| | ᠬᠥᠬᠡᠬᠤᠲᠠ ᠵᠠᠰᠠᠭ ᠲᠠᠷᠬᠠᠭᠠᠭᠰᠠᠨ ﹇2024﹈ 18 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄ | ︽ᠲᠤᠭ᠎ᠠ ᠪᠠᠷᠢᠮᠲᠠ ᠶᠢᠨ ᠰᠠᠭᠤᠷᠢ ᠳᠦᠷᠢᠮ ᠢ ᠪᠠᠶᠢᠭᠤᠯᠵᠤ ᠲᠤᠭ᠎ᠠ ᠪᠠᠷᠢᠮᠲᠠ ᠶᠢᠨ ᠡᠯᠧᠮᠧᠨ᠋ᠲ ᠤᠨ | ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 5 ᠳ᠋ᠤᠭᠠᠷ ᠰᠠᠷ᠎ᠠ ᠶᠢᠨ 28 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠲᠤᠭ᠎ᠠ ᠪᠠᠷᠢᠮᠲᠠ ᠶᠢᠨ ᠰᠠᠭᠤᠷᠢ ᠳᠦᠷᠢᠮ ᠢ ᠪᠠᠶᠢᠭᠤᠯᠵᠤ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠬᠡᠷᠡᠭᠵᠢᠭᠦᠯᠬᠦ ᠲᠥᠰᠥᠯ | ︽ᠲᠤᠭ᠎ᠠ ᠪᠠᠷᠢᠮᠲᠠ ᠶᠢᠨ ᠰᠠᠭᠤᠷᠢ ᠳᠦᠷᠢᠮ ᠢ ᠪᠠᠶᠢᠭᠤᠯᠵᠤ ᠲᠤᠭ᠎ᠠ ᠪᠠᠷᠢᠮᠲᠠ ᠶᠢᠨ ᠡᠯᠧᠮᠧᠨ᠋ᠲ ᠤᠨ | ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2022﹈ 32 ᠳ᠋ᠤᠭᠠᠷ ᠲᠣᠭᠠᠲᠤ︶ | ︽ᠲᠤᠭ᠎ᠠ ᠪᠠᠷᠢᠮᠲᠠ ᠶᠢᠨ ᠰᠠᠭᠤᠷᠢ ᠳᠦᠷᠢᠮ ᠢ ᠪᠠᠶᠢᠭᠤᠯᠵᠤ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ | ᠲᠠᠷᠬᠠᠭᠠᠭᠰᠠᠨ ﹇2024﹈ 4 ᠳ᠋ᠦ᠋ᠭᠡᠷ ᠲᠣᠭᠠᠲᠤ︶ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ | ᠪᠠᠷᠢᠮᠲᠠ ᠶᠢᠨ ᠳᠦᠷᠢᠮ ᠢ ᠲᠦᠷᠭᠡᠨ ᠪᠠᠶᠢᠭᠤᠯᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠳᠠᠯᠳᠠ ᠴᠢᠳᠠᠪᠤᠷᠢ ᠶᠢ | ᠬᠥᠭᠵᠢᠭᠡᠵᠦ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠴᠢᠩᠭᠠᠳᠬᠠᠬᠤ ᠶᠢᠨ ᠲᠥᠯᠥᠭᠡ᠂ ᠮᠠᠨ ᠤ ᠬᠤᠲᠠ ᠶᠢᠨ | ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | | | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ ᠪᠥᠬᠦᠳᠡ ᠬᠤᠷᠠᠯ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ | ᠪᠣᠯᠭᠠᠬᠤ ᠶᠢ ᠪᠠᠷᠢᠮᠲᠠᠯᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠲᠣᠭᠲᠠᠭᠠᠯ ᠳᠤ ᠨᠡᠶᠢᠴᠡᠨ | ᠭᠦᠢᠯᠭᠡᠭᠡᠨ ᠳᠤ ᠥᠨᠳᠥᠷ ᠪᠦᠲᠦᠮᠵᠢᠲᠡᠶ ᠬᠡᠷᠡᠭᠯᠡᠭᠳᠡᠨ᠂ ᠪᠣᠳᠠᠲᠤ ᠴᠣᠭᠴᠠ ᠶᠢᠨ ᠠᠵᠤ ᠠᠬᠤᠢ ᠳᠤ ᠡᠨᠧᠷᠭᠢ | ᠣᠯᠭᠤᠬᠤ ᠶᠢ ᠠᠬᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠨᠡᠭᠡᠭᠡᠯᠲᠡ ᠬᠢᠬᠦ᠂ ᠡᠷᠬᠡ ᠶᠢ ᠨᠤᠲᠠᠯᠠᠨ ᠡᠷᠬᠡ | ᠣᠯᠭᠤᠬᠤ᠂ ᠭᠦᠢᠯᠭᠡᠭᠡ ᠠᠷᠠᠯᠵᠢᠶ᠎ᠠ᠂ ᠬᠡᠷᠡᠭᠯᠡᠭᠡᠨ ᠤ ᠠᠬᠤᠢ ᠶᠢᠨ ᠰᠢᠨ᠎ᠡ ᠶᠢ ᠡᠭᠦᠳᠬᠦ᠂ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠵᠠᠰᠠᠯᠲᠠ ᠵᠡᠷᠭᠡ ᠭᠤᠣᠯᠳᠠᠯᠭ᠎ᠠ ᠶᠢᠨ ᠲᠣᠭᠤᠷᠢᠨ ᠳᠤ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ᠂ | ᠨᠡᠭᠡᠭᠡᠯᠲᠡ ᠬᠢᠵᠦ ᠠᠭᠤᠰᠤᠯᠴᠠᠬᠤ᠂ ᠠᠬᠤᠢ ᠪᠠᠶᠢᠳᠠᠯ ᠢᠶᠠᠷ ᠬᠥᠲᠥᠯᠬᠦ᠂ ᠠᠶᠤᠯᠭᠦᠢ ᠲᠣᠭᠲᠠᠭᠠᠯ ᠳᠤ ᠨᠡᠶᠢᠴᠡᠬᠦ ᠶᠢ | ᠪᠠᠷᠢᠮᠲᠠᠯᠠᠵᠤ᠂ ᠲᠤᠭ᠎ᠠ ᠪᠠᠷᠢᠮᠲᠠ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ | ᠡᠯᠧᠮᠧᠨ᠋ᠲ ᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠡᠯᠧᠮᠧᠨ᠋ᠲ ᠤᠨ | ᠦᠨ᠎ᠡ ᠥᠷᠲᠡᠭ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠠᠵᠤ ᠠᠬᠤᠢ ᠶᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ | ᠬᠥᠭᠵᠢᠭᠦᠯᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ | | | ᠬᠤᠶᠠᠷ᠂ ᠭᠤᠣᠯ ᠡᠭᠦᠷᠭᠡ | ︵ᠨᠢᠭᠡ︶ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠠᠭᠤᠷᠢ ᠶᠢ ᠴᠢᠩᠭᠠᠳᠬᠠᠨ᠎ᠠ | 1. ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠨ ᠪᠠᠶᠢᠭᠤᠯᠤᠨ᠎ᠠ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠪᠠᠷ ᠬᠥᠲᠥᠯᠥᠮᠵᠢ ᠪᠣᠯᠭᠠᠵᠤ᠂ ᠨᠡᠶᠢᠭᠡᠮ ᠤᠨ ᠲᠤᠭ᠎ᠠ ᠪᠠᠷᠢᠮᠲᠠ ᠪᠠᠷ | ᠨᠥᠬᠦᠪᠦᠷᠢ ᠪᠣᠯᠭᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠪᠦᠬᠦ | ᠬᠤᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠨᠠᠷᠢᠨ ᠬᠠᠭᠤᠳᠠᠰᠤ ᠶᠢᠨ ᠪᠦᠲᠦᠴᠡ ᠶᠢᠨ ᠱᠠᠭᠠᠷᠳᠠᠯᠭ᠎ᠠ ᠶᠢ | ᠦᠨᠳᠦᠰᠦᠯᠡᠨ᠂ ᠬᠤᠲᠠ ᠶᠢᠨ ᠲᠣᠰ ᠱᠠᠲᠤ - ᠬᠤᠰᠢᠭᠤ ᠰᠢᠶᠠᠨ ᠲᠣᠭᠤᠷᠢᠭ - ᠰᠢᠶᠠᠩ ᠪᠠᠯᠭᠠᠰᠤ ᠵᠡᠷᠭᠡ ᠲᠠᠰ | ᠱᠠᠲᠤ ᠶᠢ ᠬᠠᠮᠤᠷᠤᠭᠰᠠᠨ ᠰᠢᠰᠲ᠋ᠧᠮ ᠤᠨ ᠨᠠᠷᠢᠨ ᠬᠠᠭᠤᠳᠠᠰᠤ᠂ ᠲᠤᠭ᠎ᠠ ᠪᠠᠷᠢᠮᠲᠠ ᠶᠢᠨ ᠨᠠᠷᠢᠨ ᠬᠠᠭᠤᠳᠠᠰᠤ ᠶᠢ | ᠪᠦᠷᠢᠯᠳᠦᠭᠦᠯᠦᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠭᠠᠷᠴᠠᠭ ᠢ ᠡᠮᠬᠢᠯᠡᠨ | ᠨᠠᠶᠢᠷᠠᠭᠤᠯᠬᠤ ᠶᠢ ᠰᠢᠨ᠎ᠡ ᠪᠠᠷ ᠪᠠᠶᠢᠭᠤᠯᠤᠭᠰᠠᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠢᠨᠠᠨ | ᠬᠠᠷᠭᠤᠭᠤᠯᠬᠤ ᠴᠢᠬᠤᠯᠠ ᠨᠥᠬᠦᠴᠡᠯ ᠪᠣᠯᠭᠠᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ | ᠴᠢᠩᠭᠠᠳᠬᠠᠨ᠎ᠠ᠃ ᠬᠠᠤᠯᠢ ᠶᠢᠨ ᠡᠷᠬᠡᠲᠡᠨ᠂ ᠡᠯᠧᠺᠲᠷᠣᠨ ᠦᠨᠡᠮᠯᠡᠯ᠂ ᠨᠡᠶᠢᠭᠡᠮ ᠤᠨ ᠢᠲᠡᠭᠡᠮᠵᠢ᠂ ᠬᠤᠷᠸ᠎ᠠ ᠠᠵᠤ ᠠᠬᠤᠢ᠂ | ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠵᠠᠢ ᠭᠠᠵᠠᠷ ᠵᠦᠢ ᠵᠡᠷᠭᠡ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ᠂ ᠡᠨᠧᠷᠭᠢ ᠴᠠᠬᠢᠯᠭᠠᠨ ᠬᠦᠴᠦᠨ᠂ ᠰᠣᠶᠣᠯ | ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ᠂ ᠬᠤᠲᠠ ᠶᠢᠨ ᠠᠵᠢᠯᠯᠠᠭᠠᠨ ᠵᠡᠷᠭᠡ ᠭᠤᠣᠯ ᠰᠡᠳᠦᠪ ᠤᠨ ᠬᠥᠮᠥᠷᠭᠡ᠂ | ᠲᠤᠰᠬᠠᠢ ᠰᠡᠳᠦᠪᠲᠦ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠴᠤᠭᠯᠠᠷᠠᠯ ᠢ ᠲᠠᠰᠤᠷᠠᠯᠲᠠ ᠦᠭᠡᠢ ᠴᠢᠩᠭᠠᠳᠬᠠᠨ᠎ᠠ᠃ | 2. ᠲᠤᠭ᠎ᠠ ᠪᠠᠷᠢᠮᠲᠠ ᠶᠢᠨ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠬᠤᠲᠠ ᠶᠢᠨ | ᠶᠡᠭᠡ ᠲᠠᠷᠢᠬᠢᠨ ᠤ ᠨᠢᠭᠡ ᠴᠣᠭᠴᠠᠵᠢᠭᠤᠯᠤᠭᠰᠠᠨ ᠲᠤᠭ᠎ᠠ ᠪᠠᠷᠢᠮᠲᠠ ᠶᠢᠨ ᠲᠠᠪᠴᠠᠩ ᠤᠨ ᠲᠤᠯᠭᠠᠭᠤᠷᠢᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠰᠣᠯᠢᠯᠴᠠᠬᠤ᠂ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠬᠦ ᠴᠢᠳᠠᠮᠵᠢ ᠶᠢ ᠰᠢᠯᠢᠳᠡᠭᠵᠢᠭᠦᠯᠦᠨ᠂ ᠣᠯᠠᠨ ᠨᠡᠶᠢᠲᠡ ᠶᠢᠨ | ᠳ᠋ᠠᠶᠢᠲ᠋ᠠ ᠶᠢᠨ ᠬᠠᠮᠢᠶᠠᠷᠤᠯᠲᠠ᠂ ᠡᠷᠬᠡ ᠣᠯᠭᠤᠵᠤ ᠡᠵᠡᠩᠨᠡᠬᠦ ᠬᠤᠪᠢᠶᠠᠷᠢ ᠲᠠᠪᠴᠠᠩ ᠢ ᠪᠠᠶᠢᠭᠤᠯᠵᠤ᠂ ᠣᠯᠠᠨ | ᠨᠡᠶᠢᠲᠡ ᠶᠢᠨ ᠳ᠋ᠠᠶᠢᠲ᠋ᠠ ᠶᠢ ᠬᠤᠷᠠᠮᠳᠤᠭᠤᠯᠤᠨ ᠵᠠᠰᠠᠬᠤ᠂ ᠬᠠᠮᠲᠤ ᠪᠠᠷ ᠬᠦᠷᠲᠡᠵᠦ ᠨᠡᠭᠡᠭᠡᠯᠲᠡ ᠬᠢᠬᠦ᠂ ᠰᠢᠨ᠎ᠡ ᠶᠢ | ᠡᠭᠦᠳᠴᠦ ᠬᠡᠷᠡᠭᠯᠡᠬᠦ ᠳᠤ ᠨᠢᠭᠡᠳᠦᠯᠲᠡᠢ ᠨᠡᠪᠲᠡᠷᠡᠬᠦ ᠵᠠᠮ ᠬᠠᠩᠭᠠᠨ᠎ᠠ᠃ ᠪᠦᠷᠢᠨ ᠲᠡᠭᠦᠯᠳᠡᠷ ᠲᠤᠭ᠎ᠠ ᠪᠠᠷᠢᠮᠲᠠ ᠶᠢᠨ | ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠲᠤᠭ᠎ᠠ ᠪᠠᠷᠢᠮᠲᠠ ᠴᠤᠭᠯᠠᠭᠤᠯᠬᠤ᠂ ᠬᠤᠷᠠᠮᠳᠤᠭᠤᠯᠬᠤ᠂ ᠰᠢᠨᠡᠳᠬᠡᠬᠦ᠂ | ᠬᠠᠮᠵᠢᠯᠴᠠᠬᠤ ᠪᠠ ᠬᠠᠩᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠨᠢᠭᠡᠳᠦᠯᠲᠡᠢ ᠬᠠᠮᠢᠶᠠᠷᠬᠤ᠂ ᠲᠣᠬᠢᠷᠠᠭᠤᠯᠬᠤ ᠪᠠ ᠬᠢᠨᠠᠨ ᠬᠠᠮᠢᠶᠠᠷᠬᠤ ᠶᠢ ᠠᠬᠢᠭᠤᠯᠤᠨ᠎ᠠ᠃ ᠬᠤᠷᠢᠨᠭᠡᠷ ᠤᠨ ᠳ᠋ᠠᠶᠢᠲ᠋ᠠ ᠶᠢᠨ | ᠲᠥᠪ ᠤᠨ ᠰᠦᠷᠦᠭᠵᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠳᠤᠬᠤ ᠬᠦᠴᠦᠨ ᠤ ᠲᠣᠬᠢᠷᠠᠭᠤᠯᠬᠤ | ᠲᠠᠪᠴᠠᠩ ᠢ ᠪᠠᠶᠢᠭᠤᠯᠤᠨ᠂ ᠪᠤᠳᠤᠬᠤ ᠬᠦᠴᠦᠨ ᠤ ᠦᠢᠯᠡᠴᠢᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ | ︵ᠬᠤᠶᠠᠷ︶ ᠲᠤᠭ᠎ᠠ ᠪᠠᠷᠢᠮᠲᠠ ᠶᠢᠨ ᠡᠷᠬᠡ ᠶᠢ ᠨᠤᠲᠠᠯᠠᠨ ᠲᠣᠭᠲᠠᠭᠠᠵᠤ ᠡᠷᠬᠡ ᠣᠯᠭᠤᠨ ᠬᠡᠷᠡᠭᠯᠡᠬᠦ | ᠲᠣᠭᠲᠠᠴᠠ ᠶᠢ ᠨᠠᠶᠢᠳᠠᠪᠤᠷᠢᠵᠢᠭᠤᠯᠤᠨ᠎ᠠ | 3. ᠪᠦᠲᠦᠴᠡ ᠪᠠᠷ ᠰᠠᠯᠭᠠᠭᠰᠠᠨ ᠲᠤᠭ᠎ᠠ ᠪᠠᠷᠢᠮᠲᠠ ᠶᠢᠨ ᠥᠮᠴᠢᠯᠡᠬᠦ ᠡᠷᠬᠡ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠥᠮᠴᠢᠯᠡᠬᠦ ᠡᠷᠬᠡ ᠶᠢᠨ | ᠪᠦᠲᠦᠴᠡ ᠶᠢᠨ ᠴᠢᠨᠠᠷᠲᠠᠢ ᠰᠠᠯᠭᠠᠬᠤ ᠳᠦᠷᠢᠮ ᠤᠨ ᠲᠣᠬᠢᠷᠠᠭᠤᠯᠤᠯᠲᠠ ᠶᠣᠰᠣᠭᠠᠷ᠂ ᠲᠤᠭ᠎ᠠ ᠪᠠᠷᠢᠮᠲᠠ ᠶᠢᠨ ᠢᠷᠡᠯᠲᠡ᠂ | ᠡᠵᠡᠮᠰᠢᠯ᠂ ᠪᠣᠯᠪᠠᠰᠤᠷᠠᠭᠤᠯᠬᠤ᠂ ᠭᠦᠢᠯᠭᠡᠭᠡᠬᠦ᠂ ᠬᠡᠷᠡᠭᠯᠡᠬᠦ ᠶᠠᠪᠤᠴᠠ ᠳᠠᠬᠢ ᠡᠯ᠎ᠡ ᠣᠷᠣᠯᠴᠠᠭᠰᠠᠨ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠵᠠᠭᠠᠭᠯᠠᠨ ᠲᠣᠭᠲᠠᠭᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠡᠵᠡᠮᠰᠢᠬᠦ ᠡᠷᠬᠡ᠂ | ᠲᠤᠭ᠎ᠠ ᠪᠠᠷᠢᠮᠲᠠ ᠶᠢ ᠪᠣᠯᠪᠠᠰᠤᠷᠠᠭᠤᠯᠵᠤ ᠬᠡᠷᠡᠭᠯᠡᠬᠦ ᠡᠷᠬᠡ᠂ ᠲᠤᠭ᠎ᠠ ᠪᠠᠷᠢᠮᠲᠠ ᠶᠢᠨ ᠪᠦᠲᠦᠭᠡᠭᠳᠡᠬᠦᠨ ᠤ ᠡᠵᠡᠩᠨᠡᠬᠦ | ᠡᠷᠬᠡ ᠶᠢ ᠪᠦᠲᠦᠴᠡ ᠶᠢᠨ ᠴᠢᠨᠠᠷᠲᠠᠢ ᠰᠠᠯᠭᠠᠭᠰᠠᠨ ᠥᠮᠴᠢᠯᠡᠬᠦ ᠡᠷᠬᠡ ᠶᠢᠨ ᠠᠵᠢᠯᠯᠠᠭᠠᠨ ᠤ ᠲᠣᠭᠲᠠᠴᠠ ᠶᠢ ᠤᠷᠢᠳᠠᠪᠠᠷ | ᠲᠤᠷᠰᠢᠨ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠡᠯ᠎ᠡ ᠣᠷᠣᠯᠴᠠᠭᠰᠠᠨ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠤᠭ᠎ᠠ ᠪᠠᠷᠢᠮᠲᠠ ᠶᠢ | ᠲᠥᠷᠥᠯ ᠬᠤᠪᠢᠶᠠᠨ ᠱᠠᠲᠤ ᠬᠤᠪᠢᠶᠠᠨ ᠬᠠᠮᠠᠭᠠᠯᠠᠬᠤ ᠲᠣᠭᠲᠠᠴᠠ ᠶᠣᠰᠣᠭᠠᠷ᠂ ︽ᠬᠡᠨ ᠴᠤᠭᠯᠠᠭᠤᠯᠪᠠᠯ ᠬᠡᠨ | ᠬᠠᠷᠢᠭᠤᠴᠠᠬᠤ᠂ ᠬᠡᠨ ᠡᠵᠡᠮᠰᠢᠪᠡᠯ ᠬᠡᠨ ᠬᠠᠷᠢᠭᠤᠴᠠᠬᠤ᠂ ᠬᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ | ᠬᠠᠷᠢᠭᠤᠴᠠᠬᠤ︾ ᠵᠠᠷᠴᠢᠮ ᠢ ᠵᠢᠷᠤᠮᠯᠠᠨ᠂ ᠡᠯ᠎ᠡ ᠨᠢᠭᠡᠴᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠮᠢᠶᠠᠷᠬᠤ᠂ | ᠡᠵᠡᠮᠰᠢᠬᠦ᠂ ᠬᠡᠷᠡᠭᠯᠡᠬᠦ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠤᠭ᠎ᠠ ᠪᠠᠷᠢᠮᠲᠠ ᠶᠢᠨ ᠠᠶᠤᠯᠭᠦᠢ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | 4. ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠷᠬᠡ ᠶᠢ ᠨᠤᠲᠠᠯᠠᠨ ᠲᠣᠭᠲᠠᠭᠠᠵᠤ ᠡᠷᠬᠡ ᠣᠯᠭᠤᠬᠤ | ᠲᠣᠭᠲᠠᠴᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠵᠤ᠂ ᠨᠠᠮ ᠵᠠᠰᠠᠭ ᠤᠨ ᠪᠠᠶᠢᠭᠤᠯᠭ᠎ᠠ ᠪᠠ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠲᠤᠭ᠎ᠠ ᠪᠠᠷᠢᠮᠲᠠ ᠴᠤᠭᠯᠠᠭᠤᠯᠬᠤ᠂ ᠬᠤᠷᠢᠶᠠᠩᠭᠤᠶᠢᠯᠠᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ | ᠬᠢᠬᠦ᠂ ᠡᠷᠬᠡ ᠣᠯᠭᠤᠵᠤ ᠡᠵᠡᠩᠨᠡᠬᠦ᠂ ᠬᠡᠷᠡᠭᠯᠡᠬᠦ᠂ ᠬᠠᠮᠢᠶᠠᠷᠬᠤ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠡᠷᠬᠡ ᠣᠯᠭᠤᠵᠤ ᠡᠵᠡᠩᠨᠡᠬᠦ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢ ᠡᠷᠬᠡ ᠣᠯᠭᠤᠵᠤ ᠡᠵᠡᠩᠨᠡᠬᠦ ᠲᠠᠪᠴᠠᠩ ᠢᠶᠠᠷ ᠳᠠᠮᠵᠢᠭᠤᠯᠤᠨ᠂ ᠲᠤᠭ᠎ᠠ ᠪᠠᠷᠢᠮᠲᠠ ᠶᠢ | ᠪᠣᠯᠪᠠᠰᠤᠷᠠᠭᠤᠯᠤᠨ ᠬᠡᠷᠡᠭᠯᠡᠬᠦ ᠭᠤᠣᠯ ᠴᠣᠭᠴᠠ ᠳᠤ ᠲᠤᠭ᠎ᠠ ᠪᠠᠷᠢᠮᠲᠠ ᠶᠢᠨ ᠡᠷᠬᠡ ᠣᠯᠭᠤᠬᠤ ᠪᠠ ᠲᠤᠭ᠎ᠠ ᠪᠠᠷᠢᠮᠲᠠ ᠶᠢ | ᠪᠣᠯᠪᠠᠰᠤᠷᠠᠭᠤᠯᠤᠨ ᠰᠢᠢᠳᠪᠦᠷᠢᠯᠡᠬᠦ ᠣᠨᠴᠠᠭᠠᠢ ᠲᠣᠭᠲᠠᠭᠰᠠᠨ ᠠᠶᠤᠯᠭᠦᠢ ᠬᠦᠷᠢᠶ᠎ᠡ ᠬᠡᠪᠴᠢᠶ᠎ᠡ ᠬᠠᠩᠭᠠᠵᠤ᠂ ︽ᠤᠭ | ᠲᠤᠭ᠎ᠠ ᠪᠠᠷᠢᠮᠲᠠ ᠶᠢ ᠬᠦᠷᠢᠶ᠎ᠡ ᠬᠡᠪᠴᠢᠶ᠎ᠡ ᠠᠴᠠ ᠭᠠᠷᠭᠠᠬᠤ ᠦᠭᠡᠢ᠂ ᠲᠤᠭ᠎ᠠ ᠪᠠᠷᠢᠮᠲᠠ ᠶᠢ ᠬᠡᠷᠡᠭᠯᠡᠵᠦ ᠪᠣᠯᠬᠤ ᠪᠥᠭᠡᠳ | ᠦᠵᠡᠵᠦ ᠳᠡᠶᠢᠯᠬᠦ ᠦᠭᠡᠢ︾ ᠪᠠᠶᠢᠬᠤ ᠶᠢ ᠦᠨᠡᠨ ᠬᠦ ᠪᠠᠲᠤᠯᠠᠵᠤ᠂ ᠠᠶᠤᠯᠭᠦᠢ ᠶᠢ ᠡᠵᠡᠮᠳᠡᠵᠦ ᠪᠣᠯᠬᠤ᠂ ᠪᠠᠷᠢᠮᠵᠢᠶ᠎ᠠ ᠨᠢ | ᠨᠢᠭᠡᠳᠦᠯᠲᠡᠢ᠂ ᠲᠣᠭᠲᠠᠭᠠᠯ ᠳᠤ ᠨᠡᠶᠢᠴᠡᠵᠦ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃ ᠵᠥᠪ | ᠲᠠᠯ᠎ᠠ ᠠᠴᠠ ᠬᠥᠲᠥᠯᠥᠨ ᠵᠢᠯᠤᠭᠤᠳᠬᠤ ᠨᠠᠷᠢᠨ ᠬᠠᠭᠤᠳᠠᠰᠤ᠂ ᠨᠠᠵᠠᠭᠠᠢ ᠲᠠᠯ᠎ᠠ ᠠᠴᠠ ᠴᠠᠭᠠᠵᠠᠯᠠᠬᠤ ᠨᠠᠷᠢᠨ ᠬᠠᠭᠤᠳᠠᠰᠤ | ᠪᠠ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠭᠡᠷᠡᠴᠢᠯᠡᠭᠡ ᠶᠢᠨ ᠳᠡᠰ ᠢ ᠦᠨᠡᠯᠡᠨ ᠲᠣᠭᠲᠠᠭᠠᠬᠤ ᠶᠢ | ᠬᠠᠷᠢᠯᠴᠠᠨ ᠤᠶᠠᠯᠳᠤᠭᠤᠯᠤᠭᠰᠠᠨ ᠲᠤᠭ᠎ᠠ ᠪᠠᠷᠢᠮᠲᠠ ᠶᠢᠨ ᠦᠢᠯᠡᠳᠬᠦᠨ ᠢ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ᠂ ᠠᠵᠢᠯᠯᠠᠭᠤᠯᠬᠤ ᠶᠢ ᠦᠨᠡᠯᠡᠨ ᠵᠢᠱᠢᠬᠦ ᠪᠠ ᠪᠤᠴᠠᠭᠠᠨ ᠭᠠᠷᠭᠠᠬᠤ ᠲᠣᠭᠲᠠᠴᠠ᠂ ᠲᠤᠭ᠎ᠠ ᠪᠠᠷᠢᠮᠲᠠ ᠶᠢᠨ | ᠦᠢᠯᠡᠳᠬᠦᠨ ᠢ ᠨᠡᠭᠡᠭᠡᠨ ᠠᠰᠢᠭᠯᠠᠬᠤ ᠬᠢᠷᠢ ᠬᠡᠮ ᠢ ᠬᠢᠨᠠᠨ ᠪᠠᠶᠢᠴᠠᠭᠠᠬᠤ ᠪᠠ ᠦᠨ᠎ᠡ ᠲᠣᠭᠲᠠᠭᠠᠬᠤ ᠶᠢ ᠬᠠᠮᠢᠶᠠᠷᠬᠤ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃︵ᠬᠤᠶᠠᠷ︶ ᠲᠤᠭ᠎ᠠ ᠪᠠᠷᠢᠮᠲᠠ ᠶᠢᠨ ᠡᠷᠬᠡ ᠶᠢ ᠨᠤᠲᠠᠯᠠᠨ ᠲᠣᠭᠲᠠᠭᠠᠵᠤ | ᠡᠷᠬᠡ ᠣᠯᠭᠤᠨ ᠬᠡᠷᠡᠭᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ | 5. ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠥᠮᠴᠢᠯᠡᠬᠦ ᠡᠷᠬᠡ ᠶᠢᠨ ᠠᠵᠢᠯᠯᠠᠭᠠᠨ ᠤ ᠲᠣᠭᠲᠠᠴᠠ | ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠳᠡᠰ | ᠲᠣᠭᠲᠠᠭᠠᠵᠤ ᠡᠷᠬᠡ ᠣᠯᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠠᠵᠤ | ᠠᠬᠤᠶᠢᠯᠠᠯ ᠤᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠠᠩᠭᠠᠯᠭ᠎ᠠ ᠶᠢ ᠴᠢᠩᠭᠠᠳᠬᠠᠨ᠂ ᠲᠤᠭ᠎ᠠ ᠪᠠᠷᠢᠮᠲᠠ ᠶᠢ | ᠠᠭᠤᠰᠤᠯᠴᠠᠭᠤᠯᠤᠨ ᠰᠢᠨ᠎ᠡ ᠶᠢ ᠡᠭᠦᠳᠬᠦ ᠶᠢ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ | ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠮᠥᠩᠭᠦᠨ ᠭᠦᠢᠯᠭᠡᠭᠡ᠂ ᠰᠣᠶᠣᠯ ᠵᠢᠭᠤᠯᠴᠢᠯᠠᠯ᠂ ᠡᠨᠧᠷᠭᠢ | ᠠᠭᠤᠷᠬᠠᠢ ᠶᠢᠨ ᠭᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠡᠷᠬᠡ | ᠣᠯᠭᠤᠵᠤ ᠬᠡᠷᠡᠭᠯᠡᠬᠦ ᠰᠢᠨ᠎ᠡ ᠲᠣᠭᠲᠠᠴᠠ ᠪᠠ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠶᠢ | ᠵᠣᠷᠢᠭᠵᠢᠭᠤᠯᠤᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ︽ᠡᠭᠦᠯᠡᠨ ᠳᠡᠭᠡᠷ᠎ᠡ ᠭᠠᠷᠭᠠᠨ ᠲᠤᠭ᠎ᠠ ᠪᠠᠷᠢᠮᠲᠠ ᠬᠡᠷᠡᠭᠯᠡᠨ ᠣᠶᠣᠨ ᠨᠡᠮᠡᠬᠦ︾ | ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠲᠤᠭ᠎ᠠ ᠪᠠᠷᠢᠮᠲᠠ ᠶᠢᠨ ᠵᠠᠳᠠᠯᠤᠯᠲᠠ᠂ ᠲᠤᠭ᠎ᠠ ᠪᠠᠷᠢᠮᠲᠠ ᠶᠢᠨ ᠬᠡᠷᠡᠭᠯᠡᠯᠲᠡ | ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠤᠭ᠎ᠠ | ᠪᠠᠷᠢᠮᠲᠠ ᠶᠢ ᠵᠦᠢ ᠶᠣᠰᠣᠲᠠᠢ ᠬᠠᠤᠯᠢ ᠶᠣᠰᠣᠭᠠᠷ ᠴᠤᠭᠯᠠᠭᠤᠯᠬᠤ ᠪᠠ ᠠᠰᠢᠭᠯᠠᠬᠤ ᠶᠢ ᠲᠦᠯᠬᠢᠨ ᠠᠬᠢᠭᠤᠯᠵᠤ᠂ ᠲᠣᠮᠣ | ᠬᠡᠯᠪᠡᠷᠢ ᠶᠢᠨ ᠠᠵᠤ ᠠᠬᠤᠶᠢᠯᠠᠯ ᠬᠢᠭᠡᠳ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠶᠠᠷ ᠲᠠᠯ᠎ᠠ ᠪᠠᠷ ᠢᠶᠠᠨ | ᠡᠷᠬᠡ ᠲᠡᠭᠰᠢ ᠪᠠᠷ ᠬᠠᠷᠢᠯᠴᠠᠨ ᠡᠷᠬᠡ ᠣᠯᠭᠤᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠲᠤᠭ᠎ᠠ ᠪᠠᠷᠢᠮᠲᠠ ᠶᠢᠨ | ᠦᠨ᠎ᠡ ᠥᠷᠲᠡᠭ ᠢ ᠬᠠᠮᠲᠤᠪᠠᠷ ᠠᠭᠤᠳᠠᠯᠤᠨ ᠠᠰᠢᠭᠯᠠᠨ᠎ᠠ᠃ | 6. ᠬᠤᠪᠢ ᠬᠥᠮᠥᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠨ᠎ᠠ᠃ ᠬᠤᠪᠢ ᠬᠥᠮᠥᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠷᠬᠡ ᠠᠰᠢᠭ ᠢ ᠴᠢᠩᠭ᠎ᠠ | ᠬᠠᠮᠠᠭᠠᠯᠠᠭᠰᠠᠨ ᠤᠷᠢᠲᠠᠯ ᠳᠣᠣᠷ᠎ᠠ᠂ ᠬᠤᠪᠢ ᠬᠥᠮᠥᠨ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ | ᠬᠤᠪᠢ ᠬᠥᠮᠥᠨ ᠤ ᠮᠡᠳᠡᠭᠡ ᠵᠠᠩᠭᠢ ᠶᠢ ᠠᠴᠢᠶᠠᠯᠠᠭᠰᠠᠨ ᠲᠤᠭ᠎ᠠ ᠪᠠᠷᠢᠮᠲᠠ ᠶᠢ ᠡᠷᠬᠡ ᠣᠯᠭᠤᠵᠤ ᠲᠤᠭ᠎ᠠ ᠪᠠᠷᠢᠮᠲᠠ ᠶᠢ | ᠰᠢᠢᠳᠪᠦᠷᠢᠯᠡᠭᠴᠢ ᠪᠤᠶᠤ ᠭᠤᠷᠪᠠᠳᠠᠭᠢ ᠡᠲᠡᠭᠡᠳ ᠠᠴᠠ ᠨᠠᠶᠢᠳᠠᠨ ᠬᠠᠮᠢᠶᠠᠷᠤᠭᠤᠯᠵᠤ ᠬᠡᠷᠡᠭᠯᠡᠭᠦᠯᠵᠦ᠂ ᠲᠤᠭ᠎ᠠ | ᠪᠠᠷᠢᠮᠲᠠ ᠶᠢ ᠰᠢᠢᠳᠪᠦᠷᠢᠯᠡᠭᠴᠢ ᠪᠤᠶᠤ ᠭᠤᠷᠪᠠᠳᠠᠭᠢ ᠡᠲᠡᠭᠡᠳ ᠠᠴᠠ ᠬᠤᠪᠢ ᠬᠥᠮᠥᠨ ᠤ ᠡᠷᠬᠡ ᠣᠯᠭᠤᠭᠰᠠᠨ | ᠬᠡᠪᠴᠢᠶ᠎ᠡ ᠶᠣᠰᠣᠭᠠᠷ ᠬᠠᠤᠯᠢ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢ ᠴᠤᠭᠯᠠᠭᠤᠯᠬᠤ᠂ ᠡᠵᠡᠮᠰᠢᠬᠦ᠂ ᠬᠡᠷᠡᠭᠯᠡᠬᠦ | ᠪᠤᠶᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ ᠬᠤᠪᠢ ᠬᠥᠮᠥᠨ ᠤ ᠮᠡᠳᠡᠭᠡ | ᠵᠠᠩᠭᠢ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠬᠤᠪᠢ ᠬᠥᠮᠥᠨ ᠤ ᠮᠡᠳᠡᠭᠡ ᠵᠠᠩᠭᠢ ᠶᠢ | ᠴᠤᠭᠯᠠᠭᠤᠯᠤᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠬᠤᠪᠢ ᠬᠥᠮᠥᠨ ᠤ ᠮᠡᠳᠡᠭᠡ ᠵᠠᠩᠭᠢ ᠳᠤ ᠨᠡᠷ᠎ᠡ ᠶᠢ | ᠪᠤᠷᠤᠭᠤᠯᠠᠨ ᠰᠢᠢᠳᠪᠦᠷᠢᠯᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ | ︵ᠭᠤᠷᠪᠠ︶ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠭᠦᠨᠵᠡᠭᠡᠶᠢᠷᠡᠭᠦᠯᠦᠨ᠎ᠡ | | 7. ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠢ ᠬᠤᠯᠪᠣᠭᠰᠠᠨ᠂ ᠬᠤᠲᠠ ᠶᠢᠨ ᠱᠠᠲᠤᠨ ᠤ ᠡᠯ᠎ᠡ ᠰᠠᠯᠠᠭ᠎ᠠ ᠮᠥᠴᠢᠷ ᠵᠢᠴᠢ | ᠡᠯ᠎ᠡ ᠬᠤᠰᠢᠭᠤ ᠰᠢᠶᠠᠨ ᠲᠣᠭᠤᠷᠢᠭ ᠢ ᠬᠠᠮᠤᠷᠤᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠰᠣᠯᠢᠯᠴᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠭᠴᠡ ᠬᠠᠮᠢᠶᠠᠷᠬᠤ ᠰᠢᠰᠲ᠋ᠧᠮ ᠤᠨ | ᠲᠤᠭ᠎ᠠ ᠪᠠᠷᠢᠮᠲᠠ ᠶᠢ ᠦᠨᠳᠦᠰᠦᠨ ᠱᠠᠲᠤᠨ ᠳᠤ ᠬᠦᠷᠭᠡᠬᠦ᠂ ᠬᠤᠲᠠ ᠶᠢᠨ ᠲᠣᠰ ᠱᠠᠲᠤᠨ ᠳᠤ ᠪᠤᠴᠠᠵᠤ ᠢᠷᠡᠬᠦ ᠶᠢ | ᠠᠬᠢᠭᠤᠯᠤᠨ᠂ ᠬᠡᠷᠡᠭᠯᠡᠭᠡᠨ ᠤ ᠠᠬᠤᠢ ᠪᠠᠷ ᠬᠥᠲᠥᠯᠥᠮᠵᠢ ᠪᠣᠯᠭᠠᠵᠤ᠂ ᠬᠠᠩᠭᠠᠯᠭ᠎ᠠ ᠬᠡᠷᠡᠭᠴᠡᠭᠡ ᠶᠢ ᠵᠣᠬᠢᠶᠠᠨ ᠪᠠᠶᠢᠭᠤᠯᠤᠨ | ᠵᠣᠯᠭᠠᠭᠤᠯᠵᠤ᠂ ᠲᠤᠭ᠎ᠠ ᠪᠠᠷᠢᠮᠲᠠ ᠶᠢ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠶ ᠪᠠᠷ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠯᠲᠡ ᠬᠢᠬᠦ ᠭᠠᠷᠴᠠᠭ ᠤᠨ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠳᠠᠯᠭ᠎ᠠ ᠲᠠᠢ ᠨᠡᠭᠡᠭᠡᠯᠲᠡ ᠬᠢᠬᠦ | ᠣᠨ ᠤ ᠨᠠᠷᠢᠨ ᠬᠠᠭᠤᠳᠠᠰᠤ ᠶᠢ ᠲᠣᠭᠲᠠᠭᠠᠨ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠨᠡᠶᠢᠭᠡᠮ ᠤᠨ | ᠬᠡᠷᠡᠭᠴᠡᠭᠡ ᠱᠠᠭᠠᠷᠳᠠᠯᠭ᠎ᠠ ᠪᠠᠷ ᠪᠠᠴᠢᠮ ᠪᠠᠶᠢᠭ᠎ᠠ ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠵᠠᠮ | ᠬᠠᠷᠢᠯᠴᠠᠭ᠎ᠠ ᠶᠠᠪᠤᠵᠤ ᠰᠠᠭᠤᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ ᠵᠡᠷᠭᠡ | ᠬᠦᠷᠢᠶᠡᠨ ᠳᠠᠬᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠤᠯᠢ ᠶᠣᠰᠣᠭᠠᠷ ᠲᠣᠭᠲᠠᠭᠠᠯ ᠳᠤ | ᠨᠡᠶᠢᠴᠡᠭᠦᠯᠦᠨ ᠨᠡᠶᠢᠭᠡᠮ ᠳᠤ ᠴᠢᠯᠦᠭᠡᠲᠡᠢ ᠨᠡᠭᠡᠭᠡᠬᠦ ᠶᠢ ᠤᠷᠢᠳᠠᠪᠠᠷ ᠠᠬᠢᠭᠤᠯᠵᠤ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠡᠬᠢ ᠪᠠᠶᠠᠯᠢᠭ ᠤᠨ ᠨᠡᠶᠢᠭᠡᠮ ᠤᠨ ᠬᠡᠷᠡᠭᠯᠡᠭᠡᠨ ᠤ ᠥᠷᠲᠡᠭ ᠢ ᠪᠡᠶᠡᠯᠡᠭᠦᠯᠬᠦ ᠶᠢᠨ ᠬᠠᠮᠲᠤ᠂ ᠨᠡᠭᠡᠭᠡᠨ | ᠠᠰᠢᠭᠯᠠᠭᠰᠠᠨ ᠦᠷ᠎ᠡ ᠪᠦᠲᠦᠮᠵᠢ᠂ ᠠᠮᠤᠷ ᠲᠦᠪᠰᠢᠨ ᠤ ᠲᠦᠭᠰᠢᠭᠦᠷᠢ ᠵᠢᠴᠢ ᠨᠡᠶᠢᠭᠡᠮ ᠤᠨ ᠦᠨᠡᠯᠡᠯᠲᠡ ᠬᠠᠷᠢᠭᠤ | ᠲᠤᠰᠬᠠᠯ ᠢ ᠮᠥᠷᠳᠡᠨ᠎ᠡ᠃ | 8. ᠲᠤᠭ᠎ᠠ ᠪᠠᠷᠢᠮᠲᠠ ᠶᠢᠨ ᠰᠢᠨ᠎ᠡ ᠶᠢ ᠡᠭᠦᠳᠦᠨ ᠠᠭᠤᠰᠤᠯᠴᠠᠭᠰᠠᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮᠵᠢ ᠳᠤ ᠲᠦᠰᠢᠭᠯᠡᠨ᠂ ᠠᠮᠢ ᠠᠬᠤᠢ ᠶᠢᠨ | ᠣᠷᠴᠢᠨ ᠲᠣᠭᠤᠷᠢᠨ᠂ ᠡᠮᠴᠢᠯᠡᠭᠡ ᠡᠷᠡᠭᠦᠯ ᠮᠡᠨᠳᠦ᠂ ᠵᠠᠮ ᠬᠠᠷᠢᠯᠴᠠᠭ᠎ᠠ ᠲᠡᠭᠡᠭᠡᠪᠦᠷᠢ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡ᠂ ᠨᠡᠶᠢᠭᠡᠮ ᠤᠨ ᠢᠲᠡᠭᠡᠮᠵᠢ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠬᠦᠷᠢᠶᠡᠨ ᠳᠤ | ᠲᠤᠭ᠎ᠠ ᠪᠠᠷᠢᠮᠲᠠ ᠶᠢᠨ ᠣᠯᠠᠨ ᠲᠠᠯ᠎ᠠ ᠶᠢᠨ ᠠᠭᠤᠰᠤᠯᠴᠠᠯ ᠢ ᠥᠷᠨᠢᠭᠦᠯᠵᠦ᠂ ᠠᠵᠢᠯ ᠲᠥᠷᠥᠯᠵᠢᠭᠰᠡᠨ᠂ ᠠᠵᠤ | ᠦᠶᠢᠯᠡᠰᠵᠢᠭᠰᠡᠨ ᠲᠤᠭ᠎ᠠ ᠪᠠᠷᠢᠮᠲᠠ ᠶᠢᠨ ᠬᠤᠳᠠᠯᠳᠤᠭᠠᠴᠢᠨ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠲᠤᠭ᠎ᠠ | ᠪᠠᠷᠢᠮᠲᠠ ᠶᠢᠨ ᠡᠯᠧᠮᠧᠨ᠋ᠲ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠬᠤᠢ ᠶᠢ ᠪᠠᠶᠢᠭᠤᠯᠤᠨ᠎ᠠ᠃ ᠪᠤᠳᠤᠬᠤ ᠠᠷᠭ᠎ᠠ ᠶᠢᠨ | ᠬᠡᠷᠡᠭᠯᠡᠭᠡᠨ ᠤ ᠤᠷᠤᠯᠳᠤᠭᠠᠨ ᠵᠡᠷᠭᠡ ᠨᠡᠭᠡᠭᠡᠯᠲᠡ ᠲᠠᠢ ᠲᠤᠭ᠎ᠠ ᠪᠠᠷᠢᠮᠲᠠ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ | ᠤᠷᠤᠯᠳᠤᠭᠠᠨ ᠢ ᠡᠷᠬᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠲᠠᠵᠤ ᠲᠤᠭ᠎ᠠ ᠪᠠᠷᠢᠮᠲᠠ ᠶᠢᠨ | ᠬᠡᠷᠡᠭᠯᠡᠯᠲᠡ ᠳᠤ ᠣᠷᠣᠯᠴᠠᠬᠤ᠂ ᠲᠤᠭ᠎ᠠ ᠪᠠᠷᠢᠮᠲᠠ ᠶᠢᠨ ᠦᠨ᠎ᠡ ᠥᠷᠲᠡᠭ ᠢ ᠠᠭᠤᠳᠠᠯᠬᠤ᠂ ᠲᠤᠭ᠎ᠠ ᠪᠠᠷᠢᠮᠲᠠ ᠶᠢᠨ | ᠪᠦᠲᠦᠭᠡᠭᠳᠡᠬᠦᠨ ᠢ ᠵᠣᠬᠢᠶᠠᠨ ᠪᠦᠲᠦᠭᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠳᠤ ᠣᠷᠣᠯᠴᠠᠭᠤᠯᠵᠤ᠂ ᠨᠢᠭᠡ | ᠪᠦᠯᠦᠭ ᠲᠤᠭ᠎ᠠ ᠪᠠᠷᠢᠮᠲᠠ ᠶᠢᠨ ᠰᠢᠨ᠎ᠡ ᠶᠢ ᠡᠭᠦᠳᠴᠦ ᠬᠡᠷᠡᠭᠯᠡᠭᠰᠡᠨ ᠨᠡᠶᠢᠲᠡᠯᠢᠭ ᠵᠢᠱᠢᠶ᠎ᠡ ᠶᠢ ᠪᠣᠢ ᠪᠣᠯᠭᠠᠵᠤ᠂ ᠲᠤᠭ᠎ᠠ | ᠪᠠᠷᠢᠮᠲᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠨᠡᠪᠴᠢᠭᠦᠯᠦᠨ ᠤᠯᠠᠷᠢᠭᠤᠯᠬᠤ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠢᠯ ᠲᠥᠷᠥᠯ ᠯᠦᠭᠡ ᠬᠤᠯᠪᠣᠭᠳᠠᠬᠤ ᠲᠣᠯᠣᠭᠠᠢ ᠶᠢᠨ | ᠬᠡᠰᠡᠭ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ | ᠲᠦᠷᠭᠡᠳᠬᠡᠨ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠡᠷᠡᠭᠯᠡᠭᠡᠨ ᠤ ᠠᠬᠤᠢ ᠶᠢᠨ ᠥᠷᠭᠡᠴᠡ ᠪᠠ ᠭᠦᠨᠴᠡ ᠶᠢ | ᠥᠷᠭᠡᠳᠬᠡᠵᠦ᠂ ᠤᠯᠠᠨ ᠠᠬᠤᠢ ᠳᠠᠬᠢ ᠬᠡᠷᠡᠭᠯᠡᠯᠲᠡ᠂ ᠤᠯᠠᠨ ᠭᠤᠣᠯ ᠴᠣᠭᠴᠠ ᠶᠢᠨ ᠬᠠᠮ ᠬᠡᠷᠡᠭᠯᠡᠯᠲᠡ ᠪᠠᠷ | ᠳᠠᠮᠵᠢᠭᠤᠯᠤᠨ᠂ ᠤᠯᠠᠨ ᠶᠠᠩᠵᠤ ᠶᠢᠨ ᠦᠷᠳᠡᠭ ᠤᠨ ᠨᠡᠮᠡᠭᠳᠡᠯ ᠤᠨ ᠬᠡᠮᠵᠢᠶ᠎ᠡ ᠶᠢ ᠡᠭᠦᠳᠴᠦ᠂ ᠲᠤᠭ᠎ᠠ ᠪᠠᠷᠢᠮᠲᠠ ᠶᠢᠨ | ᠡᠯᠧᠮᠧᠨ᠋ᠲ ᠤᠨ ᠦᠷᠡᠵᠢᠬᠦᠨ ᠤ ᠦᠢᠯᠡᠳᠦᠯ ᠢ ᠪᠠᠳᠠᠷᠠᠭᠤᠯᠤᠨ᠎ᠠ᠃ | 9. ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ ᠲᠤᠭ᠎ᠠ ᠪᠠᠷᠢᠮᠲᠠ ᠶᠢᠨ ᠦᠢᠯᠡᠳᠪᠦᠷᠢᠯᠡᠯ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠠᠵᠤ | ᠠᠬᠤᠶᠢᠯᠠᠯ ᠲᠤᠭ᠎ᠠ ᠪᠠᠷᠢᠮᠲᠠ ᠴᠤᠭᠯᠠᠭᠤᠯᠬᠤ᠂ ᠤᠬᠢᠶᠠᠨ ᠪᠣᠯᠪᠠᠰᠤᠷᠠᠭᠤᠯᠬᠤ᠂ ᠲᠤᠭ᠎ᠠ ᠪᠠᠷᠢᠮᠲᠠ ᠶᠢ ᠵᠠᠳᠠᠯᠬᠤ᠂ ᠲᠤᠭ᠎ᠠ | ᠪᠠᠷᠢᠮᠲᠠ ᠳᠤ ᠲᠡᠮᠳᠡᠭ ᠬᠠᠳᠠᠬᠤ᠂ ᠲᠤᠭ᠎ᠠ ᠪᠠᠷᠢᠮᠲᠠ ᠳᠤ ᠪᠣᠯᠪᠠᠰᠤᠷᠠᠯ ᠬᠢᠬᠦ ᠵᠡᠷᠭᠡ ᠲᠤᠭ᠎ᠠ ᠪᠠᠷᠢᠮᠲᠠ ᠶᠢᠨ | ᠦᠢᠯᠡᠳᠪᠦᠷᠢᠯᠡᠯ ᠦᠢᠯᠡᠴᠢᠯᠡᠭᠡᠨ ᠥᠷᠨᠢᠭᠦᠯᠬᠦ ᠶᠢ ᠳᠡᠮᠵᠢᠵᠦ᠂ ᠠᠵᠤ ᠠᠬᠤᠶᠢᠯᠠᠯ ᠲᠤᠭ᠎ᠠ ᠪᠠᠷᠢᠮᠲᠠ ᠶᠢᠨ | ᠦᠢᠯᠡᠳᠪᠦᠷᠢᠯᠡᠯ ᠤᠨ ᠱᠤᠭᠤᠮ ᠢ ᠰᠤᠳᠤᠯᠤᠨ ᠨᠡᠭᠡᠭᠡᠵᠦ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠲᠤᠭ᠎ᠠ | ᠪᠠᠷᠢᠮᠲᠠ ᠶᠢᠨ ᠦᠢᠯᠡᠳᠪᠦᠷᠢᠯᠡᠯ ᠤᠨ ᠠᠦᠲ᠋ᠣᠴᠢᠯᠠᠬᠤ ᠶᠢ ᠠᠬᠢᠭᠤᠯᠤᠨ᠎ᠠ᠃ ᠲᠤᠭ᠎ᠠ ᠪᠠᠷᠢᠮᠲᠠ ᠶᠢᠨ ᠬᠡᠷᠡᠭᠯᠡᠭᠡᠨ ᠤ | ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠠᠵᠤ ᠠᠬᠤᠶᠢᠯᠠᠯ ᠤᠨ ᠡᠯᠪᠡᠭ ᠪᠠᠶᠠᠯᠢᠭ ᠲᠤᠭ᠎ᠠ ᠪᠠᠷᠢᠮᠲᠠ ᠶᠢᠨ | ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ ᠪᠠ ᠬᠠᠩᠭᠠᠵᠤ᠂ ᠣᠶᠤᠨᠴᠢ ᠡᠨᠧᠷᠭᠢ᠂ ᠣᠶᠤᠨᠴᠢ | ᠦᠢᠯᠡᠳᠬᠡᠯ᠂ ᠣᠶᠤᠨᠴᠢ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠶᠤᠨᠴᠢ ᠰᠣᠶᠣᠯ | ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠵᠡᠷᠭᠡ ᠬᠦᠷᠢᠶᠡᠨ ᠳᠤ ᠲᠤᠭ᠎ᠠ ᠪᠠᠷᠢᠮᠲᠠ ᠶᠢᠨ | ᠡᠯᠧᠮᠧᠨ᠋ᠲ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠲᠤᠭ᠎ᠠ ᠪᠠᠷᠢᠮᠲᠠ ᠶᠢᠨ ᠠᠶᠤᠯᠭᠦᠢ ᠶᠢᠨ ᠦᠢᠯᠡᠴᠢᠯᠡᠭᠡᠨ ᠤ | ᠦᠢᠯᠡᠰ ᠢ ᠬᠥᠭᠵᠢᠭᠦᠯᠵᠦ᠂ ᠠᠵᠤ ᠠᠬᠤᠶᠢᠯᠠᠯ ᠲᠤᠭ᠎ᠠ ᠪᠠᠷᠢᠮᠲᠠ ᠶᠢᠨ ᠠᠶᠤᠯᠭᠦᠢ ᠶᠢ ᠦᠨᠡᠯᠡᠬᠦ᠂ ᠡᠳ᠋ ᠬᠥᠷᠥᠩᠭᠡ ᠶᠢ | ᠬᠠᠮᠠᠭᠠᠯᠠᠬᠤ᠂ ᠲᠤᠭ᠎ᠠ ᠪᠠᠷᠢᠮᠲᠠ ᠶᠢᠨ ᠬᠠᠷᠰᠢᠮᠠᠲᠠᠭᠠᠢ ᠶᠢ ᠲᠠᠶᠢᠯᠬᠤ᠂ ᠬᠠᠳᠠᠭᠠᠯᠠᠵᠤ ᠨᠢᠭᠤᠴᠠᠯᠠᠬᠤ᠂ ᠨᠢᠭᠤᠴᠠᠯᠠᠵᠤ | ᠪᠤᠳᠤᠬᠤ᠂ ᠰᠢᠨᠵᠢᠯᠡᠵᠦ ᠭᠡᠷᠡᠴᠢᠯᠡᠬᠦ᠂ ᠬᠢᠨᠠᠨ ᠬᠡᠮᠵᠢᠵᠦ ᠰᠡᠷᠡᠮᠵᠢᠯᠡᠭᠦᠯᠬᠦ ᠵᠡᠷᠭᠡ ᠪᠦᠲᠦᠭᠡᠭᠳᠡᠬᠦᠨ ᠪᠠ ᠦᠢᠯᠡᠴᠢᠯᠡᠭᠡ ᠶᠢ | ᠨᠡᠭᠡᠭᠡᠨ ᠬᠥᠭᠵᠢᠭᠦᠯᠬᠦ ᠶᠢ ᠳᠡᠮᠵᠢᠨ᠎ᠡ᠃ | | | ︵ᠳᠥᠷᠪᠡ︶ ᠲᠤᠭ᠎ᠠ ᠪᠠᠷᠢᠮᠲᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶᠠᠨ ᠤ ᠰᠢᠰᠲ᠋ᠧᠮᠵᠢ ᠶᠢ | ᠪᠠᠶᠢᠭᠤᠯᠤᠨ᠎ᠠ | 10. ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠭᠦᠨᠵᠡᠭᠡᠢ ᠠᠭᠤᠳᠠᠯᠤᠨ᠎ᠠ᠃ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢᠨ ᠪᠠᠶᠢᠴᠠᠭᠠᠯᠲᠠ ᠶᠢ ᠥᠷᠨᠢᠭᠦᠯᠵᠦ᠂ ᠵᠠᠰᠠᠭ ᠤᠨ ᠣᠷᠳᠣᠨ ᠤ ᠲᠠᠯ᠎ᠠ ᠶᠢᠨ ᠨᠡᠶᠢᠭᠡᠮ ᠤᠨ ᠲᠤᠭ᠎ᠠ | ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠪᠠ ᠨᠡᠶᠢᠭᠡᠮ ᠤᠨ ᠲᠠᠯ᠎ᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠤᠨ᠂ ᠲᠤᠭ᠎ᠠ ᠪᠠᠷᠢᠮᠲᠠ ᠶᠢᠨ ᠵᠠᠭᠤᠴᠢᠯᠠᠭᠴᠢ ᠵᠡᠷᠭᠡ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠤᠭ᠎ᠠ ᠪᠠᠷᠢᠮᠲᠠ ᠶᠢᠨ | ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠠᠬᠤ ᠳᠤ ᠣᠷᠣᠯᠴᠠᠭᠤᠯᠤᠨ᠎ᠠ᠃ ᠣᠷᠣᠨ | ᠪᠠᠶᠢᠷᠢ ᠶᠢᠨ ᠬᠡᠷᠡᠭᠯᠡᠯᠲᠡ ᠪᠠᠷ ᠵᠢᠯᠣᠭᠤᠳᠤᠮᠵᠢ ᠪᠣᠯᠭᠠᠵᠤ᠂ ᠪᠤᠳᠤᠬᠤ ᠬᠦᠴᠦᠨ᠂ ᠠᠮᠢ ᠠᠬᠤᠢ ᠶᠢᠨ ᠣᠷᠴᠢᠨ ᠲᠣᠭᠤᠷᠢᠨ᠂ | ᠡᠮᠴᠢᠯᠡᠭᠡ ᠡᠷᠡᠭᠦᠯ ᠮᠡᠨᠳᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ | ᠠᠵᠤ ᠦᠢᠯᠡᠳᠪᠦᠷᠢ ᠶᠢᠨ ᠦᠢᠯᠡᠳᠬᠡᠯ᠂ ᠡᠨᠧᠷᠭᠢ ᠴᠠᠬᠢᠯᠭᠠᠨ ᠬᠦᠴᠦᠨ᠂ ᠨᠡᠶᠢᠭᠡᠮ ᠤᠨ ᠵᠠᠰᠠᠯᠲᠠ᠂ ᠰᠤᠷᠭᠠᠨ | ᠬᠥᠮᠦᠵᠢᠯ᠂ ᠰᠣᠶᠣᠯ ᠵᠢᠭᠤᠯᠴᠢᠯᠠᠯ᠂ ᠴᠠᠭ ᠠᠭᠤᠷ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶᠡᠨ ᠳᠤ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠵᠤ᠂ ᠲᠤᠭ᠎ᠠ ᠪᠠᠷᠢᠮᠲᠠ ᠶᠢᠨ ᠪᠦᠲᠦᠭᠡᠭᠳᠡᠬᠦᠨ ᠪᠠ | ᠦᠢᠯᠡᠴᠢᠯᠡᠭᠡᠨ ᠤ ᠤᠯᠠᠨ ᠶᠠᠩᠵᠤ ᠶᠢᠨ ᠰᠢᠨ᠎ᠡ ᠶᠢ ᠡᠭᠦᠳᠬᠦ ᠪᠠ ᠬᠠᠩᠭᠠᠯᠭ᠎ᠠ ᠶᠢ ᠳᠠᠶᠢᠴᠢᠯᠠᠵᠤ᠂ ᠮᠠᠨ ᠤ ᠬᠤᠲᠠ ᠶᠢᠨ | ᠣᠨᠴᠠᠯᠢᠭ ᠲᠠᠢ ᠲᠤᠭ᠎ᠠ ᠪᠠᠷᠢᠮᠲᠠ ᠶᠢᠨ ᠭᠦᠢᠯᠭᠡᠭᠡ ᠶᠢ ᠬᠡᠷᠡᠭᠯᠡᠬᠦ ᠲᠤᠬᠠᠶᠢᠯᠠᠭᠰᠠᠨ ᠠᠵᠢᠯ ᠤᠨ ᠰᠢᠰᠲ᠋ᠧᠮᠵᠢ ᠪᠠ ᠠᠵᠤ | ᠦᠢᠯᠡᠰ ᠤᠨ ᠠᠮᠢ ᠠᠬᠤᠢ ᠶᠢ ᠪᠤᠢ ᠪᠣᠯᠭᠠᠨ᠎ᠠ᠃ | 11. ᠲᠤᠭ᠎ᠠ ᠪᠠᠷᠢᠮᠲᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶᠠᠨ ᠤ ᠦᠢᠯᠡᠴᠢᠯᠡᠭᠡᠨ ᠤ ᠠᠮᠢ | ᠠᠬᠤᠢ ᠶᠢ ᠪᠣᠶᠢᠵᠢᠭᠤᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ᠂ ᠨᠡᠶᠢᠭᠡᠮ ᠤᠨ ᠲᠤᠭ᠎ᠠ ᠪᠠᠷᠢᠮᠲᠠ᠂ ᠪᠣᠳᠣᠬᠤ | ᠬᠦᠴᠦᠨ᠂ ᠪᠣᠳᠣᠬᠤ ᠠᠷᠭ᠎ᠠ᠂ ᠵᠠᠳᠠᠯᠬᠤ ᠪᠠᠭᠠᠵᠢ᠂ ᠲᠤᠭ᠎ᠠ ᠪᠠᠷᠢᠮᠲᠠ ᠶᠢ ᠰᠢᠢᠳᠪᠦᠷᠢᠯᠡᠬᠦ ᠲᠥᠰᠥᠯ ᠤᠨ ᠲᠣᠭᠤᠷᠢᠨ ᠳᠤ | ᠲᠤᠰᠬᠠᠶᠢᠵᠢᠭᠰᠠᠨ ᠲᠤᠭ᠎ᠠ ᠪᠠᠷᠢᠮᠲᠠ ᠡᠵᠡᠩᠨᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ᠂ ᠲᠤᠭ᠎ᠠ | ᠪᠠᠷᠢᠮᠲᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶᠠᠨ ᠤ ᠪᠦᠲᠦᠭᠡᠭᠳᠡᠬᠦᠨ ᠪᠠ ᠦᠢᠯᠡᠴᠢᠯᠡᠭᠡᠨ ᠢ | ᠪᠠᠶᠠᠯᠢᠭᠵᠢᠭᠤᠯᠤᠨ᠎ᠠ᠃ ᠲᠤᠭ᠎ᠠ ᠪᠠᠷᠢᠮᠲᠠ ᠶᠢ ᠵᠠᠰᠠᠬᠤ᠂ ᠲᠣᠭᠲᠠᠭᠠᠯ ᠳᠤ ᠨᠡᠶᠢᠴᠡᠬᠦ ᠶᠢ ᠭᠡᠷᠡᠴᠢᠯᠡᠬᠦ᠂ ᠲᠤᠭ᠎ᠠ ᠪᠠᠷᠢᠮᠲᠠ ᠶᠢ | ᠦᠨᠡᠯᠡᠬᠦ᠂ ᠡᠳ᠋ ᠬᠥᠷᠥᠩᠭᠡ ᠶᠢ ᠦᠨᠡᠯᠡᠬᠦ᠂ ᠠᠶᠤᠯᠭᠦᠢ ᠶᠢ ᠬᠢᠨᠠᠨ ᠪᠤᠳᠤᠬᠤ᠂ ᠮᠠᠷᠭᠤᠯᠳᠤᠭᠠᠨ ᠢ ᠬᠥᠨᠳᠡᠯᠡᠨ ᠠᠴᠠ | ᠲᠠᠰᠤᠯᠬᠤ᠂ ᠴᠢᠳᠠᠪᠤᠷᠢᠲᠠᠨ ᠢ ᠪᠣᠯᠪᠠᠰᠤᠷᠠᠭᠤᠯᠬᠤ ᠵᠡᠷᠭᠡ ᠭᠤᠷᠪᠠᠳᠠᠭᠢ ᠡᠲᠡᠭᠡᠳ ᠤᠨ ᠲᠤᠰᠬᠠᠢ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠬᠥᠮᠥᠵᠢᠭᠦᠯᠦᠨ ᠪᠣᠶᠢᠵᠢᠭᠤᠯᠵᠤ᠂ ᠲᠤᠭ᠎ᠠ | ᠪᠠᠷᠢᠮᠲᠠ ᠶᠢᠨ ᠭᠦᠢᠯᠭᠡᠭᠡᠨ ᠠᠷᠠᠯᠵᠢᠶᠠᠨ ᠤ ᠪᠦᠬᠦ ᠴᠤᠪᠤᠷᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠤᠳᠤᠬᠤ ᠬᠦᠴᠦᠨ ᠬᠢᠭᠡᠳ ᠬᠢᠮᠡᠯ ᠣᠶᠣᠨ ᠤ ᠠᠵᠤ ᠦᠢᠯᠡᠰ ᠤᠨ ᠨᠡᠶᠢᠭᠡᠮᠯᠢᠭ ᠪᠠᠶᠢᠭᠤᠯᠬᠤ ᠶᠢ ᠳᠡᠮᠵᠢᠵᠦ᠂ | ᠪᠣᠳᠣᠯᠭ᠎ᠠ ᠶᠢᠨ ᠬᠦᠴᠦᠨ᠂ ᠬᠢᠮᠡᠯ ᠤᠶᠤᠨ᠂ ᠲᠤᠭ᠎ᠠ ᠪᠠᠷᠢᠮᠲᠠ ᠦᠢᠯᠡᠳᠪᠦᠷᠢᠯᠡᠬᠦ᠂ ᠪᠣᠯᠪᠠᠰᠤᠷᠠᠭᠤᠯᠤᠨ ᠰᠢᠢᠳᠪᠦᠷᠢᠯᠡᠬᠦ᠂ | ᠭᠦᠢᠯᠭᠡᠭᠡᠨ ᠳᠤ ᠣᠷᠣᠭᠤᠯᠵᠤ ᠠᠷᠠᠯᠵᠢᠶᠠᠯᠠᠬᠤ᠂ ᠰᠢᠨ᠎ᠡ ᠶᠢ ᠡᠭᠦᠳᠦᠨ ᠬᠡᠷᠡᠭᠯᠡᠬᠦ᠂ ᠠᠮᠤᠷ ᠲᠦᠪᠰᠢᠨ ᠤ ᠵᠠᠰᠠᠯᠲᠠ᠂ ᠠᠮᠢ | ᠠᠬᠤᠢ ᠶᠢᠨ ᠦᠢᠯᠡᠴᠢᠯᠡᠭᠡ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠭᠤᠭᠴᠤᠭ᠎ᠠ ᠶᠢᠨ ᠲᠣᠭᠤᠷᠢᠨ ᠳᠤ ᠪᠤᠳᠤᠬᠤ | ᠬᠦᠴᠦᠨ᠂ ᠬᠢᠮᠡᠯ ᠣᠶᠤᠨ ᠵᠢᠴᠢ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠡᠯᠪᠡᠷᠢ ᠶᠢᠨ ᠠᠵᠤ ᠠᠬᠤᠶᠢᠯᠠᠯ ᠢ | ᠲᠥᠪᠯᠡᠷᠡᠭᠦᠯᠵᠦ᠂ ᠣᠯᠠᠨ ᠶᠠᠩᠵᠤ ᠶᠢᠨ ᠲᠥᠪᠯᠡᠷᠡᠭᠰᠡᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠤ ᠦᠢᠯᠡᠰ ᠤᠨ | ᠬᠥᠭᠵᠢᠯᠲᠡ ᠶᠢᠨ ᠠᠮᠢ ᠠᠬᠤᠢ ᠶᠢ ᠪᠠᠶᠢᠭᠤᠯᠤᠨ᠎ᠠ᠃ | 12. ᠲᠤᠭ᠎ᠠ ᠪᠠᠷᠢᠮᠲᠠ ᠶᠢᠨ ᠭᠦᠢᠯᠭᠡᠭᠡᠨ ᠤ ᠠᠷᠠᠯᠵᠢᠶᠠᠨ ᠤ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ | ᠪᠠᠶᠢᠬᠤ ᠶᠢ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠠᠷᠠᠯᠵᠢᠶ᠎ᠠ ᠶᠢᠨ | ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ | ᠭᠦᠢᠯᠭᠡᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠳᠤ ᠲᠦᠰᠢᠭᠯᠡᠨ᠂ ᠬᠥᠭᠵᠢᠯᠲᠡ ᠶᠢᠨ | ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠲᠤᠭ᠎ᠠ ᠪᠠᠷᠢᠮᠲᠠ ᠶᠢᠨ ᠠᠷᠠᠯᠵᠢᠶᠠᠨ ᠤ ᠲᠠᠯᠠᠪᠠᠶ ᠶᠢᠨ ᠳᠣᠲᠣᠷᠠᠬᠢ ᠪᠠ | ᠲᠠᠯᠠᠪᠠᠶ ᠶᠢᠨ ᠭᠠᠳᠠᠨᠠᠬᠢ ᠵᠠᠬ᠎ᠠ ᠳᠡᠯᠭᠡᠭᠦᠷ ᠤᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠲᠠᠢ ᠢᠳᠡᠪᠬᠢᠲᠡᠢ ᠪᠠᠷ ᠬᠠᠮᠵᠢᠯᠴᠠᠨ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠤᠨ | ᠪᠠᠶᠢᠭᠤᠯᠤᠯᠲᠠ ᠶᠢ ᠲᠦᠷᠭᠡᠳᠬᠡᠵᠦ᠂ ᠲᠣᠭᠲᠠᠭᠠᠯ ᠳᠤ ᠨᠡᠶᠢᠴᠡᠬᠦ ᠠᠷᠠᠯᠵᠢᠶᠠᠨ ᠤ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠨᠡᠶᠢᠭᠡᠮ ᠤᠨ ᠲᠤᠭ᠎ᠠ ᠪᠠᠷᠢᠮᠲᠠ ᠶᠢ ︽ᠨᠢᠭᠡᠳᠦᠯᠲᠡᠢ | ᠬᠤᠳᠠᠯᠳᠤᠨ ᠠᠪᠴᠤ ᠰᠠᠯᠭᠠᠨ ᠬᠡᠷᠡᠭᠯᠡᠬᠦ︾ ᠶᠢ ᠠᠬᠢᠭᠤᠯᠵᠤ᠂ ᠵᠠᠰᠠᠭ ᠤᠨ ᠣᠷᠳᠣᠨ ᠤ ᠲᠠᠯ᠎ᠠ ᠶᠢᠨ ᠬᠡᠷᠡᠭᠴᠡᠭᠡ | ᠱᠠᠭᠠᠷᠳᠠᠯᠭ᠎ᠠ ᠪᠠᠷ ᠨᠡᠶᠢᠭᠡᠮ ᠤᠨ ᠲᠠᠯ᠎ᠠ ᠶᠢᠨ ᠲᠤᠭ᠎ᠠ ᠪᠠᠷᠢᠮᠲᠠ ᠶᠢᠨ ᠭᠦᠢᠯᠭᠡᠭᠡᠨ ᠤ ᠠᠷᠠᠯᠵᠢᠶᠠᠨ ᠤ ᠠᠮᠢᠵᠢᠷᠠᠯ ᠤᠨ | ᠬᠦᠴᠦᠨ ᠢ ᠬᠥᠭᠵᠢᠭᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠢᠨᠲ᠋ᠧᠷ ᠰᠦᠯᠵᠢᠶᠡᠨ ᠤ ᠲᠠᠪᠴᠠᠩ ᠤᠨ | ᠠᠵᠤ ᠠᠬᠤᠶᠢᠯᠠᠯ ᠤᠨ ᠬᠢᠨ ᠤ ᠣᠯᠠᠨ ᠨᠡᠶᠢᠲᠡ ᠶᠢᠨ ᠰᠢᠨᠵᠢ ᠴᠢᠨᠠᠷ ᠲᠠᠢ ᠲᠤᠭ᠎ᠠ ᠪᠠᠷᠢᠮᠲᠠ ᠶᠢᠨ ᠡᠯᠧᠮᠧᠨ᠋ᠲ ᠢ | ᠲᠠᠯᠠᠪᠠᠢ ᠳᠤ ᠣᠷᠣᠭᠤᠯᠤᠨ ᠠᠷᠠᠯᠵᠢᠶᠠᠯᠠᠬᠤ ᠬᠡᠪᠴᠢᠶᠡᠨ ᠳᠤ ᠣᠷᠣᠭᠤᠯᠬᠤ ᠶᠢ ᠳᠡᠮᠵᠢᠵᠦ᠂ ᠡᠯ᠎ᠡ ᠲᠥᠷᠥᠯ ᠤᠨ | ᠲᠤᠭ᠎ᠠ ᠪᠠᠷᠢᠮᠲᠠ ᠶᠢᠨ ᠬᠤᠳᠠᠯᠳᠤᠭᠠᠴᠢᠨ ᠲᠠᠯᠠᠪᠠᠢ ᠳᠤ ᠣᠷᠣᠨ ᠠᠷᠠᠯᠵᠢᠶᠠᠯᠠᠬᠤ ᠶᠢ ᠬᠥᠲᠥᠯᠥᠨ ᠵᠢᠯᠣᠭᠤᠳᠤᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠬᠢᠯᠢ ᠠᠯᠤᠰᠯᠠᠭᠰᠠᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠲᠤᠭ᠎ᠠ ᠪᠠᠷᠢᠮᠲᠠ ᠶᠢᠨ ᠠᠶᠤᠯᠭᠦᠢ ᠲᠣᠭᠲᠠᠭᠠᠯ ᠳᠤ ᠨᠡᠶᠢᠴᠡᠭᠰᠡᠨ ᠬᠢᠯᠢ ᠠᠯᠤᠰᠯᠠᠭᠰᠠᠨ ᠬᠤᠣᠰ | ᠴᠢᠭᠯᠡᠯ ᠲᠠᠢ ᠭᠦᠢᠯᠭᠡᠭᠡᠨ ᠤ ᠠᠷᠠᠯᠵᠢᠶ᠎ᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | | | ︵ᠲᠠᠪᠤ︶ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠰᠢᠭ ᠣᠷᠤᠯᠭ᠎ᠠ ᠶᠢᠨ ᠬᠤᠪᠢᠶᠠᠷᠢᠯᠠᠯᠲᠠ ᠪᠠ ᠲᠤᠭ᠎ᠠ | ᠪᠠᠷᠢᠮᠲᠠ ᠶᠢᠨ ᠡᠳ᠋ ᠬᠥᠷᠥᠩᠭᠡ ᠶᠢᠨ ᠪᠦᠷᠢᠳᠬᠡᠯ ᠢ ᠦᠨᠡᠯᠡᠨ ᠵᠢᠱᠢᠬᠦ ᠳᠦᠷᠢᠮ ᠢ ᠪᠠᠶᠢᠭᠤᠯᠤᠨ᠎ᠠ | 13. ᠲᠤᠭ᠎ᠠ ᠪᠠᠷᠢᠮᠲᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ | ᠪᠠᠶᠢᠭᠤᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠦᠨ᠎ᠡ ᠬᠠᠩᠰᠢ ᠶᠢ ᠪᠦᠷᠢᠯᠳᠦᠭᠦᠯᠬᠦ ᠲᠣᠭᠲᠠᠴᠠ ᠶᠢᠨ | ᠲᠤᠬᠠᠢ ᠤᠯᠤᠰ ᠤᠨ ᠳᠦᠷᠢᠮ ᠤᠨ ᠵᠢᠷᠤᠭ ᠲᠥᠰᠥᠯ ᠪᠠ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠵᠠᠰᠠᠭ ᠤᠨ ᠣᠷᠳᠣᠨ ᠠᠴᠠ ᠵᠢᠯᠣᠭᠤᠳᠤᠨ ᠦᠨ᠎ᠡ | ᠲᠣᠭᠲᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠤᠭ᠎ᠠ ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢᠨ | ᠬᠠᠷᠢᠴᠠᠭ᠎ᠠ ᠪᠠ ᠬᠡᠷᠡᠭᠯᠡᠯᠲᠡ ᠶᠢᠨ ᠥᠷᠲᠡᠭ ᠢ ᠲᠤᠰᠬᠠᠭᠰᠠᠨ ᠦᠨ᠎ᠡ ᠬᠠᠩᠰᠢ ᠶᠢ ᠪᠦᠷᠢᠯᠳᠦᠭᠦᠯᠬᠦ ᠲᠣᠭᠲᠠᠴᠠ ᠶᠢ | ᠪᠠᠶᠢᠭᠤᠯᠵᠤ᠂ ︽ᠬᠡᠨ ᠣᠷᠣᠭᠤᠯᠵᠤ᠂ ᠬᠡᠨ ᠬᠤᠪᠢ ᠨᠡᠮᠡᠷᠢ ᠦᠵᠡᠭᠦᠯᠪᠡᠯ᠂ ᠬᠡᠨ ᠠᠰᠢᠭ ᠬᠦᠷᠲᠡᠬᠦ︾ ᠵᠠᠷᠴᠢᠮ ᠶᠣᠰᠣᠭᠠᠷ᠂ | ᠠᠰᠢᠭ ᠬᠤᠪᠢᠶᠠᠬᠤ᠂ ᠬᠤᠪᠢ ᠰᠠᠭᠤᠳᠬᠠᠬᠤ ᠵᠡᠷᠭᠡ ᠣᠯᠠᠨ ᠵᠦᠢᠯ ᠤᠨ ᠠᠰᠢᠭ ᠣᠷᠣᠯᠭ᠎ᠠ ᠶᠢ ᠬᠠᠮᠲᠤᠪᠠᠷ ᠡᠳ᠋ᠯᠡᠬᠦ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠭ᠎ᠠ ᠪᠠᠷᠢᠮᠲᠠ ᠴᠤᠭᠯᠠᠭᠤᠯᠬᠤ᠂ ᠪᠣᠯᠪᠠᠰᠤᠷᠠᠭᠤᠯᠬᠤ᠂ ᠭᠦᠢᠯᠭᠡᠭᠡᠬᠦ᠂ ᠬᠡᠷᠡᠭᠯᠡᠬᠦ | ᠵᠡᠷᠭᠡ ᠠᠳᠠᠯᠢ ᠪᠤᠰᠤ ᠭᠤᠭᠴᠤᠭ᠎ᠠ ᠶᠢᠨ ᠬᠠᠮᠢᠶ᠎ᠠ ᠪᠦᠬᠦᠢ ᠭᠤᠣᠯ ᠴᠣᠭᠴᠠ ᠶᠢᠨ ᠬᠤᠭᠤᠷᠣᠨᠳᠣᠬᠢ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢ ᠲᠡᠩᠴᠡᠭᠦᠷᠢ ᠲᠠᠢ ᠪᠠᠷ ᠬᠠᠮᠲᠤ ᠳᠤ ᠨᠢ ᠬᠠᠷᠠᠭᠠᠯᠵᠠᠨ᠎ᠠ᠃ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠡᠬᠢ ᠪᠠᠶᠠᠯᠢᠭ ᠲᠤ ᠨᠡᠭᠡᠭᠡᠯᠲᠡ ᠬᠢᠵᠦ ᠠᠰᠢᠭ ᠣᠷᠣᠯᠭ᠎ᠠ ᠶᠢ ᠵᠦᠢ ᠵᠣᠬᠢᠰᠲᠠᠢ ᠬᠤᠪᠢᠶᠠᠨ | ᠡᠳ᠋ᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠬᠠᠤᠯᠢ ᠲᠣᠭᠲᠠᠭᠠᠯ ᠶᠣᠰᠣᠭᠠᠷ ᠣᠯᠠᠨ | ᠨᠡᠶᠢᠲᠡ ᠶᠢᠨ ᠲᠤᠭ᠎ᠠ ᠪᠠᠷᠢᠮᠲᠠ ᠳᠤ ᠲᠦᠰᠢᠭᠯᠡᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ᠎ᠠ᠃ | 14. ᠲᠤᠭ᠎ᠠ ᠪᠠᠷᠢᠮᠲᠠ ᠶᠢᠨ ᠡᠳ᠋ ᠬᠥᠷᠥᠩᠭᠡ ᠶᠢ ᠳᠡᠩᠰᠡᠯᠡᠵᠦ ᠦᠨᠡᠯᠡᠬᠦ ᠠᠵᠢᠯ ᠢ ᠰᠦᠪᠡᠭᠴᠢᠯᠡᠨ | ᠥᠷᠨᠢᠭᠦᠯᠦᠨ᠎ᠡ᠃ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ | ᠳᠦᠷᠢᠮ ᠢ ᠪᠠᠶᠢᠭᠤᠯᠵᠤ᠂ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠦᠨᠡᠮᠯᠡᠯ ᠪᠢᠴᠢᠭ ᠢ | ᠪᠣᠢ ᠪᠣᠯᠭᠠᠬᠤ᠂ ᠬᠠᠳᠠᠭᠠᠯᠠᠬᠤ᠂ ᠴᠤᠭᠯᠠᠭᠤᠯᠬᠤ᠂ ᠡᠷᠭᠢᠯᠳᠦᠭᠦᠯᠬᠦ ᠪᠠ ᠬᠡᠷᠡᠭᠯᠡᠬᠦ ᠶᠢ ᠪᠦᠬᠦ ᠶᠠᠪᠤᠴᠠ ᠪᠠᠷ ᠬᠠᠮᠢᠶᠠᠷᠤᠨ᠎ᠠ᠃ | ᠪᠥᠬᠦ ᠬᠤᠲᠠ ᠶᠢᠨ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢ ᠨᠢᠭᠡᠳᠦᠯᠲᠡᠢ ᠳᠡᠩᠰᠡᠯᠡᠵᠦ ᠣᠷᠣᠭᠤᠯᠬᠤ᠂ | ᠴᠥᠷᠬᠡᠯᠡᠭᠡ ᠳᠤ ᠣᠷᠣᠭᠤᠯᠵᠤ ᠭᠡᠷᠡᠴᠢ ᠪᠣᠯᠭᠠᠨ ᠬᠠᠳᠠᠭᠠᠯᠠᠬᠤ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠳ᠋ | ᠬᠥᠷᠥᠩᠭᠡ ᠶᠢᠨ ᠳᠠᠩᠰᠠᠯᠠᠯᠲᠠ ᠶᠢᠨ ᠭᠠᠷᠴᠠᠭ ᠢ ᠪᠣᠶ ᠪᠣᠯᠭᠠᠵᠤ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ | ᠠᠵᠤ ᠠᠬᠤᠶᠢᠯᠠᠯ ᠵᠢᠴᠢ ᠨᠥᠬᠦᠴᠡᠯ ᠲᠠᠢ ᠠᠵᠤ ᠠᠬᠤᠶᠢᠯᠠᠯ ᠢ ᠳᠡᠮᠵᠢᠵᠦ ᠪᠠᠶᠢᠭᠠᠳ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠪᠦᠷᠢᠳᠬᠡᠬᠦ᠂ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢ ᠬᠠᠷᠭᠤᠭᠤᠯᠤᠨ ᠰᠢᠯᠭᠠᠬᠤ᠂ ᠲᠣᠭᠲᠠᠭᠠᠯ ᠳᠤ | ᠨᠡᠶᠢᠴᠡᠬᠦ᠂ ᠳᠡᠩᠰᠡᠯᠡᠨ ᠲᠡᠮᠳᠡᠭᠯᠡᠬᠦ᠂ ᠦᠨᠡᠯᠡᠬᠦ ᠪᠠ ᠥᠷᠲᠡᠭ ᠢ ᠦᠨᠡᠯᠡᠨ ᠵᠢᠱᠢᠬᠦ ᠶᠢ ᠤᠷᠢᠳᠠᠪᠠᠷ ᠥᠷᠨᠢᠭᠦᠯᠦᠨ᠎ᠡ᠃ | ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠨᠢᠭᠡ ᠥᠷᠲᠡᠭᠡ ᠮᠠᠶ᠋ᠢᠭ ᠤᠨ ᠡᠵᠡᠩᠨᠡᠯᠲᠡ ᠶᠢᠨ ᠦᠢᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠴᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ | ᠡᠷᠬᠢᠯᠡᠬᠦ ᠭᠠᠵᠠᠷ᠂ ᠪᠠᠩᠬᠢ᠂ ᠲᠡᠮᠳᠡᠭᠲᠦ ᠶᠢᠨ ᠬᠡᠷᠡᠭ ᠡᠷᠬᠢᠯᠡᠬᠦ ᠭᠠᠵᠠᠷ ᠵᠡᠷᠭᠡ ᠪᠠᠶᠢᠭᠤᠯᠤᠮᠵᠢ ᠶᠢ ᠣᠷᠣᠭᠤᠯᠤᠨ | ᠠᠪᠴᠢᠷᠠᠵᠤ᠂ ᠪᠠᠷᠢᠮᠵᠢᠶᠠᠵᠢᠭᠤᠯᠤᠭᠰᠠᠨ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠦᠢᠯᠡᠴᠢᠯᠡᠭᠡᠨ ᠤ ᠴᠤᠪᠤᠷᠠᠯ ᠢ | ᠪᠣᠶ ᠪᠣᠯᠭᠠᠵᠤ᠂ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠬᠤ᠂ ᠳᠡᠩᠰᠡᠯᠡᠨ | ᠲᠡᠮᠳᠡᠭᠯᠡᠬᠦ᠂ ᠦᠨᠡᠯᠡᠨ ᠵᠢᠱᠢᠬᠦ᠂ ᠦᠨ᠎ᠡ ᠲᠣᠭᠲᠠᠭᠠᠬᠤ᠂ ᠬᠦᠰᠦᠨᠦᠭᠲᠦ ᠳᠤ ᠣᠷᠣᠭᠤᠯᠬᠤ᠂ ᠪᠡᠯᠡ ᠲᠣᠬᠢᠷᠠᠭᠤᠯᠭ᠎ᠠ ᠶᠢᠨ | ᠪᠥᠬᠦ ᠬᠡᠯᠬᠢᠶᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ | ᠥᠷᠲᠡᠭ ᠢ ᠪᠡᠯᠡᠨ ᠵᠣᠭᠤᠰ ᠪᠣᠯᠭᠠᠨ ᠬᠤᠪᠢᠷᠠᠭᠤᠯᠤᠨ᠎ᠠ᠃ | | | ︵ᠵᠢᠷᠭᠤᠭ᠎ᠠ︶ ᠲᠤᠭ᠎ᠠ ᠪᠠᠷᠢᠮᠲᠠ ᠶᠢᠨ ᠠᠶᠤᠯᠭᠦᠢ ᠶᠢᠨ ᠪᠠᠲᠤᠯᠠᠭ᠎ᠠ ᠬᠢᠭᠡᠳ ᠵᠠᠰᠠᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ | 15. ᠲᠤᠭ᠎ᠠ ᠪᠠᠷᠢᠮᠲᠠ ᠶᠢᠨ ᠠᠶᠤᠯᠭᠦᠢ ᠶᠢ ᠪᠠᠲᠤᠯᠠᠬᠤ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠠᠶᠤᠯᠭᠦᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠱᠠᠲᠤᠨ ᠤ ᠰᠠᠯᠠᠭ᠎ᠠ | ᠮᠥᠴᠢᠷ ᠵᠢᠴᠢ ᠬᠠᠮᠢᠶ᠎ᠠ ᠪᠦᠬᠦᠢ ᠠᠵᠢᠯ ᠲᠥᠷᠥᠯ ᠪᠠ ᠬᠦᠷᠢᠶ᠎ᠡ ᠴᠠᠷᠠᠭ᠎ᠠ ᠶᠢᠨ ᠴᠢᠬᠤᠯᠠ ᠲᠤᠭ᠎ᠠ ᠪᠠᠷᠢᠮᠲᠠ ᠶᠢᠨ | ᠪᠣᠳᠠᠲᠠᠢ ᠭᠠᠷᠴᠠᠭ ᠢ ᠵᠣᠬᠢᠶᠠᠨ ᠪᠠᠶᠢᠭᠤᠯᠤᠨ ᠲᠣᠭᠲᠠᠭᠠᠵᠤ᠂ ᠭᠠᠷᠴᠠᠭ ᠲᠤ ᠣᠷᠣᠭᠰᠠᠨ ᠲᠤᠭ᠎ᠠ ᠪᠠᠷᠢᠮᠲᠠ ᠶᠢ | ᠭᠤᠣᠯᠳᠠᠯᠭ᠎ᠠ ᠲᠠᠢ ᠬᠠᠮᠠᠭᠠᠯᠠᠨ᠎ᠠ᠃ ︽ᠡᠭᠦᠯᠡ᠂ ᠰᠦᠯᠵᠢᠶ᠎ᠡ᠂ ᠲᠤᠭ᠎ᠠ᠂ ᠲᠠᠪᠴᠠᠩ︾ ᠢ ᠨᠢᠭᠡ ᠴᠣᠭᠴᠠᠵᠢᠭᠤᠯᠤᠭᠰᠠᠨ | ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠲᠤᠭ᠎ᠠ ᠪᠠᠷᠢᠮᠲᠠ ᠶᠢ ᠠᠶᠤᠯᠭᠦᠢ ᠬᠠᠳᠠᠭᠠᠯᠠᠬᠤ᠂ | ᠢᠲᠡᠭᠡᠯ ᠲᠠᠢ ᠳᠠᠮᠵᠢᠭᠤᠯᠬᠤ᠂ ᠲᠤᠭ᠎ᠠ ᠪᠠᠷᠢᠮᠲᠠ ᠶᠢ ᠭᠡᠷᠡᠴᠢ ᠪᠣᠯᠭᠠᠨ ᠬᠠᠳᠠᠭᠠᠯᠠᠬᠤ ᠵᠡᠷᠭᠡ ᠥᠪᠡᠷ ᠤᠨ ᠤᠯᠤᠰ ᠤᠨ | ᠲᠤᠭ᠎ᠠ ᠪᠠᠷᠢᠮᠲᠠ ᠶᠢᠨ ᠠᠶᠤᠯᠭᠦᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠤᠭ᠎ᠠ ᠪᠠᠷᠢᠮᠲᠠ ᠶᠢᠨ ᠠᠶᠤᠯᠭᠦᠢ ᠶᠢᠨ ᠠᠶᠤᠯ ᠲᠦᠭᠰᠢᠭᠦᠷᠢ ᠶᠢ ᠦᠨᠡᠯᠡᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ | ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ︽P4︾ ᠲᠠᠰ ᠤᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠤᠷᠰᠢᠯᠲᠠ ᠶᠢᠨ ᠲᠠᠰᠤᠭ ᠢ | ᠪᠠᠶᠢᠭᠤᠯᠵᠤ᠂ ᠲᠤᠭ᠎ᠠ ᠪᠠᠷᠢᠮᠲᠠ ᠶᠢᠨ ᠬᠠᠷᠰᠢᠮᠠᠲᠠᠭᠠᠢ ᠶᠢ ᠲᠠᠶᠢᠯᠬᠤ᠂ ᠢᠲᠡᠭᠡᠮᠵᠢ ᠲᠠᠢ ᠪᠡᠶ᠎ᠡ ᠶᠢᠨ ᠭᠠᠷᠤᠯ ᠢ ᠭᠡᠷᠡᠴᠢᠯᠡᠬᠦ᠂ | ᠲᠤᠭ᠎ᠠ ᠪᠠᠷᠢᠮᠲᠠ ᠶᠢ ᠨᠢᠭᠤᠴᠠᠯᠠᠬᠤ᠂ ᠲᠤᠭ᠎ᠠ ᠪᠠᠷᠢᠮᠲᠠ ᠶᠢ ᠮᠥᠷᠳᠡᠬᠦ᠂ ᠠᠶᠤᠯ ᠲᠦᠭᠰᠢᠭᠦᠷᠢ ᠶᠢ ᠢᠯᠭᠠᠬᠤ ᠪᠠ | ᠰᠡᠷᠭᠡᠶᠢᠯᠡᠨ ᠬᠠᠮᠠᠭᠠᠯᠠᠬᠤ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠴᠥᠷᠬᠡᠯᠡᠭᠡ᠂ | ᠨᠢᠭᠤᠴᠠᠯᠠᠵᠤ ᠪᠣᠳᠣᠬᠤ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ | ᠠᠶᠤᠯᠭᠦᠢ ᠮᠥᠷᠳᠡᠵᠦ ᠪᠣᠯᠬᠤ᠂ ᠲᠤᠭ᠎ᠠ ᠪᠠᠷᠢᠮᠲᠠ ᠶᠢᠨ ᠦᠷ᠎ᠡ ᠳ᠋ᠦᠩ ᠢ ᠭᠡᠳᠡᠷᠭᠦ ᠪᠤᠳᠤᠵᠤ ᠪᠣᠯᠬᠤ ᠦᠭᠡᠢ ᠪᠠᠶᠢᠬᠤ ᠶᠢ | ᠦᠨᠡᠨᠬᠦ ᠪᠠᠲᠤᠯᠠᠨ᠎ᠠ᠃ | 16. ᠲᠤᠭ᠎ᠠ ᠪᠠᠷᠢᠮᠲᠠ ᠶᠢᠨ ᠡᠯᠧᠮᠧᠨ᠋ᠲ ᠤᠨ ᠪᠦᠬᠦ ᠶᠠᠪᠤᠴᠠ ᠶᠢᠨ ᠬᠢᠨᠠᠨ ᠬᠠᠮᠢᠶᠠᠷᠬᠤ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ᠲᠤᠭ᠎ᠠ ᠪᠠᠷᠢᠮᠲᠠ ᠶᠢ ᠬᠤᠯᠪᠤᠭᠠᠯᠠᠨ ᠬᠠᠮᠢᠶᠠᠷᠴᠤ ᠬᠤᠯᠪᠤᠭᠠᠯᠠᠨ ᠵᠠᠰᠠᠬᠤ | ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠭᠦᠢᠯᠭᠡᠭᠡᠨ ᠤ ᠪᠥᠬᠦ ᠶᠠᠪᠤᠴᠠ ᠶᠢᠨ ᠲᠣᠭᠲᠠᠭᠠᠯ ᠳᠤ | ᠨᠡᠶᠢᠴᠡᠬᠦ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠲᠤᠭ᠎ᠠ ᠪᠠᠷᠢᠮᠲᠠ ᠶᠢᠨ ᠡᠯᠧᠮᠧᠨ᠋ᠲ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠲᠤᠭ᠎ᠠ ᠪᠠᠷᠢᠮᠲᠠ ᠶᠢ ᠭᠠᠭᠴᠠᠭᠠᠷ | ᠡᠵᠡᠮᠰᠢᠬᠦ᠂ ᠲᠤᠭ᠎ᠠ ᠪᠠᠷᠢᠮᠲᠠ ᠶᠢᠨ ᠵᠦᠢ ᠪᠤᠰᠤ ᠥᠷᠢᠰᠦᠯᠳᠦᠭᠡᠨ᠂ ᠲᠤᠭ᠎ᠠ ᠪᠠᠷᠢᠮᠲᠠ ᠶᠢ ᠬᠠᠤᠯᠢ ᠪᠤᠰᠤ ᠪᠠᠷ | ᠬᠤᠪᠢᠷᠠᠭᠤᠯᠬᠤ ᠪᠠ ᠲᠤᠭ᠎ᠠ ᠪᠠᠷᠢᠮᠲᠠ ᠶᠢ ᠬᠤᠯᠠᠭᠠᠶᠢᠯᠠᠨ ᠬᠤᠳᠠᠯᠳᠤᠬᠤ ᠠᠵᠢᠯᠯᠠᠭ᠎ᠠ ᠳᠤ ᠬᠠᠤᠯᠢ ᠲᠣᠭᠲᠠᠭᠠᠯ | ᠶᠣᠰᠣᠭᠠᠷ ᠴᠣᠬᠢᠯᠲᠠ ᠥᠭᠴᠦ᠂ ᠲᠤᠭ᠎ᠠ ᠪᠠᠷᠢᠮᠲᠠ ᠶᠢᠨ ᠠᠷᠠᠯᠵᠢᠶᠠᠨ ᠤ ᠬᠠᠤᠯᠢ ᠲᠣᠭᠲᠠᠭᠠᠯ ᠳᠤ ᠨᠡᠶᠢᠴᠡᠬᠦ ᠶᠢ | ᠪᠠᠲᠤᠯᠠᠨ᠎ᠠ᠃ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠵᠤ᠂ | ᠲᠤᠭ᠎ᠠ ᠪᠠᠷᠢᠮᠲᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠰᠢᠨ᠎ᠡ ᠠᠵᠤ ᠦᠢᠯᠡᠰ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ | ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠠᠷᠠᠯᠵᠢᠶᠠᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠮᠠᠭᠠᠳᠯᠠᠨ | ᠲᠣᠭᠲᠠᠭᠠᠬᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ | ᠢᠲᠡᠭᠡᠮᠵᠢ ᠶᠢ ᠰᠡᠷᠭᠦᠭᠡᠬᠦ᠂ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠎ᠡ᠃ | 17. ᠲᠤᠭ᠎ᠠ ᠪᠠᠷᠢᠮᠲᠠ ᠶᠢᠨ ᠵᠠᠰᠠᠯᠲᠠ ᠶᠢᠨ ᠲᠣᠭᠲᠠᠴᠠ ᠳᠤ ᠰᠢᠨ᠎ᠡ ᠶᠢ ᠡᠭᠦᠳᠦᠨ᠎ᠡ᠃ ᠲᠤᠭ᠎ᠠ ᠪᠠᠷᠢᠮᠲᠠ | ᠴᠤᠭᠯᠠᠭᠤᠯᠬᠤ ᠪᠠ ᠵᠠᠯᠭᠠᠰᠤ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠤᠭ᠎ᠠ ᠪᠠᠷᠢᠮᠲᠠ ᠬᠠᠩᠭᠠᠬᠤ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠶᠢ ᠵᠠᠰᠠᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠬᠦ ᠪᠠ ᠬᠠᠷᠢᠭᠤ | ᠲᠤᠰᠬᠠᠬᠤ ᠲᠣᠭᠲᠠᠴᠠ ᠶᠢ ᠪᠠᠶᠢᠭᠤᠯᠤᠨ᠂ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠰᠠᠭᠤᠳᠠᠯ ᠢ | ᠢᠯᠭᠠᠨ ᠲᠠᠨᠢᠬᠤ᠂ ᠬᠡᠮᠵᠢᠬᠦ᠂ ᠬᠢᠨᠠᠨ ᠡᠵᠡᠮᠳᠡᠬᠦ ᠪᠠ ᠬᠠᠷᠢᠭᠤ ᠲᠤᠰᠬᠠᠵᠤ᠂ ᠲᠤᠭ᠎ᠠ ᠪᠠᠷᠢᠮᠲᠠ ᠶᠢ ᠡᠬᠢ ᠡᠭᠦᠰᠦᠯ ᠠᠴᠠ | ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢᠨ | ᠪᠣᠯᠪᠠᠰᠤᠷᠠᠭᠰᠠᠨ ᠬᠡᠮᠵᠢᠶ᠎ᠡ ᠶᠢ ᠦᠨᠡᠯᠡᠨ ᠵᠢᠱᠢᠬᠦ ᠵᠠᠭᠪᠤᠷ DCMM ᠤᠯᠤᠰ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠡᠯᠪᠡᠷᠢ ᠶᠢᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠲᠤᠭ᠎ᠠ ᠪᠠᠷᠢᠮᠲᠠ ᠶᠢᠨ ᠵᠠᠰᠠᠯᠲᠠ ᠶᠢ ᠰᠠᠶᠢᠲᠤᠷ ᠬᠢᠯᠭᠡᠵᠦ᠂ ᠲᠤᠭ᠎ᠠ ᠪᠠᠷᠢᠮᠲᠠ ᠶᠢᠨ | ᠪᠠᠶᠢᠯᠳᠤᠬᠤ ᠪᠣᠳᠣᠯᠭ᠎ᠠ᠂ ᠲᠤᠭ᠎ᠠ ᠪᠠᠷᠢᠮᠲᠠ ᠶᠢᠨ ᠵᠠᠰᠠᠯᠲᠠ᠂ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ᠂ ᠲᠤᠭ᠎ᠠ | ᠪᠠᠷᠢᠮᠲᠠ ᠶᠢᠨ ᠬᠡᠷᠡᠭᠯᠡᠯᠲᠡ ᠪᠠ ᠲᠤᠭ᠎ᠠ ᠪᠠᠷᠢᠮᠲᠠ ᠶᠢᠨ ᠠᠶᠤᠯᠭᠦᠢ ᠶᠢᠨ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠵᠢᠴᠢ ᠲᠤᠭ᠎ᠠ ᠪᠠᠷᠢᠮᠲᠠ ᠶᠢ ᠬᠡᠷᠡᠭᠯᠡᠬᠦ ᠶᠢ ᠦᠨᠡᠯᠡᠨ ᠵᠢᠱᠢᠬᠦ ᠭᠦᠢᠴᠡᠳᠬᠡᠯ | ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠡᠯ᠎ᠡ ᠬᠦᠷᠢᠶ᠎ᠡ ᠴᠠᠷᠠᠭ᠎ᠠ᠂ ᠠᠵᠢᠯ ᠲᠥᠷᠥᠯ ᠤᠨ ᠲᠣᠭᠠᠴᠢᠯᠠᠭᠰᠠᠨ | ᠬᠥᠭᠵᠢᠯᠲᠡ ᠶᠢᠨ ᠬᠢᠷᠢ ᠲᠦᠪᠰᠢᠨ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ | ᠦᠨᠡᠯᠡᠨ ᠵᠢᠱᠢᠵᠦ᠂ ᠪᠥᠬᠦ ᠬᠤᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠬᠡᠷᠡᠭᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ | ᠳᠡᠯᠭᠡᠭᠦᠷ ᠤᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢᠨ ᠡᠯᠧᠮᠧᠨ᠋ᠲ ᠤᠨ ᠬᠡᠯᠪᠡᠷᠢ ᠶᠢᠨ ᠠᠵᠤ ᠠᠬᠤᠶᠢᠯᠠᠯ ᠢ | ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠨᠡᠶᠢᠭᠡᠮ ᠤᠨ | ᠬᠥᠷᠥᠩᠭᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠲᠤᠭ᠎ᠠ ᠪᠠᠷᠢᠮᠲᠠ ᠶᠢᠨ ᠡᠯᠧᠮᠧᠨ᠋ᠲ ᠤᠨ ᠠᠵᠤ | ᠦᠢᠯᠡᠰ ᠤᠨ ᠬᠦᠷᠢᠶᠡᠨ ᠳᠤ ᠣᠷᠣᠭᠤᠯᠤᠯᠲᠠ ᠬᠢᠯᠭᠡᠵᠦ᠂ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ᠂ | ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠠᠷᠭ᠎ᠠ ᠮᠠᠶ᠋ᠢᠭ ᠢ | ᠠᠰᠢᠭᠯᠠᠨ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | | ︵ᠬᠤᠶᠠᠷ︶᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠠᠭᠤᠰᠤᠯᠴᠠᠭᠤᠯᠬᠤ ᠶᠢ ᠠᠬᠢᠭᠤᠯᠤᠨ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠠᠭᠤᠷᠢᠨ | ᠭᠠᠵᠠᠷ᠂ ᠲᠤᠷᠰᠢᠯᠲᠠ ᠶᠢᠨ ᠲᠠᠰᠤᠭ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ | ᠵᠡᠷᠭᠡ ᠬᠡᠯᠪᠡᠷᠢ ᠪᠠᠷ ᠣᠯᠠᠨ ᠡᠰᠢᠵᠢᠭᠰᠡᠨ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠥᠷᠭᠡᠳᠬᠡᠨ᠎ᠡ᠃ ᠲᠤᠭ᠎ᠠ | ᠪᠠᠷᠢᠮᠲᠠ ᠶᠢᠨ ᠠᠬᠠᠯᠠᠬᠤ ᠲᠤᠰᠢᠶᠠᠯᠲᠠᠨ ︵CDO︶᠂ ᠲᠤᠭ᠎ᠠ ᠪᠠᠷᠢᠮᠲᠠ ᠶᠢᠨ ᠲᠤᠰᠬᠠᠢ ᠲᠤᠰᠢᠶᠠᠯᠲᠠᠨ᠂ ᠵᠠᠳᠠᠯᠤᠭᠴᠢ᠂ | ᠲᠣᠭᠲᠠᠭᠠᠯ ᠳᠤ ᠨᠡᠶᠢᠴᠡᠬᠦ ᠶᠢ ᠪᠠᠶᠢᠴᠠᠭᠠᠭᠴᠢ᠂ ᠲᠡᠮᠳᠡᠭ ᠬᠠᠳᠠᠭᠴᠢ ᠵᠡᠷᠭᠡ ᠲᠤᠭ᠎ᠠ ᠪᠠᠷᠢᠮᠲᠠ ᠶᠢᠨ ᠡᠯᠧᠮᠧᠨ᠋ᠲ ᠤᠨ | ᠬᠦᠷᠢᠶᠡᠨ ᠤ ᠡᠯ᠎ᠡ ᠲᠥᠷᠥᠯ ᠤᠨ ᠴᠢᠳᠠᠪᠤᠷᠢᠲᠠᠨ ᠢ ᠢᠳᠡᠪᠬᠢᠲᠡᠢ ᠣᠷᠣᠭᠤᠯᠤᠨ ᠠᠪᠴᠢᠷᠠᠨ᠎ᠠ᠃ | ︵ᠭᠤᠷᠪᠠ︶ ᠤᠬᠠᠭᠤᠯᠵᠤ ᠳᠡᠯᠭᠡᠷᠡᠭᠦᠯᠬᠦ ᠶᠢ ᠴᠢᠩᠭᠠᠳᠬᠠᠨ᠎ᠠ᠃ ᠲᠣᠭᠠᠴᠢᠯᠠᠭᠰᠠᠨ ᠵᠦᠭ ᠬᠡᠯᠪᠡᠷᠢ ᠪᠠᠨ | ᠬᠤᠪᠢᠷᠠᠭᠤᠯᠬᠤ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠲᠤᠭ᠎ᠠ | ᠪᠠᠷᠢᠮᠲᠠ ᠶᠢᠨ ᠰᠢᠨ᠎ᠡ ᠶᠢ ᠡᠭᠦᠳᠦᠨ ᠬᠡᠷᠡᠭᠯᠡᠭᠰᠡᠨ ᠨᠡᠶᠢᠲᠡᠯᠢᠭ ᠵᠢᠱᠢᠶ᠎ᠡ᠂ ᠰᠢᠢᠳᠪᠦᠷᠢᠯᠡᠬᠦ ᠲᠥᠰᠥᠯ ᠢ ᠵᠣᠬᠢᠶᠠᠨ | ᠪᠠᠶᠢᠭᠤᠯᠤᠨ ᠰᠢᠯᠭᠠᠷᠠᠭᠤᠯᠵᠤ᠂ ᠨᠢᠭᠡ ᠪᠦᠯᠦᠭ ᠠᠷᠭ᠎ᠠ ᠬᠢᠳᠡᠯ᠂ ᠨᠡᠶᠢᠲᠡᠯᠢᠭ ᠬᠡᠪ ᠵᠠᠭᠪᠤᠷ ᠢ ᠳ᠋ᠦᠩᠨᠡᠨ ᠳᠡᠯᠭᠡᠷᠡᠭᠦᠯᠵᠦ᠂ | ᠡᠯ᠎ᠡ ᠲᠥᠷᠥᠯ ᠤᠨ ᠠᠵᠤ ᠠᠬᠤᠶᠢᠯᠠᠯ ᠪᠠ ᠴᠢᠳᠠᠪᠤᠷᠢᠲᠠᠨ ᠢ ᠲᠠᠲᠠᠵᠤ ᠲᠣᠭᠠᠴᠢᠯᠠᠭᠰᠠᠨ ᠬᠥᠬᠡᠬᠤᠲᠠ ᠶᠢᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠭᠦᠨᠵᠡᠭᠡᠶᠢᠷᠡᠭᠦᠯᠬᠦ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | | ︵ᠳᠥᠷᠪᠡ︶ ᠦᠨᠡᠯᠡᠨ ᠵᠢᠱᠢᠵᠦ ᠰᠢᠮᠳᠠᠭᠤᠯᠤᠨ ᠵᠢᠯᠤᠭᠤᠳᠬᠤ ᠶᠢ ᠨᠠᠶᠢᠳᠠᠪᠤᠷᠢᠵᠢᠭᠤᠯᠤᠨ᠎ᠠ᠃ ᠲᠤᠭ᠎ᠠ | ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠵᠢᠴᠢ ᠬᠤᠯᠪᠣᠭᠳᠠᠯ ᠪᠦᠬᠦᠢ ᠳᠦᠷᠢᠮ ᠤᠨ | ᠪᠠᠶᠢᠭᠤᠯᠤᠯᠲᠠ ᠶᠢᠨ ᠪᠠᠶᠢᠳᠠᠯ ᠢ ᠮᠥᠷᠳᠡᠨ ᠵᠠᠳᠠᠯᠬᠤ ᠶᠢ ᠴᠢᠩᠭᠠᠳᠬᠠᠵᠤ᠂ ᠠᠵᠢᠯ ᠤᠨ ᠠᠬᠢᠴᠠ ᠶᠢᠨ ᠪᠠᠶᠢᠳᠠᠯ ᠢ | ᠲᠣᠭᠲᠠᠭᠰᠠᠨ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠠᠮᠢᠶ᠎ᠠ ᠪᠦᠬᠦᠢ ᠳᠦᠷᠢᠮ ᠢ ᠴᠠᠭ ᠲᠤᠬᠠᠢ ᠳᠤᠨᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ |