ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/8/14
     ᠬᠤᠳᠠ ᠪᠣᠯ ᠤᠳᠤ ᠦᠶ᠎ᠡ ᠶᠢᠨ ᠪᠣᠯᠪᠠᠰᠤᠨ ᠤ ᠬᠤᠷᠢᠶᠠᠩᠭᠤᠢ ᠳᠦᠷᠰᠦ ᠮᠥᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠣᠳᠣᠬᠠᠨ ᠳᠤ ᠬᠤᠲᠠ ᠶᠢᠨ ᠬᠥᠭᠵᠢᠯᠲᠡ ᠨᠢ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠤ᠂ ᠶᠡᠭᠡ ᠬᠡᠪᠴᠢᠶᠡᠨ ᠤ ᠨᠡᠮᠡᠭᠳᠡᠯ ᠪᠦᠲᠦᠭᠡᠨ ᠪᠠᠶᠢᠭᠤᠯᠤᠯᠲᠠ ᠠᠴᠠ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠪᠠ ᠨᠡᠮᠡᠭᠳᠡᠯ ᠪᠦᠲᠦᠴᠡ ᠶᠢ ᠲᠣᠬᠢᠷᠠᠭᠤᠯᠬᠤ ᠶᠢ ᠵᠡᠷᠭᠡᠪᠡᠷ ᠴᠢᠬᠤᠯᠠᠴᠢᠯᠠᠬᠤ ᠪᠣᠯᠵᠤ᠂ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠰᠢ ᠬᠤᠪᠢᠷᠠᠵᠤ ᠪᠠᠶᠢᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠪᠣᠯ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ᠴᠢᠬᠤᠯᠠ ᠡᠭᠦᠷᠭᠡ ᠶᠢᠨ ᠨᠢᠭᠡ ᠪᠠᠶᠢᠵᠤ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃          ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ ᠳᠣᠲᠣᠷ᠎ᠠ ᠭᠠᠳᠠᠨᠠᠬᠢ ᠶᠢ ᠵᠡᠷᠭᠡ ᠪᠠᠷ ᠵᠠᠰᠠᠬᠤ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠳᠤ᠂ ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠬᠤ᠂ ᠬᠤᠲᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠣᠶᠢᠯᠠᠭᠠᠭᠳᠠᠬᠤᠨ ᠤ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠣᠳᠣᠬᠠᠨ ᠤ ᠪᠠ ᠠᠯᠤᠰ ᠬᠡᠲᠦ ᠶᠢᠨ᠂ ᠬᠡᠰᠡᠭ ᠲᠠᠯ᠎ᠠ ᠪᠠ ᠪᠦᠬᠦᠯᠢ ᠴᠣᠭᠴᠠ᠂ ᠬᠤᠷᠸ᠎ᠠ ᠲᠠᠯ᠎ᠠ ᠪᠠ ᠬᠤᠮᠠᠬᠢ ᠲᠠᠯ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠮᠥᠨ᠂ ᠦᠢᠯᠡᠳᠪᠦᠷᠢᠯᠡᠯ᠂ ᠬᠤᠲᠠ ᠵᠡᠷᠭᠡ ᠶᠢ ᠪᠦᠬᠦᠯᠢ ᠴᠣᠭᠴᠠ ᠪᠠᠷ ᠦᠵᠡᠵᠦ᠂ ᠡᠯᠧᠮᠧᠨ᠋ᠲ᠂ ᠪᠦᠲᠦᠴᠡ᠂ ᠴᠢᠳᠠᠮᠵᠢ ᠵᠡᠷᠭᠡ ᠲᠠᠯ᠎ᠠ ᠠᠴᠠ ᠭᠠᠷᠳᠠᠵᠤ᠂ ᠰᠢᠰᠲ᠋ᠧᠮᠲᠦ ᠴᠢᠨᠠᠷᠲᠠᠢ ᠪᠠᠷ ᠲᠥᠯᠥᠪᠵᠢᠭᠦᠯᠦᠨ ᠪᠠᠶᠢᠭᠤᠯᠬᠤ ᠶᠢ ᠥᠷᠨᠢᠭᠦᠯᠵᠦ᠂ ᠦᠢᠯᠡᠳᠪᠦᠷᠢᠯᠡᠯ᠂ ᠠᠮᠢᠳᠤᠷᠠᠯ ᠪᠠ ᠠᠮᠢ ᠠᠬᠤᠢ ᠶᠢᠨ ᠣᠷᠣᠨ ᠪᠦᠰᠡ ᠶᠢᠨ ᠣᠷᠭᠠᠨᠢᠭ ᠠᠭᠤᠰᠤᠯᠴᠠᠯ ᠢ ᠠᠬᠢᠭᠤᠯᠤᠨ᠂ ᠠᠵᠤ ᠠᠬᠤᠢ᠂ ᠨᠡᠶᠢᠭᠡᠮ ᠪᠠ ᠠᠮᠢ ᠠᠬᠤᠢ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠰᠢ ᠠᠨ ᠬᠤᠲᠠ ᠶᠢᠨ ᠵᠢᠶᠠᠨ ᠭᠦᠸᠧ ᠮᠧᠨ ᠢᠳᠡᠰᠢᠨ ᠨᠣᠭᠤᠭ᠎ᠠ ᠶᠢᠨ ᠲᠠᠯᠠᠪᠠᠶ ᠶᠢᠨ ᠰᠣᠶᠣᠯ ᠤᠨ ᠪᠦᠲᠦᠭᠡᠯᠴᠢ ᠵᠡᠭᠡᠯᠢ ᠲᠣᠭᠤᠷᠢᠭ ᠤᠨ ᠲᠥᠷᠥᠯ ᠵᠦᠢᠯ ᠨᠢ ᠲᠣᠭᠤᠷᠢᠭ ᠲᠠᠭᠠᠨ ᠨᠢᠭᠡᠳᠦᠯᠲᠡᠢ ᠲᠥᠯᠦᠪᠵᠢᠭᠦᠯᠭᠡ ᠬᠢᠵᠦ ᠵᠢᠷᠤᠭᠯᠠᠨ ᠲᠥᠯᠥᠪᠯᠡᠵᠦ᠂ ᠬᠠᠷᠢᠶᠠᠲᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠵᠡᠭᠡᠯᠢ ᠲᠣᠭᠤᠷᠢᠭ ᠤᠨ ᠤᠤᠯ ᠳᠦᠷᠰᠦ ᠪᠠᠶᠢᠳᠠᠯ᠂ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠵᠤ᠂ ᠠᠮᠢᠳᠤᠷᠠᠯ ᠬᠢᠭᠡᠳ ᠴᠠᠭ ᠤᠨ ᠦᠶ᠎ᠡ ᠶᠢᠨ ᠡᠯᠧᠮᠧᠨ᠋ᠲ ᠢ ᠠᠭᠤᠰᠤᠯᠴᠠᠭᠤᠯᠤᠨ᠂ ᠪᠠᠷᠢᠯᠭ᠎ᠠ ᠶᠢᠨ ᠭᠠᠳᠠᠭᠠᠳᠤ ᠳᠦᠷᠢ ᠶᠢ ᠥᠭᠡᠷᠡᠴᠢᠯᠡᠬᠦ ᠪᠠ ᠣᠷᠴᠢᠨ ᠲᠣᠭᠤᠷᠢᠨ ᠤ ᠪᠡᠯᠡᠳᠬᠡᠮᠵᠢ ᠶᠢ ᠰᠡᠯᠪᠢᠨ ᠵᠠᠰᠠᠬᠤ ᠵᠡᠷᠭᠡ ᠪᠠᠷ ᠳᠠᠮᠵᠢᠭᠤᠯᠤᠨ᠂ ᠣᠨᠴᠠᠯᠢᠭᠲᠤ ᠲᠠᠯᠠᠪᠤᠷ ᠭᠠᠵᠠᠷ ᠤᠨ ᠣᠷᠣᠨ ᠪᠦᠰᠡ - ᠬᠤᠲᠠ ᠶᠢᠨ ︽ᠰᠢᠨ᠎ᠡ ᠭᠠᠵᠠᠷ ᠤᠨ ᠲᠡᠮᠳᠡᠭ︾ ᠢ ᠪᠤᠢ ᠪᠣᠯᠭᠠᠵᠠᠢ᠃   ᠬᠠᠶᠠᠭᠳᠠᠮᠠᠯ ᠡᠳ᠋ ᠢ ᠡᠷᠳᠡᠨᠢ ᠪᠣᠯᠭᠠᠨ ᠬᠤᠪᠢᠷᠠᠭᠤᠯᠵᠤ᠂ ᠦᠷ᠎ᠡ ᠠᠰᠢᠭ ᠢᠶᠠᠷ ᠳᠣᠣᠷ᠎ᠠ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ  ᠨᠢ ᠦᠯᠡᠳᠡᠭᠡᠯ ᠡᠬᠢ ᠪᠠᠶᠠᠯᠢᠭ ᠢ ᠴᠢᠯᠦᠭᠡᠲᠡᠢ ᠪᠣᠯᠭᠠᠬᠤ ᠶᠢ ᠬᠤᠲᠠ ᠶᠢᠨ ᠰᠢᠨᠡᠴᠢᠯᠡᠯᠲᠡ ᠶᠢᠨ ᠴᠢᠬᠤᠯᠠ ᠠᠭᠤᠯᠭ᠎ᠠ ᠪᠣᠯᠭᠠᠵᠤ᠂ ᠦᠯᠡᠳᠡᠭᠡᠯ ᠡᠳ᠋ ᠬᠥᠷᠥᠩᠭᠡ ᠶᠢᠨ ᠳᠠᠯᠳᠠ ᠦᠷ᠎ᠡ ᠠᠰᠢᠭ ᠢ ᠭᠦᠨᠵᠡᠭᠡᠢ ᠠᠭᠤᠳᠠᠯᠵᠤ᠂ ᠰᠤᠯᠠ ᠪᠠᠶᠢᠭ᠎ᠠ ᠪᠤᠶᠤ ᠳᠣᠣᠷ᠎ᠠ ᠦᠷ᠎ᠡ ᠠᠰᠢᠭᠲᠤ ᠭᠠᠵᠠᠷ ᠰᠢᠷᠣᠢ ᠪᠣᠯᠣᠨ ᠪᠠᠷᠢᠯᠭ᠎ᠠ ᠶᠢ ︽ᠠᠮᠢᠳᠤᠯᠢᠭ︾ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ ᠴᠢᠳᠠᠮᠵᠢᠲᠤ ᠣᠷᠣᠨ ᠪᠣᠯᠭᠠᠨ ᠬᠤᠪᠢᠷᠠᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠦᠨ᠂ ᠬᠤᠲᠠ ᠶᠢᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠨᠴᠠᠩ ᠬᠤᠲᠠ ᠶᠢᠨ ᠯᠧᠢ ᠭᠦᠩ ᠣᠣ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠨᠢ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠰᠤᠯᠠ ᠪᠠᠶᠢᠭ᠎ᠠ ᠭᠠᠵᠠᠷ ᠰᠢᠷᠣᠢ ᠶᠢ ᠪᠦᠲᠦᠮᠵᠢᠲᠡᠶ ᠠᠮᠢᠳᠤᠯᠢᠭ ᠪᠣᠯᠭᠠᠵᠤ᠂  ᠤᠯᠠᠮᠵᠢᠯᠠᠯᠲᠤ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠢ ᠥᠭᠡᠷᠡᠴᠢᠯᠡᠨ ᠲᠡᠰ ᠳᠡᠪᠰᠢᠭᠦᠯᠵᠦ᠂ ᠪᠡᠶ᠎ᠡ ᠴᠢᠭᠢᠷᠠᠭᠵᠢᠭᠤᠯᠬᠤ᠂ ᠰᠣᠶᠣᠯ ᠤᠨ ᠳᠡᠯᠭᠡᠨ ᠦᠵᠡᠭᠦᠯᠦᠯᠭᠡ᠂ ᠰᠣᠶᠣᠯ ᠤᠨ ᠡᠭᠦᠳᠦᠯᠲᠡ᠂ ᠵᠤᠭ᠎ᠠ ᠴᠡᠩᠭᠡᠯ᠂ ᠦᠢᠯᠡᠴᠢᠯᠡᠭᠡᠨ ᠤ ᠢᠵᠢ ᠪᠦᠷᠢᠳᠦᠭᠦᠯᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠪᠣᠯᠭᠠᠨ ᠥᠭᠡᠷᠡᠴᠢᠯᠡᠪᠡ᠃          ᠠᠷᠠᠳ ᠤᠨ ᠬᠤᠲᠠ ᠶᠢᠨ ᠬᠤᠪᠢ ᠳᠤ᠂ ᠬᠥᠮᠥᠨ ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠳᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠵᠤ᠂ ᠴᠢᠳᠠᠮᠵᠢ ᠨᠢ ᠪᠦᠷᠢᠨ ᠲᠡᠭᠦᠯᠳᠡᠷ ᠬᠤᠲᠠ ᠶᠢᠨ ᠪᠡᠯᠡᠳᠬᠡᠮᠵᠢ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠬᠤᠲᠠ ᠶᠢᠨ ᠪᠡᠯᠡᠳᠬᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠪᠠᠭᠤᠯᠢᠭ ᠲᠠᠯ᠎ᠠ ᠪᠠᠨ ᠬᠦᠴᠦᠯᠡᠨ ᠪᠣᠯᠪᠠᠰᠤᠷᠠᠭᠤᠯᠵᠤ᠂ ᠳᠤᠲᠠᠭᠳᠠᠯ ᠢᠶᠠᠨ ᠨᠥᠬᠦᠪᠦᠷᠢᠯᠡᠵᠦ᠂ ᠬᠤᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠠᠷᠠᠳ ᠤᠨ ᠠᠮᠢᠳᠤᠷᠠᠯ ᠤᠨ ︽ᠳᠤᠯᠠᠭᠠᠨ ᠤ ᠬᠡᠮᠵᠢᠶ᠎ᠡ︾ ᠪᠠᠷ ᠵᠣᠯ ᠵᠢᠷᠭᠠᠯ ᠤᠨ ︽ᠬᠡᠮᠵᠢᠶᠡᠰᠦ︾ ᠶᠢ ᠰᠢᠨᠡᠳᠬᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠲᠡᠭᠡᠭᠰᠢᠯᠡᠭᠦᠯᠦᠨ᠎ᠡ᠃ ᠱᠠᠩᠬᠠᠢ ᠬᠤᠲᠠ ᠶᠢᠨ ᠶᠠᠩ ᠫᠦ᠋ ᠪᠢᠨ ᠵᠢᠶᠠᠩ ᠣᠯᠠᠨ ᠨᠡᠶᠢᠲᠡ ᠶᠢᠨ ᠣᠷᠣᠨ ᠪᠦᠰᠡ ᠳᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠶᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤᠮᠳᠠ ᠢᠯᠡᠷᠡᠭᠦᠯᠵᠦ᠂ ᠰᠣᠨᠣᠷ ᠤᠨ ᠰᠠᠭᠠᠳ᠂ ᠬᠠᠷᠠᠭᠠᠨ ᠤ ᠰᠠᠭᠠᠳ᠂ ᠵᠡᠮᠳᠡᠭ ᠵᠡᠷᠭᠡ ᠣᠨᠴᠠᠭᠠᠶ ᠬᠥᠮᠥᠰ ᠤᠨ ᠪᠣᠳᠠᠲᠤ ᠬᠡᠷᠡᠭᠴᠡᠭᠡ ᠶᠢ ᠭᠦᠢᠴᠡᠳ ᠪᠣᠳᠣᠯᠬᠢᠯᠠᠨ᠂ ︽ᠪᠢᠨ ᠵᠢᠶᠠᠩ ᠤᠨ ᠰᠢᠯᠢᠳᠡᠭ ᠬᠠᠷᠠᠭ᠎ᠠ︾ ᠪᠠᠷ ᠬᠠᠷᠠᠯᠲᠠ ᠪᠣᠯᠭᠠᠵᠤ᠂ ᠣᠨᠴᠠᠭᠠᠶ ᠬᠠᠮᠲᠤᠯᠢᠭ ᠲᠤ ᠲᠠᠪᠴᠠᠩ ᠤᠨ ᠳᠥᠭᠦᠮ ᠳᠥᠲᠡ ᠶᠢ ᠡᠳ᠋ᠯᠡᠭᠦᠯᠵᠦ᠂ ᠨᠡᠶᠢᠭᠡᠮ ᠨᠡᠶᠢᠲᠡ ᠶᠢᠨ ᠡᠷᠬᠡ ᠲᠡᠭᠰᠢ ᠪᠠᠷ ᠣᠷᠣᠯᠴᠠᠬᠤ ᠶᠢ ᠪᠠᠲᠤᠯᠠᠵᠤ᠂ ᠴᠢᠨᠠᠷ ᠰᠠᠶᠢᠲᠠᠢ ᠠᠮᠢᠳᠤᠷᠠᠯ ᠢ ᠨᠠᠩ ᠰᠠᠶᠢᠨ ᠡᠳ᠋ᠯᠡᠭᠦᠯᠵᠦ᠂ ᠲᠥᠷᠥᠯ ᠵᠦᠢᠯ ᠢ ᠦᠨᠡᠨ ᠬᠦ ᠣᠯᠠᠨ ᠲᠦᠮᠡᠨ ᠤ ᠰᠠᠨᠠᠭ᠎ᠠ ᠠᠮᠤᠷ ᠂ ᠳᠣᠲᠣᠨᠣᠰᠤᠭ᠂ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ  ᠪᠣᠯᠭᠠᠨ ᠪᠦᠲᠦᠭᠡᠨ ᠪᠠᠶᠢᠭᠤᠯᠪᠠ᠃                ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠣᠯ ᠴᠠᠭ ᠦᠶ᠎ᠡ ᠶᠢᠨ ᠬᠡᠷᠡᠭᠴᠡᠭᠡ ᠮᠥᠨ᠂ ᠮᠥᠨᠴᠦ ᠠᠷᠠᠳ ᠤᠨ ᠰᠡᠳᠬᠢᠯ ᠤᠨ ᠬᠠᠨᠳᠤᠰᠢ ᠮᠥᠨ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠳᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠳᠣᠲᠣᠭᠠᠳᠤ ᠠᠭᠤᠯᠤᠭᠳᠠᠬᠤᠨ ᠬᠡᠯᠪᠡᠷᠢ ᠶᠢᠨ᠂ ᠡᠷᠴᠢᠮᠵᠢᠭᠦᠯᠦᠭᠰᠡᠨ ᠬᠡᠯᠪᠡᠷᠢ ᠶᠢᠨ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠵᠢᠯᠯᠠᠬᠤ ᠳᠤ ᠲᠣᠬᠢᠷᠠᠮᠵᠢᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠴᠡᠩᠭᠡᠯ ᠪᠠᠶᠠᠰᠤᠯ ᠳᠤ ᠲᠣᠬᠢᠷᠠᠮᠵᠢᠲᠠᠢ᠂ ᠵᠤᠭᠠᠴᠠᠯ ᠳᠤ ᠲᠣᠬᠢᠷᠠᠮᠵᠢᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠠᠷᠠᠳ ᠲᠦᠮᠡᠨ ᠳᠤ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠡᠭᠦᠳᠴᠦ ᠥᠭᠭᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号