ᠦᠨᠡᠨᠴᠢ ᠢᠳᠡᠭᠡᠮᠵᠢ᠂ ᠠᠷᠢᠭᠤᠨ ᠴᠠᠶᠢᠯᠭᠠᠨ ᠢ ᠰᠠᠬᠢᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2024/8/15
     ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠤᠬᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠂ ᠦᠨᠡᠨᠴᠢ ᠢᠲᠡᠭᠡᠮᠵᠢ ᠶᠢ ᠡᠷᠬᠢᠮᠯᠡᠬᠦ᠂ ᠠᠮᠠᠯᠠᠯᠲᠠ ᠶᠢ ᠴᠢᠬᠤᠯᠠᠴᠢᠯᠠᠬᠤ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠤ ᠳ᠋ᠠ ᠳ᠋ᠦᠩ ᠨᠡᠶᠢᠭᠡᠮ ᠲᠣᠭᠤᠷᠢᠭ ︽ᠦᠨᠡᠨᠴᠢ ᠢᠳᠡᠭᠡᠮᠵᠢ᠂ ᠠᠷᠢᠭᠤᠨ ᠴᠠᠶᠢᠯᠭᠠᠨ ᠢ ᠰᠠᠬᠢᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠪᠠᠭᠠᠴᠤᠳ ᠬᠡᠦᠬᠡᠳ ᠢᠶᠠᠷ ᠬᠠᠨᠢ ᠪᠣᠯᠭᠠᠵᠤ᠂ ᠠᠯᠢ ᠣᠯᠠᠨ ᠪᠠᠶᠠᠷ ᠪᠠᠭ᠋ᠠᠳᠤᠯ ᠢ ᠢᠯᠡᠷᠡᠭᠦᠯᠬᠦ ᠦᠢᠯᠡᠳᠦᠯᠴᠡᠯ ᠤᠨ ᠭᠤᠭᠴᠤᠭ᠎ᠠ ᠪᠠᠷ ᠳᠠᠮᠵᠢᠭᠤᠯᠤᠨ᠂ ᠦᠨᠡᠨᠴᠢ ᠢᠳᠡᠭᠡᠮᠵᠢ ᠶᠢ ᠬᠡᠦᠬᠡᠳ ᠤᠨ ᠰᠡᠳᠬᠢᠯ ᠳᠤ ᠭᠦᠨ ᠦᠨᠳᠦᠰᠦᠯᠡᠭᠦᠯᠬᠦ ᠶᠢᠨ ᠲᠥᠯᠥᠭᠡ ᠶᠤᠮ᠃
           ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠠᠮᠢᠳᠤ ᠴᠣᠪᠣᠭᠤᠯᠢᠭ ᠠᠷᠭ᠎ᠠ ᠬᠡᠯᠪᠡᠷᠢ ᠪᠠᠷ ᠨᠡᠶᠢᠭᠡᠮ ᠲᠣᠭᠤᠷᠢᠭ ᠤᠨ ᠳᠣᠲᠣᠷᠠᠬᠢ ᠬᠡᠦᠬᠡᠳ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯᠯᠠᠭᠴᠢ ᠦᠷᠳᠡᠭ ᠪᠣᠯᠣᠨ ᠦᠨᠡᠨᠴᠢ ᠢᠲᠡᠭᠡᠮᠵᠢ ᠳᠤᠲᠠᠪᠠᠯ ᠨᠠᠵᠠᠭᠠᠢ ᠲᠠᠯ᠎ᠠ ᠶᠢᠨ ᠦᠷ᠎ᠡ ᠳ᠋ᠦᠩ ᠢ ᠤᠯᠠᠮᠵᠢᠯᠠᠵᠠᠢ᠃ ᠨᠠᠷᠢᠨ ᠨᠢᠮᠪᠠᠢ ᠰᠣᠩᠭᠤᠭᠰᠠᠨ ᠦᠨᠡᠨᠴᠢ ᠢᠲᠡᠭᠡᠮᠵᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢᠨ ᠬᠤᠪᠢ ᠬᠥᠮᠥᠨ ᠤ ᠦᠰᠦᠨ ᠪᠤᠶᠢᠵᠢᠯᠲᠠ ᠵᠢᠴᠢ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ ᠢᠳᠡᠪᠬᠢᠲᠡᠢ ᠨᠥᠯᠥᠭᠡ ᠶᠢ ᠰᠢᠭᠤᠳ ᠳᠡᠯᠭᠡᠨ ᠦᠵᠡᠭᠦᠯᠵᠦ᠂ ᠬᠡᠦᠬᠡᠳ ᠤᠨ ᠦᠨᠡᠨᠴᠢ ᠢᠲᠡᠭᠡᠮᠵᠢᠲᠡᠢ ᠰᠠᠶᠢᠬᠠᠨ ᠰᠤᠷᠲᠠᠯ ᠤᠨ ᠲᠤᠬᠠᠢ ᠬᠦᠰᠡᠯ ᠡᠷᠡᠮᠡᠯᠵᠡᠯ ᠪᠠ ᠮᠡᠳᠡᠷᠡᠮᠵᠢ ᠶᠢ ᠬᠥᠭᠵᠢᠭᠡᠪᠡ᠃            ᠠᠵᠢᠯᠯᠠᠭ᠎ᠠ ᠶᠢᠨ ᠰᠣᠨᠢᠷᠬᠠᠯᠲᠤ ᠴᠢᠨᠠᠷ ᠪᠠ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠲᠥᠯᠥᠭᠡ᠂ ᠨᠡᠶᠢᠭᠡᠮ ᠲᠣᠭᠤᠷᠢᠭ ᠪᠠᠰᠠ ᠦᠨᠡᠨᠴᠢ ᠢᠲᠡᠭᠡᠮᠵᠢ ᠶᠢᠨ ᠦᠯᠢᠭᠡᠷ ᠤᠨ ᠺᠠᠷᠲ᠋ᠣᠨ ᠵᠢᠷᠤᠭ ᠤᠨ ᠭᠠᠷᠭᠠᠬᠤ ᠭᠤᠭᠴᠤᠭ᠎ᠠ ᠶᠢ ᠨᠠᠷᠢᠨ ᠨᠢᠮᠪᠠᠢ ᠲᠥᠰᠥᠪᠯᠡᠵᠦ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠠᠮᠢᠳᠤᠯᠢᠭ ᠵᠢᠷᠤᠭ ᠪᠠ ᠦᠯᠢᠭᠡᠷ ᠤᠨ ᠦᠢᠯᠡ ᠶᠠᠪᠤᠴᠠ ᠳᠤ ᠠᠬᠤᠭᠤᠯᠵᠤ᠂ ᠬᠡᠦᠬᠡᠳ‌‍ᠲ᠋ᠤ ᠪᠠᠶᠠᠷ ᠪᠠᠶᠠᠰᠬᠤᠯᠠᠩᠲᠤ ᠢᠨᠢᠶᠡᠳᠦ ᠶᠢᠨ ᠳᠤᠮᠳᠠ ᠦᠨᠡᠨᠴᠢ ᠢᠲᠡᠭᠡᠮᠵᠢ ᠶᠢᠨ ᠬᠦᠴᠦᠨ ᠴᠢᠳᠠᠯ ᠪᠠ ᠰᠠᠶᠢᠨ ᠰᠠᠶᠢᠬᠠᠨ ᠢ ᠭᠦᠨᠵᠡᠭᠡᠢ ᠮᠡᠳᠡᠷᠡᠭᠦᠯᠪᠡ᠃ ᠡᠭᠦᠨ ᠤ ᠬᠠᠮᠲᠤ᠂ ᠬᠡᠦᠬᠡᠳ ᠤᠨ ᠥᠪᠡᠷ ᠤᠨ ᠪᠤᠶᠤ ᠳᠡᠷᠭᠡᠳᠡᠬᠢ ᠬᠥᠮᠥᠰ ᠤᠨ ᠢᠶᠠᠨ ᠦᠨᠡᠨᠴᠢ ᠢᠲᠡᠭᠡᠮᠵᠢ ᠶᠢᠨ ᠵᠢᠵᠢᠭ ᠦᠯᠢᠭᠡᠷ ᠢᠶᠠᠨ ᠢᠳᠡᠪᠬᠢᠲᠡᠢ ᠬᠤᠪᠢᠶᠠᠯᠴᠠᠬᠤ ᠶᠢ ᠵᠣᠷᠢᠭᠵᠢᠭᠤᠯᠵᠤ᠂ ᠳᠡᠷᠭᠡᠳᠡᠬᠢ ᠦᠨᠡᠨᠴᠢ ᠢᠲᠡᠭᠡᠮᠵᠢ ᠶᠢᠨ ᠵᠢᠱᠢᠶᠡᠴᠢ ᠶᠢ ᠡᠷᠢᠬᠦ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠤᠨ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠪᠡᠷ ᠢ ᠪᠠᠨ ᠳᠡᠭᠡᠭᠰᠢᠯᠡᠭᠦᠯᠬᠦ᠂ ᠦᠨᠡᠨᠴᠢ ᠢᠲᠡᠭᠡᠮᠵᠢᠲᠡᠢ ᠪᠢᠴᠢᠬᠠᠨ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃            ᠲᠣᠰ ᠤᠳᠠᠭᠠᠨ ᠤ ᠠᠵᠢᠯᠯᠠᠭ᠎ᠠ ᠨᠡᠶᠢᠭᠡᠮ ᠲᠣᠭᠤᠷᠢᠭ ᠤᠨ ᠬᠡᠦᠬᠡᠳ ᠤᠨ ᠦᠨᠡᠨᠴᠢ ᠢᠲᠡᠭᠡᠮᠵᠢ ᠶᠢᠨ ᠲᠠᠨᠢᠨ ᠮᠡᠳᠡᠬᠦᠢ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠬᠡᠦᠬᠡᠳ ᠤᠨ ᠰᠡᠳᠬᠢᠯ ᠳᠤ ᠦᠨᠡᠨᠴᠢ ᠢᠲᠡᠭᠡᠮᠵᠢᠲᠡᠢ ᠦᠷ᠎ᠡ ᠶᠢ ᠳᠠᠷᠢᠵᠤ᠂ ᠲᠡᠳᠡᠨ ᠤ ᠢᠷᠡᠭᠡᠳᠦᠢ ᠶᠢᠨ ᠰᠤᠷᠤᠯᠴᠠᠯᠭ᠎ᠠ ᠪᠠ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢᠲᠡᠢ ᠪᠠᠶᠢᠬᠤ ᠶᠢ ᠦᠢᠯᠡᠳᠦᠯᠭᠡᠵᠢᠭᠦᠯᠵᠦ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号