ᠎ᠠ ᠬᠡᠮᠵᠢᠶᠡᠨ ᠤ ᠤᠰᠤ ᠲᠠᠲᠠᠬᠤ︔            ᠠᠷᠪᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠶᠢ ᠲᠠᠲᠠᠵᠤ ᠬᠡᠷᠡᠭᠯᠡᠬᠦ ᠳᠤ ᠬᠡᠮᠵᠢᠯᠲᠡ ᠶᠢᠨ ᠪᠡᠯᠡᠳᠬᠡᠮᠵᠢ ᠶᠢ ᠵᠢᠷᠤᠮᠵᠢᠭᠤᠯᠤᠨ ᠤᠭᠰᠠᠷᠠᠨ ᠬᠡᠷᠡᠭᠯᠡᠵᠦ᠂ ᠬᠡᠮᠵᠢᠯᠲᠡ ᠶᠢᠨ ᠪᠡᠯᠡᠳᠬᠡᠮᠵᠢ ᠶᠢᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃            ᠤᠰᠤ ᠲᠠᠲᠠᠵᠤ ᠬᠡᠷᠡᠭᠯᠡᠬᠦ ᠶᠢ ᠬᠡᠮᠵᠢᠬᠦ ᠪᠡᠯᠡᠳᠬᠡᠮᠵᠢ ᠶᠢ ᠲᠣᠭᠲᠠᠭᠠᠯ ᠶᠣᠰᠣᠭᠠᠷ ᠤᠭᠰᠠᠷᠠᠭᠰᠠᠨ ᠦᠭᠡᠢ᠂ ᠤᠰᠤ ᠲᠠᠲᠠᠵᠤ ᠬᠡᠷᠡᠭᠯᠡᠬᠦ ᠶᠢ ᠬᠡᠮᠵᠢᠬᠦ ᠪᠡᠯᠡᠳᠬᠡᠮᠵᠢ ᠨᠢ ᠬᠢᠷᠢ ᠲᠡᠩᠴᠡᠬᠦ ᠦᠭᠡᠢ ᠪᠤᠶᠤ ᠠᠵᠢᠯᠯᠠᠭᠠᠨ ᠨᠢ ᠬᠡᠪ ᠤᠨ ᠪᠤᠰᠤ ᠪᠠᠶᠢᠪᠠᠯ᠂ ᠵᠢᠷᠤᠭᠯᠠᠨ ᠲᠥᠯᠥᠪᠯᠡᠭᠰᠡᠨ ᠤᠰᠤ ᠲᠠᠲᠠᠵᠤ ᠬᠡᠷᠡᠭᠯᠡᠬᠦ ᠬᠠᠮᠤᠭ ᠤᠨ ᠶᠡᠭᠡ ᠴᠢᠳᠠᠪᠤᠷᠢ ᠪᠤᠶᠤ ᠤᠰᠤ ᠲᠠᠲᠠᠵᠤ ᠬᠡᠷᠡᠭᠯᠡᠬᠦ ᠪᠡᠯᠡᠳᠬᠡᠮᠵᠢ ᠶᠢᠨ ᠲᠣᠭᠲᠠᠭᠰᠠᠨ ᠤᠷᠤᠰᠬᠠᠯ ᠤᠨ ᠪᠦᠬᠦ ᠴᠠᠭ ᠤᠨ ᠬᠡᠮᠵᠢᠶ᠎ᠡ ᠶᠣᠰᠣᠭᠠᠷ ᠤᠰᠤ ᠲᠠᠲᠠᠵᠤ ᠬᠡᠷᠡᠭᠯᠡᠭᠰᠡᠨ ᠬᠡᠮᠵᠢᠶ᠎ᠡ ᠶᠢ ᠬᠢᠨᠠᠨ ᠲᠣᠭᠲᠠᠭᠠᠨ᠎ᠠ᠃            ᠶᠠᠮᠠᠷᠪᠠ ᠨᠢᠭᠡᠴᠢ ᠪᠠ ᠬᠤᠪᠢ ᠬᠥᠮᠥᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠡᠵᠡᠯᠡᠵᠦ᠂ ᠡᠪᠳᠡᠨ ᠰᠦᠢᠳᠬᠡᠬᠦ ᠪᠤᠶᠤ ᠳᠤᠷ᠎ᠠ ᠪᠠᠷ ᠢᠶᠠᠨ ᠨᠤᠷᠠᠭᠠᠵᠤ᠂ ᠥᠭᠡᠷᠡᠴᠢᠯᠡᠵᠦ᠂ ᠰᠣᠯᠢᠵᠤ᠂ ᠤᠰᠤ ᠲᠠᠲᠠᠭᠰᠠᠨ ᠬᠡᠮᠵᠢᠶ᠎ᠡ ᠶᠢ ᠬᠠᠷᠰᠢᠯᠠᠵᠤ ᠪᠣᠯᠬᠤ ᠦᠭᠡᠢ᠃            ᠠᠷᠪᠠᠨ ᠨᠢᠭᠡᠳᠦᠭᠡᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢᠨ ᠬᠥᠳᠡᠯᠦᠩᠭᠦᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠤᠰᠤᠨ ᠤ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃            ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢ ᠵᠢᠷᠭᠤᠭᠠᠨ ᠰᠠᠷ᠎ᠠ ᠠᠴᠠ ᠢᠯᠡᠭᠦᠦ ᠬᠤᠭᠤᠴᠠᠭ᠎ᠠ ᠰᠤᠯᠠ ᠲᠠᠯᠪᠢᠪᠠᠯ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠪᠠᠷ ᠲᠣᠭᠲᠠᠭᠠᠵᠤ᠂ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃             ᠠᠷᠪᠠᠨ ᠬᠤᠶᠠᠳᠤᠭᠠᠷ ᠵᠦᠢᠯ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠪᠦᠷᠬᠦᠭᠰᠡᠨ ᠬᠡᠪᠴᠢᠶᠡᠨ ᠳᠣᠲᠣᠷ᠎ᠠ᠂ ᠰᠠᠭᠤᠭᠠᠯᠢ ᠪᠤᠰᠤ ᠠᠷᠠᠳ ᠤᠰᠤᠨ ᠬᠤᠳᠳᠤᠭ ᠮᠠᠯᠲᠠᠵᠤ ᠪᠣᠯᠬᠤ ᠦᠭᠡᠢ᠃            ᠨᠢᠭᠡᠨᠲᠡ ᠮᠠᠯᠲᠠᠭᠰᠠᠨ ᠤᠰᠤᠨ ᠬᠤᠳᠳᠤᠭ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠴᠠᠭ ᠲᠣᠭᠲᠠᠭᠠᠨ ᠪᠢᠲᠡᠭᠦᠮᠵᠢᠯᠡᠵᠦ᠂ ᠡᠭᠦᠨ ᠳᠤ ᠣᠯᠠᠨ ᠨᠡᠶᠢᠲᠡ ᠶᠢᠨ ᠤᠰᠤ ᠬᠠᠩᠭᠠᠬᠤ ᠬᠡᠮᠵᠢᠶ᠎ᠡ᠂ ᠤᠰᠤᠨ ᠤ ᠳᠠᠷᠤᠯᠲᠠ ᠨᠢ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠣᠷᠣᠨ ᠪᠦᠰᠡ ᠳᠣᠲᠣᠷᠠᠬᠢ ᠤᠰᠤᠨ ᠬᠤᠳᠳᠤᠭ ᠢ ᠪᠦᠬᠦᠨ ᠢ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠳᠤ ᠨᠡᠭᠦᠯᠭᠡᠨ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠳᠤ ᠣᠷᠣᠭᠤᠯᠤᠨ᠎ᠠ᠃            ᠭᠤᠷᠪᠠᠳᠤᠭᠠᠷ ᠪᠦᠯᠦᠭ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ            ᠠᠷᠪᠠᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠷᠣᠭᠠᠨ ᠤ ᠤᠰᠤᠨ ᠤ ᠴᠡᠴᠡᠷᠯᠢᠭ᠂ ᠬᠤᠲᠣᠭᠤᠷ ᠤᠨ ᠨᠣᠭᠤᠭᠠᠨ ᠭᠠᠵᠠᠷ᠂ ᠬᠥᠮᠥᠨ ᠤ ᠬᠦᠴᠦᠨ ᠤ ᠨᠤᠭᠤ ᠭᠠᠵᠠᠷ ᠵᠡᠷᠭᠡ ᠠᠷᠭ᠎ᠠ ᠮᠠᠶ᠋ᠢᠭ ᠢ ᠠᠪᠴᠤ᠂ ᠬᠤᠲᠠ ᠶᠢᠨ ᠬᠠᠶᠢᠮᠢᠶᠠᠨ ᠪᠡᠶ᠎ᠡ ᠶᠢᠨ ᠴᠢᠳᠠᠪᠤᠷᠢ ᠶᠢ ᠴᠢᠩᠭᠠᠷᠠᠭᠤᠯᠵᠤ᠂ ᠪᠣᠷᠣᠭᠠᠨ ᠤ ᠤᠰᠤ ᠶᠢ ᠰᠢᠩᠭᠡᠭᠡᠬᠦ ᠬᠡᠷᠡᠭᠲᠡᠢ᠃           ᠠᠷᠪᠠᠨ ᠳᠥᠷᠪᠡᠳᠦᠭᠡᠷ ᠵᠦᠢᠯ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠦᠵᠡᠮᠵᠢ ᠳᠤ ᠬᠡᠷᠡᠭᠯᠡᠬᠦ ᠤᠰᠤᠨ ᠤ ᠲᠠᠯ᠎ᠠ ᠪᠠᠷ ᠤᠰᠤ ᠠᠷᠪᠢᠯᠠᠬᠤ ᠤᠳᠤᠷᠢᠳᠤᠮᠵᠢ ᠶᠢ ᠪᠠᠷᠢᠮᠲᠠᠯᠠᠨ᠂ ᠤᠰᠤ ᠠᠷᠪᠢᠯᠠᠬᠤ ᠮᠡᠷᠭᠡᠵᠢᠯ ᠢ ᠬᠡᠷᠡᠭᠯᠡᠵᠦ᠂ ᠳᠠᠬᠢᠯᠲᠠ ᠤᠰᠤ ᠪᠣᠯᠣᠨ ᠪᠣᠷᠣᠭᠠᠨ ᠤ ᠤᠰᠤ ᠶᠢ ᠡᠩ ᠲᠡᠷᠢᠭᠦᠨ ᠳᠤ ᠠᠰᠢᠭᠯᠠᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠬᠡᠷᠡᠭᠲᠡᠢ᠃ ᠳᠤᠰᠤᠯᠭᠠᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠪᠢᠯᠬᠠᠲᠠᠯ᠎ᠠ ᠤᠰᠤᠯᠠᠬᠤ ᠵᠡᠷᠭᠡ ᠤᠰᠤ ᠶᠡᠭᠡ ᠬᠤᠷᠣᠭᠳᠠᠭᠤᠯᠬᠤ ᠤᠰᠤᠯᠠᠯᠲᠠ ᠶᠢᠨ ᠠᠷᠭ᠎ᠠ ᠶᠢ ᠬᠡᠷᠡᠭᠯᠡᠵᠦ ᠪᠣᠯᠬᠤ ᠦᠭᠡᠢ᠃            ᠭᠠᠵᠠᠷ ᠳᠣᠣᠷᠠᠬᠢ ᠤᠰᠤ᠂ ᠲᠦᠭᠡᠭᠡᠯ ᠤᠰᠤ ᠪᠠᠷ ᠦᠵᠡᠮᠵᠢ ᠶᠢᠨ ᠭᠤᠣᠯ᠂ ᠬᠢᠮᠡᠯ ᠨᠠᠭᠤᠷ ᠤᠨ ᠤᠰᠤ ᠪᠣᠯᠭᠠᠬᠤ ᠶᠢ ᠴᠠᠭᠠᠵᠠᠯᠠᠨ᠎ᠠ᠃            ᠠᠷᠪᠠᠨ ᠲᠠᠪᠤᠳᠤᠭᠠᠷ ᠵᠦᠢᠯ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠨᠢ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠂ ᠤᠰᠤ ᠶᠢ ᠳᠤᠷ᠎ᠠ ᠪᠠᠷ ᠢᠶᠠᠨ ᠲᠠᠰᠤᠯᠵᠤ ᠬᠡᠷᠡᠭᠯᠡᠵᠦ ᠪᠣᠯᠬᠤ ᠦᠭᠡᠢ᠃            ᠳᠥᠷᠪᠡᠳᠦᠭᠡᠷ ᠪᠦᠯᠦᠭ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ            ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ᠂ ᠪᠠᠷᠢᠯᠭ᠎ᠠ ᠪᠠᠷᠢᠭᠤᠯᠬᠤ ᠨᠢᠭᠡᠴᠢ ᠠᠴᠠ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠭᠤᠶᠤᠴᠢᠯᠠᠯ ᠢᠶᠠᠨ ᠳᠤᠷᠠᠳᠴᠤ᠂ ᠬᠠᠤᠯᠢ ᠶᠣᠰᠣᠭᠠᠷ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠢ᠃            ᠠᠷᠪᠠᠨ ᠳᠣᠯᠣᠳᠤᠭᠠᠷ ᠵᠦᠢᠯ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠡᠩ ᠲᠡᠷᠢᠭᠦᠨ ᠳᠤ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠵᠢᠴᠢ ᠡᠷᠬᠢᠨ ᠲᠣᠭᠤᠷᠢᠨ ᠤ ᠭᠤᠣᠯ ᠤᠨ ᠵᠠᠮ᠂ ᠨᠣᠭᠤᠭᠠᠨ ᠭᠠᠵᠠᠷ᠂ ᠦᠵᠡᠮᠵᠢ ᠳᠤ ᠬᠡᠷᠡᠭᠯᠡᠬᠦ ᠤᠰᠤᠨ ᠳᠤ ᠬᠡᠷᠡᠭᠯᠡᠨ᠎ᠡ︔ ᠦᠯᠡᠳᠡᠭᠰᠡᠨ ᠢ ᠬᠤᠲᠠ ᠪᠠᠯᠭᠠᠰᠤᠨ ᠤ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢᠶᠠᠷ ᠭᠠᠳᠠᠭᠰᠢᠯᠠᠭᠤᠯᠤᠨ᠎ᠠ᠃             ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠢᠶᠠᠷ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ᠃            ᠠᠷᠪᠠᠨ ᠨᠠᠢᠮᠠᠳᠤᠭᠠᠷ ᠵᠦᠢᠯ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠶᠢᠨ ᠬᠠᠮᠲᠤ ᠬᠠᠤᠯᠢ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠬᠡᠷᠡᠭᠲᠡᠢ᠃            ᠲᠠᠪᠤᠳᠤᠭᠠᠷ ᠪᠦᠯᠦᠭ ᠲᠥᠯᠥᠪᠯᠡᠭᠡ ᠲᠠᠢ ᠤᠰᠤ ᠬᠡᠷᠡᠭᠯᠡᠬᠦ            ᠠᠷᠪᠠ ᠶᠢᠰᠦᠳᠦᠭᠡᠷ ᠵᠦᠢᠯ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠣᠰᠣᠭᠠᠷ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠬᠡᠷᠡᠭᠵᠢᠭᠦᠯᠵᠦ᠂ ᠵᠢᠯ ᠪᠦᠷᠢ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠲᠤ ᠤᠰᠤ ᠬᠡᠷᠡᠭᠯᠡᠬᠦ ᠲᠥᠯᠥᠪᠯᠡᠭᠡ ᠭᠤᠶᠤᠴᠢᠯᠠᠵᠤ᠂ ᠬᠢᠨᠠᠨ ᠵᠥᠪᠰᠢᠶᠡᠷᠡᠭᠦᠯᠬᠦ ᠪᠠᠷ ᠳᠠᠮᠵᠢᠨ ᠲᠥᠯᠥᠪᠯᠡᠭᠡ ᠲᠠᠢ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠭᠰᠠᠨ ᠦᠨᠡᠮᠯᠡᠯ ᠢ ᠣᠯᠬᠤ ᠬᠡᠷᠡᠭᠲᠡᠢ᠃            ᠬᠤᠷᠢᠳᠤᠭᠠᠷ ᠵᠦᠢᠯ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠤᠰᠤ ᠬᠡᠷᠡᠭᠯᠡᠬᠦ ᠲᠥᠯᠥᠪᠯᠡᠭᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃            ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠪᠦᠷᠬᠦᠭᠰᠡᠨ ᠬᠡᠪᠴᠢᠶᠡᠨ ᠳᠣᠲᠣᠷᠠᠬᠢ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ︵ᠭᠠᠯ ᠤᠨᠲᠠᠷᠠᠭᠠᠬᠤ ᠳᠤ ᠬᠡᠷᠡᠭᠯᠡᠬᠦ ᠤᠰᠤ ᠪᠠᠭᠲᠠᠬᠤ ᠦᠭᠡᠢ︶ ᠲᠥᠯᠥᠪᠯᠡᠭᠡ ᠠᠴᠠ ᠳᠠᠪᠠᠭᠤᠯᠤᠨ᠂ ᠲᠣᠭᠲᠠᠭᠰᠠᠨ ᠨᠤᠷᠮ᠎ᠠ ᠠᠴᠠ ᠳᠠᠪᠠᠭᠤᠯᠤᠨ ᠤᠰᠤ ᠬᠡᠷᠡᠭᠯᠡᠪᠡᠯ᠂ ᠬᠡᠲᠦᠷᠡᠭᠰᠡᠨ ᠬᠡᠰᠡᠭ ᠲᠤ ᠳᠣᠣᠷᠠᠬᠢ ᠮᠡᠲᠦ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠳᠤ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠭᠰᠡᠨ ᠤᠰᠤᠨ ᠤ ᠰᠦᠢᠳᠬᠡᠯ ᠲᠤᠰᠢᠶᠠᠬᠤ ᠬᠡᠷᠡᠭᠲᠡᠢ᠄            ︵ᠨᠢᠭᠡ︶ ᠨᠢᠭᠡᠳᠦᠭᠡᠷ ᠳᠡᠰ ᠤᠨ ᠤᠰᠤᠨ ᠤ  ᠦᠨ᠎ᠡ ᠶᠢ ᠡᠷᠦᠬᠡ ᠳᠤ ᠬᠦᠷᠬᠦ ᠤᠰᠤᠨ ᠤ ᠦᠨ᠎ᠡ ᠪᠠᠷ ᠲᠣᠭᠲᠠᠭᠠᠵᠤ᠂ ᠤᠰᠤᠨ ᠤ ᠬᠡᠮᠵᠢᠶ᠎ᠡ  ᠶᠢ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠭᠰᠠᠨ  ᠦᠨᠡᠮᠯᠡᠯ ᠳᠤ ᠬᠢᠨᠠᠨ  ᠲᠣᠭᠲᠠᠭᠠᠭᠰᠠᠨ ᠤᠰᠤᠨ ᠤ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ︔            ︵ᠬᠤᠶᠠᠷ︶ ᠬᠤᠶᠠᠳᠤᠭᠠᠷ ᠲᠡᠰ ᠤᠨ ᠤᠰᠤᠨ ᠤ ᠦᠨ᠎ᠡ ᠶᠢ ᠨᠢᠭᠡᠳᠦᠭᠡᠷ ᠳᠡᠰ ᠤᠨ ᠤᠰᠤᠨ ᠤ ᠦᠨ᠎ᠡ ᠶᠢᠨ ᠨᠢᠭᠡ ᠳᠠᠬᠢᠨ ᠢᠶᠠᠷ ᠨᠡᠮᠡᠵᠦ ᠬᠤᠷᠢᠶᠠᠨ᠎ᠠ᠂ ᠤᠰᠤᠨ ᠤ ᠬᠡᠮᠵᠢᠶ᠎ᠡ ᠨᠢ ᠨᠢᠭᠡᠳᠦᠭᠡᠷ ᠳᠡᠰ ᠤᠨ ᠤᠰᠤᠨ ᠤ ᠬᠡᠮᠵᠢᠶ᠎ᠡ ᠠᠴᠠ ᠬᠡᠲᠦᠷᠡᠭᠰᠡᠨ ᠪᠣᠯᠪᠠᠴᠤ ᠨᠢᠭᠡᠳᠦᠭᠡᠷ ᠳᠡᠰ ᠤᠨ ᠤᠰᠤᠨ ᠤ ᠬᠡᠮᠵᠢᠶ᠎ᠡ ᠶᠢᠨ ᠵᠠᠭᠤᠨ ᠤ ᠬᠤᠷᠢ ︵ᠪᠠᠭᠲᠠᠨ᠎ᠠ︶ ᠠᠴᠠ ᠬᠡᠲᠦᠷᠡᠭᠰᠡᠨ ᠦᠭᠡᠢ ᠬᠡᠰᠡᠭ︔            ︵ᠭᠤᠷᠪᠠ︶ ᠭᠤᠷᠪᠠᠳᠤᠭᠠᠷ ᠳᠡᠰ ᠤᠨ ᠤᠰᠤᠨ ᠤ ᠦᠨ᠎ᠡ ᠶᠢ ᠨᠢᠭᠡᠳᠦᠭᠡᠷ ᠳᠡᠰ ᠤᠨ ᠤᠰᠤᠨ ᠤ ᠦᠨ᠎ᠡ ᠶᠢᠨ ᠬᠤᠶᠠᠷ ᠳᠠᠬᠢᠨ ᠢᠶᠠᠷ ᠨᠡᠮᠡᠵᠦ ᠬᠤᠷᠢᠶᠠᠨ᠎ᠠ᠂ ᠤᠰᠤᠨ ᠤ ᠬᠡᠮᠵᠢᠶ᠎ᠡ ᠨᠢ ᠬᠤᠶᠠᠳᠤᠭᠠᠷ ᠳᠡᠰ ᠤᠨ ᠤᠰᠤᠨ ᠤ ᠬᠡᠮᠵᠢᠶ᠎ᠡ ᠠᠴᠠ ᠳᠠᠪᠠᠭᠰᠠᠨ ᠬᠡᠰᠡᠭ ᠪᠣᠯᠣᠨ᠎ᠠ᠃            ᠡᠨᠧᠷᠭᠢ ᠶᠢᠨ ᠬᠤᠷᠣᠭᠳᠠᠯ ᠶᠡᠬᠡᠲᠡᠢ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠡᠬᠡᠲᠡᠢ ᠠᠵᠢᠯ ᠲᠥᠷᠥᠯ ᠤᠳ ᠳᠡᠭᠡᠷᠡᠬᠢ ᠦᠨ᠎ᠡ ᠨᠡᠮᠡᠬᠦ ᠪᠠᠷᠢᠮᠵᠢᠶ᠎ᠠ ᠶᠢᠨ ᠶᠣᠰᠣᠭᠠᠷ ᠳᠠᠬᠢᠨ ᠢᠶᠠᠷ ᠬᠤᠷᠢᠶᠠᠨ᠎ᠠ᠃            ᠤᠰᠤ ᠲᠠᠲᠠᠬᠤ  ᠶᠢ  ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ  ᠤᠰᠤ ᠬᠡᠷᠡᠭᠯᠡᠵᠦ ᠪᠠᠶᠢᠭ᠎ᠠ ᠬᠥᠮᠥᠨ ᠲᠥᠯᠥᠪᠯᠡᠭᠡ ᠠᠴᠠ ᠳᠠᠪᠠᠭᠤᠯᠤᠨ᠂  ᠲᠣᠭᠲᠠᠭᠰᠠᠨ ᠨᠤᠷᠮ᠎ᠠ ᠠᠴᠠ  ᠳᠠᠪᠠᠭᠤᠯᠤᠨ ᠤᠰᠤ  ᠬᠡᠷᠡᠭᠯᠡᠭᠰᠡᠨ ᠪᠣᠯ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠨ᠎ᠠ᠃            ᠬᠤᠷᠢᠨ ᠨᠢᠭᠡᠳᠦᠭᠡᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠬᠡᠮᠵᠢᠶ᠎ᠡ ᠠᠴᠠ ᠬᠡᠲᠦᠷᠡᠭᠰᠡᠨ ᠦᠨ᠎ᠡ ᠥᠰᠬᠡᠬᠦ ᠳᠤ ᠵᠥᠪᠬᠡᠨ ᠲᠦᠭᠡᠭᠡᠯ ᠤᠰᠤᠨ ᠤ ᠤᠰᠤᠨ ᠤ ᠰᠦᠢᠳᠬᠡᠯ ᠳᠤ ᠦᠨ᠎ᠡ ᠨᠡᠮᠡᠵᠦ᠂ ᠪᠣᠬᠢᠷ ᠤᠰᠤ ᠰᠢᠢᠳᠪᠦᠷᠢᠯᠡᠬᠦ ᠵᠠᠷᠤᠳᠠᠯ᠂ ᠤᠰᠤᠨ ᠤ ᠡᠬᠢ ᠪᠠᠶᠠᠯᠢᠭ ᠤᠨ ᠭᠠᠶᠢᠯᠢ ᠪᠣᠯᠣᠨ ᠡᠯ᠎ᠡ ᠵᠦᠢᠯ ᠤᠨ ᠨᠡᠮᠡᠯᠲᠡ ᠶᠢ ᠪᠠᠭᠲᠠᠭᠠᠬᠤ ᠦᠭᠡᠢ᠃            ᠬᠤᠷᠢᠨ ᠬᠤᠶᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠰ ᠤᠰᠤ ᠠᠷᠪᠢᠯᠠᠬᠤ ᠪᠡᠯᠡᠳᠬᠡᠮᠵᠢ ᠪᠣᠯᠣᠨ ᠤᠰᠤ ᠠᠷᠪᠢᠯᠠᠬᠤ ᠪᠠᠭᠠᠵᠢ ᠬᠡᠷᠡᠭᠰᠡᠯ ᠤᠭᠰᠠᠷᠠᠵᠤ ᠬᠡᠷᠡᠭᠯᠡᠬᠦ ᠬᠡᠷᠡᠭᠲᠡᠢ᠃            ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠤᠨ ᠤ ᠲᠡᠩᠴᠡᠭᠦᠷᠢ ᠶᠢᠨ ᠲᠤᠷᠰᠢᠯᠲᠠ ᠪᠤᠶᠤ ᠤᠰᠤ ᠬᠡᠷᠡᠭᠯᠡᠬᠦ ᠵᠠᠳᠠᠯᠤᠯᠲᠠ ᠬᠢᠬᠦ ᠶᠢᠨ ᠬᠠᠮᠲᠤ ᠲᠤᠷᠰᠢᠯᠲᠠ ᠪᠤᠶᠤ ᠵᠠᠳᠠᠯᠤᠯᠲᠠ ᠶᠢᠨ ᠦᠷ᠎ᠡ ᠳ᠋ᠦᠩ ᠢ ᠦᠨᠳᠦᠰᠦᠯᠡᠨ ᠤᠰᠤ ᠬᠡᠷᠡᠭᠯᠡᠬᠦ ᠠᠷᠭ᠎ᠠ ᠮᠠᠶ᠋ᠢᠭ ᠪᠤᠶᠤ ᠦᠢᠯᠡᠳᠪᠦᠷᠢᠯᠡᠯ ᠤᠨ ᠮᠡᠷᠭᠡᠵᠢᠯ᠂ ᠤᠷᠠᠨ ᠳᠠᠷᠬ᠎ᠠ᠂ ᠲᠥᠬᠦᠭᠡᠷᠦᠮᠵᠢ ᠪᠠ ᠦᠢᠯᠡᠳᠬᠦᠨ ᠵᠡᠷᠭᠡ ᠶᠢ ᠥᠭᠡᠷᠡᠴᠢᠯᠡᠨ ᠰᠠᠶᠢᠵᠢᠷᠠᠭᠤᠯᠬᠤ ᠬᠡᠷᠡᠭᠲᠡᠢ᠃            ᠬᠤᠷᠢᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ ᠲᠦᠮᠡᠨ ᠲᠣᠨ ᠠᠴᠠ ᠳᠡᠭᠡᠭᠰᠢᠬᠢ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠭᠤᠴᠠᠭ᠎ᠠ ᠲᠣᠭᠲᠠᠭᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠭᠠᠨ ᠪᠦᠲᠦᠭᠡᠨ ᠪᠠᠶᠢᠭᠤᠯᠵᠤ᠂ ᠤᠰᠤ ᠠᠷᠪᠢᠯᠠᠬᠤ ᠲᠥᠯᠥᠪᠯᠡᠭᠡ ᠲᠣᠭᠲᠠᠭᠠᠨ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃            ᠬᠤᠷᠢᠨ ᠳᠥᠷᠪᠡᠳᠦᠭᠡᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠳᠣᠲᠣᠭᠠᠳᠤ ᠳᠠᠭᠠᠨ ᠤᠰᠤ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠴᠢᠨᠠᠷ ᠬᠤᠪᠢᠶᠠᠨ ᠤᠰᠤ ᠬᠠᠩᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠬᠥᠷᠥᠭᠡᠬᠦ ᠪᠠ ᠤᠬᠢᠶᠠᠬᠤ᠂ ᠤᠰᠤ ᠶᠢ ᠡᠷᠭᠢᠯᠳᠦᠭᠦᠯᠦᠨ ᠬᠡᠷᠡᠭᠯᠡᠬᠦ᠂ ᠬᠠᠶᠠᠭᠳᠠᠮᠠᠯ ᠤᠰᠤ ᠶᠢ ᠰᠢᠢᠳᠪᠦᠷᠢᠯᠡᠵᠦ ᠡᠭᠡᠭᠦᠯᠦᠨ ᠬᠡᠷᠡᠭᠯᠡᠬᠦ ᠵᠡᠷᠭᠡ ᠲᠡᠷᠢᠭᠦᠨ ᠤ᠂ ᠬᠡᠷᠡᠭᠯᠡᠭᠡᠨ ᠤ ᠤᠰᠤ ᠠᠷᠪᠢᠯᠠᠬᠤ ᠮᠡᠷᠭᠡᠵᠢᠯ᠂ ᠤᠷᠠᠨ ᠳᠠᠷᠬ᠎ᠠ ᠪᠣᠯᠣᠨ ᠲᠥᠬᠦᠭᠡᠷᠦᠮᠵᠢ ᠶᠢ ᠬᠡᠷᠡᠭᠯᠡᠵᠦ᠂ ᠨᠢᠭᠡᠴᠢ ᠦᠢᠯᠡᠳᠬᠦᠨ ︵ᠦᠢᠯᠡᠳᠬᠦᠨ ᠤ ᠥᠷᠲᠡᠭ︶ ᠤ ᠤᠰᠤ ᠬᠤᠷᠣᠭᠳᠠᠭᠤᠯᠬᠤ ᠬᠡᠮᠵᠢᠶ᠎ᠡ ᠶᠢ ᠪᠠᠭᠤᠷᠠᠭᠤᠯᠵᠤ᠂  ᠤᠰᠤᠨ ᠤ ᠡᠬᠢ ᠪᠠᠶᠠᠯᠢᠭ ᠢ ᠳᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠤᠰᠤ ᠶᠡᠭᠡ ᠬᠤᠷᠣᠭᠳᠠᠭᠤᠯᠬᠤ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠰᠤ ᠬᠡᠷᠡᠭᠯᠡᠬᠦ ᠲᠣᠭᠲᠠᠭᠰᠠᠨ ᠲᠤᠭ᠎ᠠ ᠠᠴᠠ ᠬᠡᠲᠦᠷᠡᠭᠰᠡᠨ ᠪᠣᠯ᠂ ᠬᠤᠭᠤᠴᠠᠭ᠎ᠠ ᠲᠣᠭᠲᠠᠭᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠢ᠃             ᠵᠢᠷᠭᠤᠳᠤᠭᠠᠷ ᠪᠦᠯᠦᠭ ᠳᠠᠬᠢᠯᠲᠠ ᠤᠰᠤ ᠶᠢ ᠠᠰᠢᠭᠯᠠᠬᠤ             ᠬᠤᠷᠢᠨ ᠲᠠᠪᠤᠳᠤᠭᠠᠷ ᠵᠦᠢᠯ ᠰᠠᠭᠤᠭᠠᠯᠢ ᠪᠤᠰᠤ ᠠᠷᠠᠳ ᠤᠨ ᠳᠠᠬᠢᠯᠲᠠ ᠤᠰᠤ ᠬᠡᠷᠡᠭᠯᠡᠬᠦ ᠶᠢ ᠵᠣᠷᠢᠭᠵᠢᠭᠤᠯᠤᠨ᠎ᠠ᠃ ᠰᠠᠭᠤᠭᠠᠯᠢ ᠪᠤᠰᠤ ᠠᠷᠠᠳ ᠳᠠᠬᠢᠯᠲᠠ ᠤᠰᠤ ᠶᠢ ᠬᠡᠷᠡᠭᠯᠡᠪᠡᠯ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠦᠭᠡᠢ᠂ ᠪᠣᠬᠢᠷ ᠤᠰᠤ ᠰᠢᠢᠳᠪᠦᠷᠢᠯᠡᠬᠦ ᠵᠠᠷᠤᠳᠠᠯ ᠢ ᠲᠦᠷ ᠲᠠᠲᠠᠪᠤᠷᠢᠯᠠᠬᠤ ᠦᠭᠡᠢ᠂ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠲᠥᠯᠥᠪᠯᠡᠭᠡ ᠲᠠᠢ ᠤᠰᠤ ᠬᠡᠷᠡᠭᠯᠡᠬᠦ ᠳᠦᠷᠢᠮ ᠢ ᠬᠡᠷᠡᠭᠵᠢᠭᠦᠯᠬᠦ ᠦᠭᠡᠢ᠃            ᠬᠤᠷᠢᠨ ᠵᠢᠷᠭᠤᠳᠤᠭᠠᠷ ᠵᠦᠢᠯ ᠰᠠᠭᠤᠭᠠᠯᠢ ᠪᠤᠰᠤ ᠠᠷᠠᠳ ᠳᠠᠬᠢᠯᠲᠠ ᠤᠰᠤ ᠶᠢ ᠠᠰᠢᠭᠯᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ᠳᠠᠬᠢᠯᠲᠠ ᠤᠰᠤ ᠶᠢ ᠲᠠᠲᠠᠵᠤ ᠬᠡᠷᠡᠭᠯᠡᠬᠦ ᠬᠡᠮᠵᠢᠶ᠎ᠡ ᠶᠢ ᠤᠰᠤ ᠲᠠᠲᠠᠵᠤ ᠬᠡᠷᠡᠭᠯᠡᠬᠦ ᠲᠥᠯᠥᠪᠯᠡᠭᠡ ᠪᠠ ᠤᠰᠤ ᠬᠤᠪᠢᠶᠠᠬᠤ ᠭᠦᠢᠴᠡᠳᠬᠡᠯ ᠲᠤᠭ᠎ᠠ ᠳᠤ ᠣᠷᠣᠭᠤᠯᠤᠨ᠎ᠠ᠃ ᠵᠦᠢ ᠶᠣᠰᠣᠨ ᠤ ᠰᠢᠯᠲᠠᠭᠠᠨ ᠦᠭᠡᠢ ᠪᠠᠷ ᠳᠠᠬᠢᠯᠲᠠ ᠤᠰᠤ ᠶᠢ ᠬᠡᠷᠡᠭᠯᠡᠭᠰᠡᠨ ᠦᠭᠡᠢ ᠪᠣᠯ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠡᠭᠦᠨ ᠤ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠨᠢ ᠬᠠᠷᠭᠤᠭᠤᠯᠤᠨ ᠬᠠᠰᠤᠵᠤ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠲᠡᠭᠦᠨ ᠤ ᠰᠢᠨ᠎ᠡ ᠪᠠᠷ ᠤᠰᠤ ᠠᠪᠬᠤ ᠵᠥᠪᠰᠢᠶᠡᠷᠡᠯ ᠢ ᠨᠢ ᠵᠥᠪᠰᠢᠶᠡᠷᠡᠵᠦ ᠪᠣᠯᠬᠤ ᠦᠭᠡᠢ᠃            ᠬᠤᠷᠢᠨ ᠳᠣᠯᠣᠳᠤᠭᠠᠷ ᠵᠦᠢᠯ ᠳᠠᠬᠢᠯᠲᠠ ᠤᠰᠤᠨ ᠤ ᠤᠰᠤ ᠬᠠᠩᠭᠠᠬᠤ ᠣᠷᠣᠨ ᠤ ᠳᠣᠲᠣᠷ᠎ᠠ᠂ ᠳᠣᠣᠷᠠᠬᠢ ᠮᠡᠲᠦ ᠤᠰᠤᠨ ᠤ ᠬᠡᠷᠡᠭᠯᠡᠯᠲᠡ ᠳᠤ ᠳᠠᠬᠢᠯᠲᠠ ᠤᠰᠤ ᠶᠢ ᠬᠡᠷᠡᠭᠯᠡᠬᠦ ᠬᠡᠷᠡᠭᠲᠡᠢ᠄            ︵ᠨᠢᠭᠡ︶ ᠬᠠᠶᠢᠯᠤᠭᠤᠯᠬᠤ᠂ ᠴᠠᠬᠢᠯᠭᠠᠨ ᠭᠠᠷᠭᠠᠬᠤ᠂ ᠬᠥᠷᠥᠭᠡᠬᠦ᠂ ᠤᠬᠢᠶᠠᠬᠤ᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠠᠵᠤ ᠦᠢᠯᠡᠳᠪᠦᠷᠢ ᠳᠤ ᠬᠡᠷᠡᠭᠯᠡᠬᠦ ᠤᠰᠤ︔            ︵ᠬᠤᠶᠠᠷ︶ ᠦᠵᠡᠮᠵᠢ ᠶᠢᠨ ᠭᠤᠣᠯ ᠪᠠ ᠬᠢᠮᠡᠯ ᠨᠠᠭᠤᠷ᠂ ᠭᠤᠣᠯ ᠤᠨ ᠤᠰᠤ ᠨᠥᠬᠦᠪᠦᠷᠢᠯᠡᠬᠦ᠂ ᠣᠶ ᠰᠢᠭᠤᠢ ᠨᠤᠲᠤᠭ ᠪᠡᠯᠴᠢᠭᠡᠷ ᠢ ᠪᠣᠶᠢᠵᠢᠭᠤᠯᠬᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠨᠤᠭᠤ ᠭᠠᠵᠠᠷ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ︔            ︵ᠭᠤᠷᠪᠠ︶ ᠵᠠᠮ ᠳᠡᠭᠡᠷ᠎ᠡ ᠰᠦᠷᠴᠢᠬᠦ᠂ ᠲᠡᠷᠭᠡ ᠬᠥᠰᠬᠡ ᠶᠢ ᠤᠬᠢᠶᠠᠵᠤ ᠴᠡᠪᠡᠷᠯᠡᠬᠦ᠂ ᠪᠠᠷᠢᠯᠭ᠎ᠠ ᠪᠠᠷᠢᠬᠤ᠂ ᠨᠡᠶᠢᠲᠡ ᠶᠢᠨ ᠵᠣᠷᠯᠣᠩ ᠢ ᠤᠬᠢᠶᠠᠬᠤ ᠪᠠ ᠬᠤᠲᠠ ᠶᠢᠨ ᠶᠠᠪᠤᠳᠠᠯ ᠤᠨ ᠪᠤᠰᠤᠳ ᠬᠡᠷᠡᠭᠯᠡᠬᠦ ᠤᠰᠤ︔            ︵ᠳᠥᠷᠪᠡ︶ ᠪᠤᠰᠤᠳ ᠳᠠᠬᠢᠯᠲᠠ ᠤᠰᠤ ᠶᠢ ᠬᠡᠷᠡᠭᠯᠡᠬᠦ ᠳᠤ ᠲᠣᠬᠢᠷᠠᠮᠵᠢᠲᠠᠢ᠃            ᠳᠣᠯᠣᠳᠤᠭᠠᠷ ᠪᠦᠯᠦᠭ ᠬᠢᠨᠠᠯᠲᠠ ᠪᠠᠲᠤᠯᠠᠭ᠎ᠠ            ᠬᠤᠷᠢᠨ ᠨᠠᠢᠮᠠᠳᠤᠭᠠᠷ ᠵᠦᠢᠯ ᠰᠠᠭᠤᠭᠠᠯᠢ ᠪᠤᠰᠤ ᠠᠷᠠᠳ ᠲᠤᠰ ᠠᠷᠭ᠎ᠠ ᠶᠢᠨ ᠲᠣᠭᠲᠠᠭᠠᠯ ᠠᠴᠠ ᠭᠠᠳᠠᠭᠤᠷ ᠬᠠᠤᠯᠢ ᠶᠢ ᠵᠥᠷᠢᠴᠡᠨ ᠤᠰᠤ ᠲᠠᠲᠠᠵᠤ ᠬᠡᠷᠡᠭᠯᠡᠭᠰᠡᠨ ᠪᠠᠶᠢᠪᠠᠯ᠂ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠬᠤᠲᠠ ᠶᠢᠨ ᠤᠰᠤ ᠬᠠᠩᠭᠠᠵᠤ ᠤᠰᠤ ᠬᠡᠷᠡᠭᠯᠡᠬᠦ ᠳᠦᠷᠢᠮ︾ ᠵᠡᠷᠭᠡ ᠬᠠᠤᠯᠢ ᠲᠣᠭᠲᠠᠭᠠᠯ ᠶᠣᠰᠣᠭᠠᠷ ᠰᠢᠢᠳᠬᠡᠨ᠎ᠡ︔ ᠪᠤᠰᠤᠳ ᠲᠤ ᠬᠠᠷᠰᠢ ᠰᠠᠭᠠᠳ ᠤᠴᠠᠷᠠᠭᠤᠯᠤᠭᠰᠠᠨ ᠪᠤᠶᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠷᠰᠢ ᠰᠠᠭᠠᠳ ᠢ ᠠᠷᠢᠯᠭᠠᠵᠤ᠂ ᠬᠤᠬᠢᠷᠠᠯ ᠢ ᠲᠥᠯᠥᠬᠦ ᠬᠡᠷᠡᠭᠲᠡᠢ᠃            ᠬᠤᠷᠢ ᠶᠢᠰᠦᠳᠦᠭᠡᠷ ᠵᠦᠢᠯ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠤᠰᠤ ᠬᠡᠷᠡᠭᠯᠡᠬᠦ ᠭᠦᠢᠴᠡᠳᠬᠡᠯ ᠲᠤᠭ᠎ᠠ ᠳᠠᠬᠢ ᠤᠰᠤᠨ ᠤ ᠰᠤᠷᠪᠤᠯᠵᠢ ᠶᠢᠨ ᠲᠥᠷᠥᠯ ᠬᠡᠯᠪᠡᠷᠢ᠂ ᠬᠡᠷᠡᠭᠴᠡᠭᠡ ᠨᠢ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶᠢᠯᠠᠭᠰᠠᠨ ᠤᠰᠤᠨ ᠤ ᠰᠤᠷᠪᠤᠯᠵᠢ ᠶᠢᠨ ᠲᠥᠷᠥᠯ ᠬᠡᠯᠪᠡᠷᠢ᠂ ᠤᠰᠤ ᠲᠠᠲᠠᠬᠤ ᠬᠡᠷᠡᠭᠴᠡᠭᠡ ᠯᠦᠭᠡ ᠨᠢᠭᠡᠳᠦᠯᠲᠡᠢ ᠪᠠᠶᠢᠵᠤ᠂ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠤᠰᠤ ᠲᠠᠲᠠᠬᠤ ᠵᠥᠪᠰᠢᠶᠡᠷᠡᠯ ᠤᠨ ᠤᠰᠤᠨ ᠤ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠢ᠃            ᠭᠤᠴᠢᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤᠰᠤᠨ ᠤ ᠥᠰᠬᠡᠭᠰᠡᠨ ᠦᠨ᠎ᠡ ᠪᠠᠷ ᠤᠰᠤᠨ ᠤ ᠰᠦᠢᠳᠬᠡᠯ ᠢ ᠲᠣᠭᠲᠠᠭᠰᠠᠨ ᠬᠤᠭᠤᠴᠠᠭᠠᠨ ᠳᠤ ᠲᠤᠰᠢᠶᠠᠭᠰᠠᠨ ᠦᠭᠡᠢ ᠪᠣᠯ᠂ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠠᠴᠠ ᠬᠠᠤᠯᠢ ᠶᠣᠰᠣᠭᠠᠷ ᠰᠢᠮᠳᠠᠭᠤᠯᠤᠨ ᠲᠤᠰᠢᠶᠠᠯᠭᠠᠬᠤ ᠬᠡᠷᠡᠭᠲᠡᠢ︔ ᠣᠯᠠᠨ ᠤᠳᠠᠭ᠎ᠠ ᠰᠢᠮᠳᠠᠭᠤᠯᠤᠨ ᠲᠤᠰᠢᠶᠠᠯᠭᠠᠭᠰᠠᠨ ᠴᠤ ᠮᠥᠨ ᠲᠤᠰᠢᠶᠠᠬᠤ ᠦᠭᠡᠢ ᠪᠣᠯ᠂ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠠᠴᠠ ᠵᠠᠭᠠᠯᠳᠤᠬᠤ ᠵᠡᠷᠭᠡ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠲᠡᠳᠡᠨ ᠢ ᠵᠠᠷᠤᠳᠠᠯ ᠲᠤᠰᠢᠶᠠᠬᠤ ᠡᠭᠦᠷᠭᠡ ᠪᠠᠨ ᠭᠦᠢᠴᠡᠳᠬᠡᠬᠦ ᠶᠢ ᠱᠠᠭᠠᠷᠳᠠᠵᠤ ᠪᠣᠯᠣᠨ᠎ᠠ᠃ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠨᠢ ᠲᠥᠯᠥᠪᠯᠡᠭᠡ ᠠᠴᠠ ᠬᠡᠲᠦᠷᠡᠭᠰᠡᠨ᠂ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠤᠰᠤᠨ ᠤ ᠡᠬᠢ ᠪᠠᠶᠠᠯᠢᠭ ᠤᠨ ᠭᠠᠶᠢᠯᠢ ᠪᠠᠨ ᠴᠠᠭ ᠬᠤᠭᠤᠴᠠᠭᠠᠨ ᠳᠠᠭᠠᠨ ᠲᠤᠰᠢᠶᠠᠭᠰᠠᠨ ᠦᠭᠡᠢ ᠪᠣᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠬᠡᠷᠡᠭᠲᠡᠢ᠃            ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠭᠤᠴᠢᠨ ᠨᠢᠭᠡᠳᠦᠭᠡᠷ ᠵᠦᠢᠯ ᠲᠣᠰ ᠠᠷᠭ᠎ᠠ ᠶᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃            ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠠᠴᠠ ᠡᠮᠦᠨᠡᠬᠢ ᠬᠤᠯᠪᠣᠭᠳᠠᠯ ᠪᠦᠬᠦᠢ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号