ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠶ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2024/8/14
     ᠣᠷᠣᠨ  ᠰᠠᠭᠤᠴᠠ ᠶᠢᠨ  ᠠᠰᠠᠭᠤᠳᠠᠯ  ᠪᠣᠯ ᠠᠷᠠᠳ ᠤᠨ ᠠᠮᠢᠳᠤᠷᠠᠯ  ᠤᠨ  ᠴᠢᠬᠤᠯᠠ  ᠶᠡᠭᠡ ᠠᠰᠠᠭᠤᠳᠠᠯ  ᠪᠣᠯᠬᠤ  ᠪᠠᠷ ᠪᠠᠷᠠᠬᠤ  ᠦᠭᠡᠢ  ᠪᠠᠰᠠ  ᠴᠤ  ᠴᠢᠬᠤᠯᠠ  ᠶᠡᠭᠡ ᠬᠥᠭᠵᠢᠯᠲᠡ  ᠶᠢᠨ ᠠᠰᠠᠭᠤᠳᠠᠯ ᠪᠣᠯᠣᠨ᠎ᠠ᠃ 2024 ᠣᠨ ᠪᠣᠯ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠩᠬᠠᠨ ᠤ ᠵᠢᠯ ᠪᠣᠯᠣᠨ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠬᠤᠪᠢᠶᠠᠬᠤ ᠠᠷᠭ᠎ᠠ ᠮᠠᠶ᠋ᠢᠭ ᠢᠶᠠᠷ ᠡᠯ᠎ᠡ ᠬᠤᠲᠠ ᠶᠢᠨ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭᠠᠲᠠᠨ ᠨᠥᠬᠦᠳ ᠢ ᠬᠤᠭᠤᠴᠠᠭ᠎ᠠ ᠪᠦᠯᠦᠭ ᠬᠤᠪᠢᠶᠠᠨ ᠪᠣᠯᠪᠠᠰᠤᠷᠠᠭᠤᠯᠪᠠ᠃ 7 ᠳ᠋ᠤᠭᠠᠷ ᠰᠠᠷ᠎ᠠ ᠶᠢᠨ 16 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠤᠷᠪᠠᠳᠤᠭᠠᠷ ᠬᠤᠭᠤᠴᠠᠭᠠᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠰᠣᠯᠢᠯᠴᠠᠨ ᠳᠡᠯᠭᠡᠷᠡᠭᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠶᠢᠯᠠᠨ᠂ ᠣᠷᠣᠨ ᠨᠤᠲᠤᠭ ᠢ ᠵᠢᠯᠣᠭᠤᠳᠤᠨ ᠰᠢᠮᠳᠠᠭᠤᠯᠵᠤ ᠪᠠᠶᠢᠭᠠᠳ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠤᠨ᠎ᠠ ᠭᠡᠵᠡᠢ᠃            2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠤ᠂ ᠬᠡᠳᠦ ᠶᠡᠭᠡ ᠣᠨᠴᠠ ᠶᠡᠭᠡ ᠬᠤᠳᠠ ᠳᠤ ᠬᠤᠳᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠪᠣᠯᠣᠨ ︽ᠡᠩ ᠤᠨ ᠪᠠ ᠪᠠᠴᠢᠮ ᠪᠠᠶᠢᠳᠠᠯ ᠳᠤ ᠬᠡᠷᠡᠭᠯᠡᠬᠦ︾ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢᠨ ᠥᠨᠳᠥᠷᠴᠡ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠠᠶᠢᠭᠤᠯᠬᠤ ᠨᠢ ᠶᠡᠭᠡ ᠬᠤᠲᠠ ᠶᠢᠨ ᠣᠷᠣᠨ ᠰᠠᠭᠤᠴᠠ ᠶᠢᠨ ᠵᠥᠷᠢᠴᠡᠯ ᠢ ᠨᠠᠮᠳᠠᠭᠤᠯᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ᠂ ᠪᠡᠯᠡ ᠣᠷᠣᠭᠤᠯᠤᠯᠲᠠ ᠶᠢᠨ ᠬᠡᠷᠡᠭᠯᠡᠭᠡ ᠶᠢ ᠨᠠᠩ ᠰᠠᠶᠢᠲᠤᠷ ᠳᠠᠶᠢᠴᠢᠯᠠᠬᠤ᠂ ᠬᠤᠷᠸ᠎ᠠ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠳᠤ ᠠᠰᠢᠭᠲᠠᠢ ᠶᠤᠮ᠃ ᠬᠡᠲᠦ ᠶᠡᠭᠡ ᠣᠨᠴᠠ ᠶᠡᠭᠡ ᠬᠤᠲᠠ ᠶᠢᠨ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠨᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠳᠤᠲᠠᠭᠳᠠᠯ ᠢ ᠠᠷᠢᠯᠭᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠤ ᠨᠥᠬᠦᠴᠡᠯ ᠢ ᠰᠠᠶᠢᠵᠢᠷᠠᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠦᠲᠦᠴᠡ ᠶᠢ ᠰᠢᠯᠢᠳᠡᠭᠵᠢᠭᠦᠯᠬᠦ ᠳᠤ ᠠᠰᠢᠭᠲᠠᠢ ᠶᠤᠮ᠃            ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠠᠷᠠᠳ ᠣᠯᠠᠨ ᠤ ᠰᠠᠭᠤᠬᠤ ᠠᠴᠠ ᠣᠷᠣᠨ ᠰᠠᠭᠤᠴᠠ ᠲᠠᠢ ᠪᠣᠯᠬᠤ ᠬᠦᠰᠡᠯ ᠡᠷᠡᠮᠡᠯᠵᠡᠯ ᠢ ᠨᠡᠩ ᠰᠠᠶᠢᠨ ᠬᠠᠩᠭᠠᠨ᠎ᠠ᠃ ᠨᠢᠭᠡ ᠳᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠬᠤᠲᠠ ᠨᠤᠭᠤᠳ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠵᠢᠯ ᠤᠨ ᠱᠠᠭᠠᠷᠳᠠᠯᠭ᠎ᠠ ᠪᠣᠯᠣᠨ ᠠᠩᠬᠠᠷᠴᠤ ᠡᠵᠡᠮᠰᠢᠬᠦ ᠴᠢᠬᠤᠯᠠ ᠲᠠᠢ ᠠᠰᠠᠭᠤᠳᠠᠯ ᠢ ᠲᠣᠳᠣᠷᠬᠠᠶᠢᠯᠠᠵᠤ᠂ ᠲᠥᠪ ᠤᠨ ᠨᠥᠬᠦᠪᠦᠷᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠭᠠᠵᠠᠷ ᠰᠢᠷᠣᠢ᠂ ᠢᠵᠢ ᠪᠦᠷᠢᠳᠦᠭᠦᠯᠬᠦ ᠮᠥᠩᠭᠦᠨ ᠭᠦᠢᠯᠭᠡᠭᠡᠨ ᠪᠣᠯᠣᠨ ᠭᠠᠶᠢᠯᠢ ᠰᠦᠢᠳᠬᠡᠯ ᠤᠨ ᠬᠠᠷᠠᠭᠠᠯᠵᠠᠯ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠨᠢᠭᠡᠨᠲᠡ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠠᠬᠢᠭᠤᠯᠤᠨ᠎ᠠ᠃ ᠲᠤᠰ ᠭᠠᠵᠠᠷ ᠣᠷᠣᠨ ᠤ ᠪᠠᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠠᠳᠠᠭᠠᠯᠠᠯᠲᠠ ᠶᠢᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠠᠷ ᠬᠤᠳᠠᠯᠳᠤᠨ ᠠᠪᠬᠤ ᠶᠢ ᠲᠣᠭᠲᠠᠭᠠᠬᠤ ᠶᠢ ᠪᠠᠷᠢᠮᠲᠠᠯᠠᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠨᠥᠬᠦᠴᠡᠯ ᠪᠦᠷᠢᠳᠦᠭᠰᠡᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠭᠤᠷᠪᠠ ᠳᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠥᠷᠨᠢᠭᠦᠯᠦᠨ᠎ᠡ᠃ ︽ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ᠂ ᠣᠶᠤᠨᠴᠢ᠂ ᠠᠮᠤᠷ ᠲᠦᠪᠰᠢᠨ︾ ᠤ ᠪᠠᠷᠢᠮᠵᠢᠶ᠎ᠠ ᠶᠣᠰᠣᠭᠠᠷ᠂ ︽ᠰᠠᠶᠢᠨ ᠭᠡᠷ ᠪᠠᠶᠢᠰᠢᠩ︾ ᠤᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ᠂ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠵᠦ᠂ ᠠᠷᠠᠳ ᠣᠯᠠᠨ ᠳᠤ ᠨᠠᠩ ᠲᠠᠭᠠᠯᠠᠮᠵᠢᠲᠠᠢ᠂ ᠨᠠᠩ ᠲᠥᠬᠦᠮ᠂ ᠨᠠᠩ ᠰᠠᠶᠢᠨ ᠰᠠᠶᠢᠬᠠᠨ ᠣᠷᠴᠢᠨ ᠲᠣᠭᠤᠷᠢᠨ ᠢ ᠣᠯᠭᠤᠬᠤ ᠬᠡᠷᠡᠭᠲᠡᠢ᠃            ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠰᠢᠨ᠎ᠡ ᠪᠠᠶᠢᠳᠠᠯ ᠳᠣᠣᠷᠠᠬᠢ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠢ᠃ ᠨᠢᠭᠡ ᠳᠤ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠢᠳᠡᠪᠬᠢᠲᠡᠢ ᠪᠥᠭᠡᠳ ᠯᠠᠪᠳᠠᠭᠤᠨ ᠢᠶᠠᠷ ᠠᠵᠢᠯᠯᠠᠵᠤ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠢᠨᠡᠳᠬᠡᠬᠦ ᠤᠭ ᠰᠠᠨᠠᠭ᠎ᠠ ᠶᠢ ᠪᠠᠲᠤ ᠰᠠᠬᠢᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠥᠭᠡᠷᠡᠴᠢᠯᠡᠨ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠤᠯᠭᠠᠮ᠎ᠠ᠂ ᠬᠤᠲᠠ ᠶᠢᠨ ᠠᠮᠤᠷ ᠲᠦᠪᠰᠢᠨ ᠪᠠ ᠨᠡᠶᠢᠭᠡᠮ ᠤᠨ ᠵᠠᠰᠠᠯᠲᠠ ᠶᠢᠨ ᠬᠡᠮ ᠰᠣᠭᠤᠭ ᠣᠯᠠᠨ ᠬᠤᠲᠠ ᠶᠢᠨ ᠳᠤᠮᠳᠠᠬᠢ ᠲᠣᠰᠬᠤᠨ ᠳᠤ ᠤᠷᠢᠳ ᠢᠶᠠᠷ ᠲᠦᠷᠦᠯ ᠵᠦᠢᠯ ᠬᠡᠷᠡᠭᠵᠢᠭᠦᠯᠵᠦ᠂ ︽ᠨᠢᠭᠡ ᠶᠢ ᠪᠣᠯᠪᠠᠰᠤᠷᠠᠩᠭᠤᠢ ᠪᠣᠯᠭᠠᠪᠠᠯ ᠨᠢᠭᠡ ᠶᠢ ᠠᠬᠢᠭᠤᠯᠵᠤ᠂ ᠨᠢᠭᠡ ᠶᠢ ᠬᠡᠷᠡᠭᠵᠢᠭᠦᠯᠪᠡᠯ ᠨᠢᠭᠡ ᠶᠢ ᠪᠦᠲᠦᠭᠡᠬᠦ︾ ᠠᠵᠢᠯ ᠤᠨ ᠰᠡᠳᠬᠢᠴᠡ ᠶᠣᠰᠣᠭᠠᠷ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠬᠦ ᠶᠢ ᠦᠨᠡᠨ ᠬᠦ ᠪᠡᠶᠡᠯᠡᠭᠦᠯᠦᠨ᠎ᠡ᠃ ᠬᠤᠶᠠᠷ ᠲᠤ᠂ ᠭᠤᠣᠯᠳᠠᠯᠭ᠎ᠠ ᠲᠠᠢ ᠭᠤᠭᠴᠤᠭ᠎ᠠ ᠶᠢ ᠲᠣᠬᠢᠲᠠᠢ ᠡᠵᠡᠮᠳᠡᠨ᠎ᠡ᠃ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠬᠦ ᠶᠠᠪᠤᠴᠠ ᠳᠤ ᠬᠠᠤᠯᠢ ᠶᠣᠰᠣᠭᠠᠷ ᠲᠠᠲᠠᠪᠤᠷᠢᠯᠠᠬᠤ᠂ ᠴᠡᠪᠡᠷ ᠭᠠᠵᠠᠷ ᠢ ᠰᠢᠯᠵᠢᠭᠦᠯᠦᠨ ᠥᠭᠬᠦ ᠵᠠᠷᠴᠢᠮ ᠢ ᠪᠠᠷᠢᠮᠲᠠᠯᠠᠵᠤ᠂ ᠲᠣᠰᠬᠤᠨ ᠤ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠵᠤ᠂ ᠠᠵᠤ ᠦᠢᠯᠡᠰ ᠢ ᠤᠷᠢᠳᠠᠪᠠᠷ ᠨᠡᠭᠦᠯᠭᠡᠬᠦ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠠᠶᠢᠵᠢᠷᠠᠭᠤᠯᠬᠤ ᠶᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠬᠤ ᠬᠡᠷᠡᠭᠲᠡᠢ᠃ ᠭᠤᠷᠪᠠ ᠳᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃ ᠡᠯ᠎ᠡ ᠵᠦᠢᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ᠃            ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠨᠡᠩ ᠰᠠᠶᠢᠨ ᠢᠶᠠᠷ ᠠᠵᠢᠯ ᠢᠶᠠᠨ ᠠᠬᠢᠭᠤᠯᠬᠤ ᠰᠡᠳᠬᠢᠴᠡ ᠪᠠ ᠠᠷᠭ᠎ᠠ ᠶᠢ ᠰᠠᠶᠢᠲᠤᠷ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠳᠬᠠᠵᠤ᠂ ᠨᠡᠩ ᠭᠦᠨᠵᠡᠭᠡᠢ ᠲᠠᠨᠢᠯᠲᠠ᠂ ᠨᠡᠩ ᠪᠠᠲᠤ ᠢᠲᠡᠭᠡᠯ ᠵᠣᠷᠢᠭ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠵᠢᠴᠢ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠲᠣᠭᠳᠠᠭᠤᠨ ᠢᠶᠠᠷ ᠠᠬᠢᠭᠤᠯᠵᠤ᠂  ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠬᠤᠪᠢᠷᠠᠭᠤᠯᠬᠤ ᠰᠢᠨ᠎ᠡ ᠥᠯᠢᠭᠡᠷ ᠢ ᠰᠠᠶᠢᠲᠤᠷ ᠤᠬᠠᠭᠤᠯᠵᠤ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠦᠨᠡᠨ ᠬᠦ ᠮᠡᠳᠡᠷᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号