ᠰᠠᠶᠢᠬᠠᠨ ᠲᠣᠭᠤᠷᠢᠭ ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2024/8/15
     ᠮᠢᠬᠠᠨ ᠤ ᠵᠦᠢᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠢᠬᠠᠨ ᠤ ᠵᠦᠢᠯ ᠤᠨ ᠢᠳᠡᠭᠡᠨ ᠤ ᠠᠮᠤᠷ ᠲᠦᠪᠰᠢᠨ ᠢ ᠪᠠᠲᠤᠯᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠶ᠎ᠠ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠵᠦᠢᠯ ᠤᠨ ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃
      ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠥᠷᠥᠯ ᠤᠨ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠮᠢᠬᠠᠨ ᠤ ᠵᠦᠢᠯ ᠤᠨ ᠲᠤᠰᠬᠠᠢ ᠳᠡᠯᠭᠡᠭᠦᠷ ᠵᠡᠷᠭᠡ ᠲᠠᠯᠠᠪᠤᠷ ᠭᠠᠵᠠᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠮᠢᠬᠠᠨ ᠤ ᠵᠦᠢᠯ ᠤᠨ ᠦᠢᠯᠡᠳᠬᠦᠨ ᠤ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠨᠢᠭᠡᠳ ᠨᠢᠭᠡ ᠪᠠᠷ ᠪᠠᠶᠢᠴᠠᠭᠠᠪᠠ᠃ ᠮᠢᠬᠠᠨ ᠤ ᠵᠦᠢᠯ ᠤᠨ ᠦᠢᠯᠡᠳᠬᠦᠨ ᠤ ᠡᠵᠡᠩᠨᠡᠯᠲᠡ ᠶᠢᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠳᠤ ᠭᠤᠣᠯᠳᠠᠯᠭ᠎ᠠ ᠲᠠᠢ ᠴᠢᠭᠯᠡᠭᠦᠯᠦᠨ᠂ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠠᠤᠯᠢ ᠳᠤ ᠨᠡᠶᠢᠴᠡᠬᠦ ᠡᠰᠡᠬᠦ᠂ ᠮᠢᠬᠠᠨ ᠤ ᠵᠦᠢᠯ ᠤᠨ ᠦᠢᠯᠡᠳᠬᠦᠨ ᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠬᠢᠭᠰᠡᠨ ᠦᠭᠡᠢ᠂ ᠡᠪᠡᠳᠴᠢᠨ ᠢᠶᠠᠷ ᠦᠬᠦᠬᠦ᠂ ᠤᠰᠤ ᠴᠢᠳᠬᠤᠬᠤ ᠵᠡᠷᠭᠡ ᠠᠰᠠᠭᠤᠳᠠᠯ ᠲᠠᠢ ᠮᠢᠬᠠᠨ ᠤ ᠲᠥᠷᠥᠯ ᠤᠨ ᠦᠢᠯᠡᠳᠬᠦᠨ ᠢ ᠪᠣᠷᠣᠯᠠᠭᠤᠯᠬᠤ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠤᠨ ᠮᠢᠬᠠᠨ ᠤ ᠲᠥᠷᠥᠯ ᠤᠨ ᠦᠢᠯᠡᠳᠬᠦᠨ ᠢ ᠮᠥᠷᠳᠡᠨ ᠤᠬᠤᠴᠢᠯᠠᠬᠤ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠢᠷᠡᠯᠲᠡ ᠶᠢ ᠪᠠᠶᠢᠴᠠᠭᠠᠵᠤ ᠪᠣᠯᠬᠤ᠂ ᠬᠠᠮᠢᠭᠠᠰᠢ ᠶᠠᠪᠤᠭᠰᠠᠨ ᠢ ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠪᠠ᠃            ᠣᠲᠣ ᠪᠣᠯᠲᠠᠯ᠎ᠠ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 17 ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ᠂ 21 ᠮᠢᠬᠠᠨ ᠤ ᠦᠢᠯᠡᠳᠬᠡᠯ ᠤᠨ ᠵᠢᠵᠢᠭ ᠦᠢᠯᠡᠳᠬᠡᠯ ᠤᠨ ᠭᠠᠵᠠᠷ ᠢ ᠪᠠᠶᠢᠴᠠᠭᠠᠵᠤ᠂ 83 ᠢᠳᠡᠭᠡᠨ ᠤ ᠵᠦᠢᠯ ᠤᠨ ᠪᠣᠷᠤᠯᠠᠭᠤᠯᠭ᠎ᠠ ᠶᠢᠨ ᠭᠤᠣᠯ ᠴᠣᠭᠴᠠ ᠶᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 124 ᠬᠥᠮᠥᠨ ᠤᠳᠠᠭ᠎ᠠ ᠬᠥᠳᠡᠯᠭᠡᠪᠡ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠮᠢᠬᠠᠨ ᠤ ᠲᠥᠷᠥᠯ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠬᠢᠨᠠᠯᠲᠠ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠮᠢᠬᠠᠨ ᠤ ᠲᠥᠷᠥᠯ ᠤᠨ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠢ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠢᠳᠡᠬᠦ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号