ᠬᠥᠬᠡᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/15
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 23 ᠳ᠋ᠤᠭᠠᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄            ᠬᠤᠲᠠ ᠶᠢᠨ ᠠᠷᠠᠳ ᠤᠨ  ᠵᠠᠰᠠᠭ ᠤᠨ  ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠬᠡᠬᠤᠲᠠ ᠶᠢᠨ  ᠬᠤᠲᠠ  ᠶᠢᠨ ᠳᠠᠷᠤᠭ᠎ᠠ ᠶᠢᠨ ᠶᠠᠰᠤ  ᠴᠢᠨᠠᠷ ᠤᠨ  ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠲᠠᠨᠠᠷ  ᠲᠤ  ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                 ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                 2024 ᠣᠨ ᠤ 6 ᠳ᠋ᠤᠭᠠᠷ ᠰᠠᠷ᠎ᠠ ᠶᠢᠨ 21 ᠤ ᠡᠳᠦᠷ                                 ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ            ᠨᠢᠭᠡᠳᠦᠭᠡᠷ ᠪᠦᠯᠦᠭ   ᠶᠡᠷᠦᠩᠬᠡᠢ ᠳᠦᠷᠢᠮ            ᠨᠢᠭᠡᠳᠦᠭᠡᠷ ᠵᠦᠢᠯ  ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠶᠠᠰᠤ ᠴᠢᠨᠠᠷ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠳᠦᠷᠢᠮ ᠢ ᠲᠡᠭᠦᠯᠳᠡᠷᠵᠢᠭᠦᠯᠦᠨ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠵᠤ᠂ ᠶᠠᠰᠤ ᠴᠢᠨᠠᠷ ᠤᠨ ᠲᠡᠷᠢᠭᠦᠨ ᠤ ᠬᠡᠪ ᠳᠠᠭᠤᠷᠢᠶᠠᠯ ᠢ ᠪᠣᠶ ᠪᠣᠯᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ᠂ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ ᠬᠥᠬᠢᠭᠦᠯᠦᠨ ᠰᠠᠶᠢᠰᠢᠶᠠᠬᠤ ᠪᠠ ᠬᠢᠨᠠᠯᠲᠠ ᠲᠠᠯᠪᠢᠬᠤ ᠳᠤ ᠲᠤᠰ ᠠᠷᠭ᠎ᠠ ᠶᠢ ᠬᠡᠷᠡᠭᠯᠡᠨ᠎ᠡ᠃            ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠠᠶᠢᠭᠤᠯᠵᠤ᠂ ᠭᠤᠣᠯᠳᠠᠭᠤ ᠥᠷᠭᠡᠨ ᠳᠡᠯᠭᠡᠷ ᠨᠡᠶᠢᠭᠡᠮ ᠤᠨ ᠠᠯᠳᠠᠷᠰᠢᠯ ᠪᠠ ᠨᠥᠯᠥᠭᠡᠯᠡᠬᠦ ᠬᠦᠴᠦᠨ ᠲᠠᠢ᠂ ᠠᠵᠢᠯ ᠲᠥᠷᠥᠯ ᠤᠨ ᠳᠣᠲᠣᠷᠠᠬᠢ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ ᠣᠯᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠵᠦ᠂ ᠠᠳᠠᠯᠢ ᠠᠵᠢᠯ ᠲᠥᠷᠥᠯ ᠤᠨ ᠳᠤᠮᠳᠠ ᠲᠡᠷᠢᠭᠦᠨ ᠤ ᠪᠠᠶᠢᠷᠢ ᠰᠠᠭᠤᠷᠢ ᠳᠤ ᠲᠣᠳᠣᠷᠠᠨ᠂ ᠢᠯᠡᠳᠲᠡ ᠶᠠᠰᠤ ᠴᠢᠨᠠᠷ ᠦᠷ᠎ᠡ ᠠᠰᠢᠭ ᠣᠯᠣᠭᠰᠠᠨ ᠵᠣᠬᠢᠶᠠᠨ ᠪᠠᠶᠢᠭᠤᠯᠤᠯᠲᠠ ᠳᠤ ᠣᠯᠭᠤᠨ᠎ᠠ᠃            ᠭᠤᠷᠪᠠᠳᠤᠭᠠᠷ ᠵᠦᠢᠯ  ᠬᠤᠲᠠ ᠶᠢᠨ ᠳᠠᠷᠤᠭ᠎ᠠ ᠶᠢᠨ  ᠶᠠᠰᠤ  ᠴᠢᠨᠠᠷ ᠤᠨ ᠱᠠᠩᠨᠠᠯ ᠢ  ᠬᠢᠨᠠᠨ ᠲᠣᠭᠲᠠᠭᠠᠬᠤ ᠳᠤ ︽ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠬᠡᠪ ᠳᠠᠭᠤᠷᠢᠶᠠᠯ ᠪᠣᠯᠭᠠᠬᠤ︾ ᠪᠠᠷ ᠵᠣᠷᠢᠯᠲᠠ ᠪᠣᠯᠭᠠᠵᠤ᠂ ᠰᠢᠨᠵᠢᠯᠡᠬᠦ ᠤᠬᠠᠭᠠᠨᠴᠢ᠂ ᠲᠥᠪ ᠭᠤᠤᠯᠴᠢ᠂ ᠡᠷᠬᠡ ᠲᠡᠭᠰᠢ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠨ᠎ᠠ᠃ ᠵᠣᠬᠢᠶᠠᠨ ᠪᠠᠶᠢᠭᠤᠯᠤᠯᠲᠠ ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠰᠠᠭᠤᠷᠢᠨ ᠳᠡᠭᠡᠷ᠎ᠡ᠂ ᠬᠢᠨᠠᠨ ᠲᠣᠭᠲᠠᠭᠠᠬᠤ ᠪᠠᠷᠢᠮᠵᠢᠶ᠎ᠠ ᠪᠣᠯᠣᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠥᠷᠨᠢᠭᠦᠯᠦᠨ᠎ᠡ᠃            ᠳᠥᠷᠪᠡᠳᠦᠭᠡᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠭᠡᠳᠡᠭ ᠨᠢ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠦᠷᠢᠳᠬᠡᠵᠦ᠂ ᠳᠠᠩᠰᠠᠯᠠᠭᠤᠯᠤᠭᠰᠠᠨ ᠡᠯ᠎ᠡ ᠲᠥᠷᠥᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠶᠢ ᠵᠢᠭᠠᠵᠤ ᠪᠠᠶᠢᠨ᠎ᠠ᠃            ᠲᠠᠪᠤᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠭᠡᠬᠦ ᠬᠤᠶᠠᠷ ᠱᠠᠩᠨᠠᠯ ᠲᠣᠬᠢᠷᠠᠭᠤᠯᠵᠤ᠂ ᠦᠨᠡᠯᠡᠨ ᠲᠣᠭᠲᠠᠭᠠᠬᠤ ᠦᠶᠡᠯᠡᠯ ᠤᠨ ᠬᠤᠭᠤᠴᠠᠭ᠎ᠠ ᠨᠢ 2 ᠵᠢᠯ ᠪᠣᠯᠣᠨ᠎ᠠ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠣᠯᠬᠤ ᠵᠣᠬᠢᠶᠠᠨ ᠪᠠᠶᠢᠭᠤᠯᠤᠯᠲᠠ ᠶᠢ ᠬᠤᠭᠤᠴᠠᠭ᠎ᠠ ᠪᠦᠷᠢ 5 ᠠᠴᠠ ᠬᠡᠲᠦᠷᠡᠭᠦᠯᠬᠦ ᠦᠭᠡᠢ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠣᠯᠬᠤ ᠵᠣᠬᠢᠶᠠᠨ ᠪᠠᠶᠢᠭᠤᠯᠤᠯᠲᠠ ᠶᠢ ᠬᠤᠭᠤᠴᠠᠭ᠎ᠠ ᠪᠦᠷᠢ 8 ᠠᠴᠠ ᠬᠡᠲᠦᠷᠡᠭᠦᠯᠬᠦ ᠦᠭᠡᠢ᠂ ᠬᠡᠷᠪᠡ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠦᠭᠡᠢ ᠪᠣᠯ ᠱᠠᠩᠨᠠᠯ ᠳᠤᠲᠠᠭᠳᠠᠵᠤ ᠪᠣᠯᠣᠨ᠎ᠠ᠃            ᠵᠢᠷᠭᠤᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠳᠤ ᠶᠠᠮᠠᠷᠪᠠ ᠰᠦᠢᠳᠬᠡᠯ ᠬᠤᠷᠢᠶᠠᠬᠤ ᠦᠭᠡᠢ᠃ ᠶᠠᠰᠤ ᠴᠢᠨᠠᠷ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠪᠠ ᠬᠢᠨᠠᠨ ᠲᠣᠭᠲᠠᠭᠠᠬᠤ᠂ ᠳᠡᠯᠭᠡᠷᠡᠭᠦᠯᠬᠦ ᠵᠡᠷᠭᠡ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠣᠨ ᠤ ᠲᠥᠰᠥᠪ ᠲᠤ ᠣᠷᠣᠭᠤᠯᠤᠨ᠎ᠠ᠃            ᠬᠤᠶᠠᠳᠤᠭᠠᠷ ᠪᠦᠯᠦᠭ   ᠵᠣᠬᠢᠶᠠᠨ ᠪᠠᠶᠢᠭᠤᠯᠵᠤ ᠬᠠᠮᠢᠶᠠᠷᠬᠤ            ᠳᠣᠯᠣᠳᠤᠭᠠᠷ ᠵᠦᠢᠯ  ᠬᠥᠬᠡᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠣᠣᠷ᠎ᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ ᠲᠣᠬᠢᠷᠠᠭᠤᠯᠤᠨ᠎ᠠ᠃            ᠲᠣᠰ ᠠᠯᠪᠠᠨ ᠭᠡᠷ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠢᠨᠠᠨ ᠲᠣᠭᠲᠠᠭᠠᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠵᠠᠰᠠᠪᠤᠷᠢ ᠣᠷᠣᠭᠤᠯᠵᠤ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠤᠨ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠵᠤ᠂ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠵᠤ᠂ ᠤᠳᠤᠷᠢᠳᠬᠤ ᠳᠤᠭᠤᠶᠢᠯᠠᠩ ᠳᠤ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠮᠡᠳᠡᠭᠦᠯᠵᠦ᠂ ᠵᠢᠱᠢᠭᠳᠡᠭᠰᠡᠳ ᠠᠵᠤ ᠠᠬᠤᠶᠢᠯᠠᠯ ᠤᠨ ᠨᠡᠷᠡᠰ ᠢ ᠳᠤᠷᠠᠳᠤᠨ᠎ᠠ︔ ᠪᠣᠯᠪᠠᠰᠤᠷᠠᠭᠤᠯᠬᠤ᠂ ᠪᠣᠶᠢᠵᠢᠭᠤᠯᠬᠤ ᠠᠵᠢᠯ ᠢ ᠥᠷᠨᠢᠭᠦᠯᠵᠦ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠤᠬᠠᠭᠤᠯᠤᠨ ᠳᠡᠯᠭᠡᠷᠡᠭᠦᠯᠵᠦ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠠ ᠲᠡᠮᠳᠡᠭ ᠤᠨ ᠬᠡᠷᠡᠭᠯᠡᠯᠲᠡ ᠶᠢ ᠵᠢᠷᠤᠮᠵᠢᠭᠤᠯᠤᠨ᠎ᠠ᠃            ᠨᠠᠢᠮᠠᠳᠤᠭᠠᠷ ᠵᠦᠢᠯ  ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠨᠦᠭᠦᠳ ᠲᠣᠰ ᠭᠠᠵᠠᠷ ᠣᠷᠣᠨ ᠤ ᠪᠠᠨ ᠮᠡᠳᠡᠭᠦᠯᠬᠦ ᠶᠢ ᠳᠠᠶᠢᠴᠢᠯᠠᠬᠤ ᠠᠵᠢᠯ ᠢ ᠬᠠᠷᠢᠭᠤᠴᠠᠨ᠎ᠠ᠃            ᠶᠢᠰᠦᠳᠦᠭᠡᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠳᠤ᠂ ᠠᠵᠢᠯ ᠲᠥᠷᠥᠯ ᠤᠨ ᠰᠠᠯᠠᠭ᠎ᠠ ᠮᠥᠴᠢᠷ ︵ᠨᠡᠶᠢᠭᠡᠮᠯᠢᠭ︶᠂ ᠮᠡᠷᠭᠡᠵᠢᠯ ᠤᠨ ᠪᠠᠶᠢᠭᠤᠯᠤᠮᠵᠢ᠂ ᠨᠡᠶᠢᠭᠡᠮ ᠤᠨ ᠪᠦᠯᠬᠦᠮ᠂ ᠵᠠᠭᠤᠴᠢ ᠪᠠᠶᠢᠭᠤᠯᠤᠮᠵᠢ ᠪᠠ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠲᠦᠮᠵᠢᠲᠡᠶ ᠠᠷᠭ᠎ᠠ ᠮᠠᠶ᠋ᠢᠭ ᠠᠪᠴᠤ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠬᠤ ᠬᠡᠷᠡᠭᠲᠡᠢ᠃            ᠭᠤᠷᠪᠠᠳᠤᠭᠠᠷ ᠪᠦᠯᠦᠭ   ᠮᠡᠳᠡᠭᠦᠯᠬᠦ ᠨᠥᠬᠦᠴᠡᠯ            ᠠᠷᠪᠠᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠄            ︵ᠨᠢᠭᠡ︶ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠵᠠᠯᠭᠠᠭ᠎ᠠ ᠪᠠᠷ 5 ᠵᠢᠯ ᠠᠴᠠ ᠳᠡᠭᠡᠭᠰᠢ ᠬᠡᠪ ᠤᠨ ᠦᠢᠯᠡᠳᠪᠦᠷᠢᠯᠡᠯ ᠡᠵᠡᠩᠨᠡᠯᠲᠡ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠦᠢᠯᠡᠰ᠂ ᠶᠠᠰᠤ ᠴᠢᠨᠠᠷ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ᠂ ᠠᠶᠤᠯᠭᠦᠢ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃            ︵ᠬᠤᠶᠠᠷ︶ ᠪᠦᠲᠦᠮᠵᠢᠲᠡᠶ ᠠᠵᠢᠯᠯᠠᠭᠠᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠶᠠᠰᠤ ᠴᠢᠨᠠᠷ ᠤᠨ ᠠᠬᠠᠯᠠᠭᠴᠢ ᠲᠤᠰᠢᠶᠠᠯᠲᠠᠨ ᠤ ᠳᠦᠷᠢᠮ ᠢ ᠪᠦᠷᠢᠨᠰᠢᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠨᠴᠠᠯᠢᠭ ᠨᠢ ᠢᠯᠡ ᠲᠣᠳᠣ᠂ ᠰᠢᠨᠵᠢᠯᠡᠬᠦ ᠤᠬᠠᠭᠠᠨᠴᠢ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠯᠳᠦᠭᠦᠯᠵᠦ᠂ ᠦᠷᠭᠦᠯᠵᠢᠯᠡᠨ ᠲᠡᠭᠦᠯᠳᠡᠷᠵᠢᠭᠦᠯᠬᠦ ᠲᠣᠭᠲᠠᠴᠠ ᠶᠢ ᠪᠠᠶᠢᠭᠤᠯᠤᠨ᠂ ᠭᠠᠷᠮᠠᠭᠠᠢ ᠠᠮᠵᠢᠯᠲᠠ ᠪᠦᠲᠦᠮᠵᠢ ᠶᠢᠨ ᠵᠠᠭᠪᠤᠷ ᠢ 2 ᠵᠢᠯ ᠠᠴᠠ ᠳᠡᠭᠡᠭᠰᠢ ᠬᠡᠷᠡᠭᠵᠢᠭᠦᠯᠦᠭᠰᠡᠨ ᠪᠠᠶᠢᠬᠤ ᠬᠡᠷᠡᠭᠲᠡᠢ᠃            ︵ᠭᠤᠷᠪᠠ︶ ᠶᠠᠰᠤ ᠴᠢᠨᠠᠷ ᠢᠶᠠᠷ ᠢᠯᠠᠯᠲᠠ ᠣᠯᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠶᠠᠰᠤ ᠴᠢᠨᠠᠷ ᠤᠨ ᠰᠣᠶᠣᠯ ᠢ ᠰᠠᠨᠠᠭᠠᠴᠢᠯᠠᠵᠤ᠂ ᠶᠠᠰᠤ ᠴᠢᠨᠠᠷ ᠤᠨ ᠬᠤᠪᠢᠰᠤᠯᠲᠠ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ ᠠᠬᠢᠭᠤᠯᠤᠭᠰᠠᠨ ᠪᠠᠶᠢᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ ᠶᠢᠨ ᠠᠵᠤ ᠠᠬᠤᠢ᠂ ᠮᠡᠷᠭᠡᠵᠢᠯ ᠤᠨ ᠭᠤᠣᠯ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠨᠢ ᠪᠦᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ ᠪᠠᠶᠢᠬᠤ ᠬᠡᠷᠡᠭᠲᠡᠢ︔ ᠠᠰᠢᠭ ᠣᠯᠵᠠᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠨᠢᠭᠡᠴᠢ ᠶᠢᠨ ᠨᠡᠶᠢᠭᠡᠮ ᠤᠨ ᠬᠤᠪᠢ ᠨᠡᠮᠡᠷᠢ ᠨᠢ ᠪᠦᠬᠦ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ ᠪᠠᠶᠢᠬᠤ ᠬᠡᠷᠡᠭᠲᠡᠢ᠃            ︵ᠳᠥᠷᠪᠡ︶ ᠶᠠᠰᠤ ᠴᠢᠨᠠᠷ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠠᠵᠤ ᠠᠬᠤᠢ ᠨᠡᠶᠢᠭᠡᠮ ᠤᠨ ᠦᠷ᠎ᠡ ᠠᠰᠢᠭ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠪᠣᠬᠢᠷᠲᠤᠯ ᠢ ᠪᠠᠭᠠᠰᠬᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠭᠡ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠣᠯᠣᠭᠰᠠᠨ ᠪᠠᠶᠢᠬᠤ ᠬᠡᠷᠡᠭᠲᠡᠢ᠃            ︵ᠲᠠᠪᠤ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠶᠤᠯᠭᠦᠢ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠠᠳᠠᠯ ᠦᠭᠡᠢ ᠪᠥᠭᠡᠳ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ᠂ ᠰᠠᠬᠢᠯᠭ᠎ᠠ ᠪᠠᠲᠤ ᠠᠴᠠ ᠵᠥᠷᠢᠴᠡᠭᠰᠡᠨ ᠪᠠ ᠢᠲᠡᠭᠡᠯ ᠢᠶᠠᠨ ᠠᠯᠳᠠᠭᠰᠠᠨ ᠬᠠᠮᠢᠶ᠎ᠠ ᠪᠦᠬᠦᠢ ᠲᠡᠮᠳᠡᠭᠯᠡᠯ ᠪᠠᠶᠢᠵᠤ ᠪᠣᠯᠬᠤ ᠦᠭᠡᠢ᠃            ᠠᠷᠪᠠᠨ ᠨᠢᠭᠡᠳᠦᠭᠡᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠣᠯᠬᠤ ᠵᠣᠬᠢᠶᠠᠨ ᠪᠠᠶᠢᠭᠤᠯᠤᠯᠲᠠ ᠨᠢ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠄            ︵ᠨᠢᠭᠡ︶ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠵᠠᠯᠭᠠᠭ᠎ᠠ ᠪᠠᠷ 3 ᠵᠢᠯ ᠠᠴᠠ ᠳᠡᠭᠡᠭᠰᠢ ᠬᠡᠪ ᠤᠨ ᠦᠢᠯᠡᠳᠪᠦᠷᠢᠯᠡᠯ ᠡᠵᠡᠩᠨᠡᠯᠲᠡ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠦᠢᠯᠡᠰ᠂ ᠶᠠᠰᠤ ᠴᠢᠨᠠᠷ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ᠂ ᠠᠶᠤᠯᠭᠦᠢ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃            ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠪᠦᠷᠢᠨ ᠲᠡᠭᠦᠯᠳᠡᠷ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠢ ᠬᠡᠷᠡᠭᠯᠡᠵᠦ᠂ ᠶᠠᠰᠤ ᠴᠢᠨᠠᠷ ᠤᠨ ᠠᠬᠠᠯᠠᠭᠴᠢ ᠲᠤᠰᠢᠶᠠᠯᠲᠠᠨ ᠤ ᠳᠦᠷᠢᠮ ᠢ ᠪᠠᠶᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ᠂ ᠠᠷᠭ᠎ᠠ ᠨᠢ ᠰᠢᠨ᠎ᠡ ᠶᠢ ᠡᠭᠦᠳᠦᠭᠰᠡᠨ ᠤ ᠬᠠᠮᠲᠤ ᠪᠦᠲᠦᠮᠵᠢᠲᠡᠶ ᠠᠵᠢᠯᠯᠠᠵᠤ᠂ ᠥᠰᠦᠨ ᠪᠤᠶᠢᠵᠢᠯᠲᠠ ᠶᠢᠨ ᠴᠢᠨᠠᠷ ᠢᠶᠠᠷ ᠨᠡᠯᠢᠶᠡᠳ ᠴᠢᠩᠭ᠎ᠠ ᠠᠵᠤ ᠠᠬᠤᠶᠢᠯᠠᠯ ᠪᠠᠶᠢᠬᠤ ᠬᠡᠷᠡᠭᠲᠡᠢ᠃            ᠳᠥᠷᠪᠡᠳᠦᠭᠡᠷ ᠪᠦᠯᠦᠭ   ᠬᠢᠨᠠᠨ ᠲᠣᠭᠲᠠᠭᠠᠬᠤ ᠪᠠᠷᠢᠮᠵᠢᠶ᠎ᠠ            ᠠᠷᠪᠠᠨ ᠬᠤᠶᠠᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ GB/T19580 ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢ ᠦᠨᠳᠦᠰᠦᠯᠡᠨ ᠬᠢᠨᠠᠨ ᠲᠣᠭᠲᠠᠭᠠᠨ᠎ᠠ᠃            ᠠᠷᠪᠠᠨ ᠭᠤᠷᠪᠠᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠢ ︽ᠬᠥᠬᠡᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠳᠦᠷᠢᠮ ᠭᠡᠵᠦ ᠲᠣᠪᠴᠢᠯᠠᠨ᠎ᠠ︶ ᠤᠨ ᠶᠣᠰᠣᠭᠠᠷ ᠥᠷᠨᠢᠭᠦᠯᠦᠨ᠎ᠡ᠃            ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠳᠦᠷᠢᠮ ᠢ GB/T 19580 ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢ ᠦᠨᠳᠦᠰᠦᠯᠡᠨ ᠲᠣᠭᠲᠠᠭᠠᠵᠤ᠂ ᠬᠠᠮᠢᠶ᠎ᠠ ᠪᠦᠬᠦᠢ ᠨᠢᠭᠡᠴᠢ ᠶᠢᠨ ᠰᠠᠨᠠᠯ ᠢ ᠬᠤᠷᠢᠶᠠᠵᠤ᠂ ᠢᠯᠡ ᠨᠡᠶᠢᠲᠡᠯᠡᠬᠦ ᠲᠠᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠦᠨ᠎ᠡ᠃            ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠳᠦᠷᠢᠮ ᠤᠨ ᠨᠢᠭᠡᠳᠦᠯᠲᠡᠢ ᠲᠣᠭᠲᠠᠭᠠᠯ ᠳᠣᠣᠷ᠎ᠠ᠂ ᠠᠵᠢᠯ ᠲᠥᠷᠥᠯ ᠤᠨ ᠲᠥᠷᠥᠯ ᠢᠯᠭᠠᠯ ᠢᠶᠠᠷ ᠬᠢᠨᠠᠨ ᠲᠣᠭᠲᠠᠭᠠᠬᠤ ᠨᠠᠷᠢᠨ ᠳᠦᠷᠢᠮ ᠢ ᠲᠣᠰ ᠲᠣᠰ ᠲᠣᠭᠲᠠᠭᠠᠵᠤ᠂ ᠠᠳᠠᠯᠢ ᠪᠤᠰᠤ ᠠᠵᠢᠯ ᠲᠥᠷᠥᠯ ᠤᠨ ᠬᠢᠨᠠᠨ ᠲᠣᠭᠲᠠᠭᠠᠬᠤ ᠠᠵᠢᠯ ᠤᠨ ᠳᠤᠮᠳᠠᠬᠢ ᠨᠢᠭᠡᠳᠦᠯᠲᠦ ᠴᠢᠨᠠᠷ ᠢ ᠪᠠᠲᠤᠯᠠᠨ᠎ᠠ᠃            ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠨᠠᠷᠢᠨ ᠳᠦᠷᠢᠮ ᠳᠤ ᠶᠠᠰᠤ ᠴᠢᠨᠠᠷ ᠤᠨ ᠬᠠᠮᠢᠶᠠᠷᠤᠯᠲᠠ ᠶᠢᠨ ᠣᠨᠣᠯ ᠵᠢᠴᠢ ᠦᠢᠯᠡᠳᠦᠯᠭᠡ ᠶᠢᠨ ᠬᠥᠭᠵᠢᠯᠲᠡ ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠤᠨ᠎ᠠ᠃            ᠲᠠᠪᠤᠳᠤᠭᠠᠷ ᠪᠦᠯᠦᠭ   ᠬᠢᠨᠠᠨ ᠲᠣᠭᠲᠠᠭᠠᠬᠤ ᠳᠡᠰ ᠳᠠᠷᠠᠭᠠᠯᠠᠯ ᠵᠢᠴᠢ ᠱᠠᠩᠨᠠᠬᠤ ᠪᠠᠷᠢᠮᠵᠢᠶ᠎ᠠ            ᠠᠷᠪᠠᠨ ᠳᠥᠷᠪᠡᠳᠦᠭᠡᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ᠵᠣᠬᠢᠶᠠᠨ ᠪᠠᠶᠢᠭᠤᠯᠤᠯᠲᠠ ᠶᠢᠨ ᠬᠢᠷᠢ ᠬᠡᠮ ᠢ ᠬᠢᠨᠠᠨ ᠬᠠᠷᠭᠤᠭᠤᠯᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠬᠤ ᠪᠠ ᠲᠣᠭᠠᠴᠢᠵᠤ ᠬᠠᠷᠢᠭᠤ ᠮᠠᠷᠭᠤᠬᠤ ᠵᠡᠷᠭᠡ ᠪᠠᠭᠲᠠᠨ᠎ᠠ᠃            ᠠᠷᠪᠠᠨ ᠲᠠᠪᠤᠳᠤᠭᠠᠷ ᠵᠦᠢᠯ  ᠮᠡᠳᠡᠭᠦᠯᠬᠦ ᠵᠣᠬᠢᠶᠠᠨ ᠪᠠᠶᠢᠭᠤᠯᠤᠯᠲᠠ ᠰᠠᠶᠢᠨ ᠳᠤᠷ᠎ᠠ ᠶᠢᠨ ᠪᠠᠶᠢᠬᠤ ᠰᠠᠭᠤᠷᠢᠨ ᠳᠡᠭᠡᠷ᠎ᠡ ᠮᠡᠳᠡᠭᠦᠯᠬᠦ ᠮᠠᠲ᠋ᠧᠷᠢᠶᠠᠯ ᠢᠶᠠᠨ ᠦᠨᠡᠨ ᠪᠣᠳᠠᠲᠠᠢ ᠪᠠᠷ ᠲᠠᠭᠯᠠᠵᠤ᠂ ᠲᠣᠭᠲᠠᠭᠰᠠᠨ ᠬᠤᠭᠤᠴᠠᠭᠠᠨ ᠳᠣᠲᠣᠷ᠎ᠠ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠪᠤᠶᠤ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠮᠠᠲ᠋ᠧᠷᠢᠶᠠᠯ ᠪᠠ ᠬᠠᠮᠢᠶ᠎ᠠ ᠪᠦᠬᠦᠢ ᠭᠡᠷᠡᠴᠢ ᠴᠢᠨᠠᠷᠲᠠᠢ ᠮᠠᠲ᠋ᠧᠷᠢᠶᠠᠯ ᠢᠶᠠᠨ ᠲᠤᠰᠢᠶᠠᠨ᠎ᠠ᠃            ᠠᠷᠪᠠᠨ ᠵᠢᠷᠭᠤᠳᠤᠭᠠᠷ ᠵᠦᠢᠯ  ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠬᠢᠨᠠᠨ ᠲᠣᠭᠲᠠᠭᠠᠬᠤ ᠠᠵᠢᠯ ᠢ ᠬᠠᠷᠢᠭᠤᠴᠠᠵᠤ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ᠄            ︵ᠨᠢᠭᠡ︶ ᠬᠢᠷᠢ ᠭᠡᠮ ᠢ ᠬᠢᠨᠠᠨ ᠬᠠᠷᠭᠤᠭᠤᠯᠬᠤ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠬᠠᠮᠢᠶ᠎ᠠ ᠪᠦᠬᠦᠢ ᠠᠵᠢᠯ ᠲᠥᠷᠥᠯ ᠪᠣᠯᠣᠨ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠠᠨᠠᠯ ᠬᠤᠷᠢᠶᠠᠬᠤ ᠵᠠᠬᠢᠳᠠᠯ ᠶᠠᠪᠤᠭᠤᠯᠵᠤ᠂ ᠬᠢᠷᠢ ᠭᠡᠮ ᠤᠨ ᠬᠢᠨᠠᠨ ᠪᠠᠶᠢᠴᠠᠭᠠᠯᠲᠠ ᠶᠢ ᠥᠩᠭᠡᠷᠡᠭᠰᠡᠨ ᠨᠢᠭᠡᠴᠢ ᠶᠢᠨ ᠨᠡᠷᠡᠰ ᠢ ᠲᠣᠭᠲᠠᠭᠠᠨ᠎ᠠ᠃            ︵ᠬᠤᠶᠠᠷ︶ ᠮᠠᠲ᠋ᠧᠷᠢᠶᠠᠯ ᠢ ᠬᠢᠨᠠᠨ ᠲᠣᠭᠲᠠᠭᠠᠬᠤ᠃ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ᠂ ᠮᠠᠲ᠋ᠧᠷᠢᠶᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠬᠢᠨᠠᠨ ᠲᠣᠭᠲᠠᠭᠠᠬᠤ ᠰᠠᠨᠠᠯ ᠪᠠ ᠮᠠᠲ᠋ᠧᠷᠢᠶᠠᠯ ᠢ ᠬᠢᠨᠠᠨ ᠲᠣᠭᠲᠠᠭᠠᠬᠤ ᠬᠤᠪᠢ ᠶᠢ ᠲᠣᠭᠲᠠᠭᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠡᠯ᠎ᠡ ᠳᠤᠭᠤᠶᠢᠯᠠᠩ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠨ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ ᠳᠤ ᠣᠷᠣᠬᠤ ᠨᠢᠭᠡᠴᠢ ᠶᠢᠨ ᠨᠡᠷᠡᠰ ᠢ ᠲᠣᠭᠲᠠᠭᠠᠨ᠎ᠠ᠃            ︵ᠭᠤᠷᠪᠠ︶ ᠲᠤᠬᠠᠢ ᠶᠢᠨ ᠲᠠᠯᠠᠪᠠᠢ ᠳᠤ ᠬᠢᠨᠠᠨ ᠲᠣᠭᠲᠠᠭᠠᠬᠤ᠃ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ ᠭᠤᠭᠴᠤᠭ᠎ᠠ ᠳᠤ ᠣᠷᠣᠭᠰᠠᠨ ᠮᠡᠳᠡᠭᠦᠯᠦᠭᠰᠡᠨ ᠨᠢᠭᠡᠴᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠦᠢᠯᠡᠳᠦᠯᠭᠡ ᠵᠢᠴᠢ ᠶᠠᠪᠤᠴᠠ ᠦᠷ᠎ᠡ ᠳ᠋ᠦᠩ ᠵᠡᠷᠭᠡ ᠲᠥᠷᠥᠯ ᠵᠦᠢᠯ ᠳᠤ ᠲᠤᠬᠠᠢ ᠶᠢᠨ ᠭᠠᠵᠠᠷ ᠲᠤ ᠦᠨᠡᠯᠡᠯᠲᠡ ᠬᠢᠵᠦ᠂ ᠬᠢᠨᠠᠨ ᠲᠣᠭᠲᠠᠭᠠᠬᠤ ᠰᠠᠨᠠᠯ ᠪᠠ ᠲᠤᠬᠠᠢ ᠶᠢᠨ ᠲᠠᠯᠠᠪᠠᠶ ᠶᠢᠨ ᠬᠢᠨᠠᠨ ᠲᠣᠭᠲᠠᠭᠠᠭᠰᠠᠨ ᠬᠤᠪᠢ ᠣᠯᠭᠤᠨ᠎ᠠ᠃            ︵ᠳᠥᠷᠪᠡ︶ ᠲᠣᠭᠠᠴᠢᠵᠤ ᠬᠠᠷᠢᠭᠤ ᠮᠠᠷᠭᠤᠬᠤ᠃ ᠲᠣᠭᠠᠴᠢᠵᠤ ᠬᠠᠷᠢᠭᠤ ᠮᠠᠷᠭᠤᠬᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠶᠢ ᠥᠩᠭᠡᠷᠡᠭᠰᠡᠨ ᠮᠡᠳᠡᠭᠦᠯᠦᠭᠰᠡᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠲᠣᠭᠠᠴᠢᠵᠤ ᠬᠠᠷᠢᠭᠤ ᠮᠠᠷᠭᠤᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠢᠨᠠᠨ ᠲᠣᠭᠲᠠᠭᠠᠬᠤ ᠰᠠᠨᠠᠯ ᠪᠠ ᠲᠣᠭᠠᠴᠢᠵᠤ ᠬᠠᠷᠢᠭᠤ ᠮᠠᠷᠭᠤᠭᠰᠠᠨ ᠬᠤᠪᠢ ᠣᠯᠭᠤᠨ᠎ᠠ᠃            ︵ᠲᠠᠪᠤ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ ᠪᠠ ᠲᠣᠭᠠᠴᠢᠵᠤ ᠬᠠᠷᠢᠭᠤ ᠮᠠᠷᠭᠤᠭᠰᠠᠨ ᠦᠷ᠎ᠡ ᠳ᠋ᠦᠩ ᠢ ᠦᠨᠳᠦᠰᠦᠯᠡᠨ᠂ ᠮᠡᠳᠡᠭᠦᠯᠦᠭᠰᠡᠨ ᠨᠢᠭᠡᠴᠢ ᠳᠤ ᠶᠡᠷᠦᠩᠬᠡᠶᠢᠯᠡᠭᠰᠡᠨ ᠬᠤᠪᠢ ᠣᠯᠭᠤᠵᠤ᠂ ᠱᠠᠩᠨᠠᠯ ᠣᠯᠬᠤ ᠵᠢᠱᠢᠭᠳᠡᠭᠰᠡᠳ ᠤᠨ ᠨᠡᠷᠡᠰ ᠢ ᠰᠤᠳᠤᠯᠤᠨ ᠳᠤᠷᠠᠳᠤᠨ᠎ᠠ᠃             ᠠᠷᠪᠠᠨ ᠳᠣᠯᠣᠳᠤᠭᠠᠷ ᠵᠦᠢᠯ  ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠣᠯᠭᠤᠬᠤ ᠨᠡᠷᠡᠰ ᠢ ᠰᠠᠨᠠᠭᠤᠯᠭ᠎ᠠ ᠪᠣᠯᠭᠠᠨ ᠳᠤᠷᠠᠳᠴᠤ᠂ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠨᠡᠷᠡᠰ ᠢ ᠲᠣᠭᠲᠠᠭᠠᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠨᠡᠷᠡᠰ ᠢ ᠨᠡᠶᠢᠭᠡᠮ ᠳᠤ ᠵᠠᠷᠯᠠᠵᠤ᠂ ᠵᠠᠷᠯᠠᠬᠤ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃            ᠠᠷᠪᠠᠨ ᠨᠠᠢᠮᠠᠳᠤᠭᠠᠷ ᠵᠦᠢᠯ  ᠵᠠᠷᠯᠠᠬᠤ ᠪᠠᠷ ᠳᠡᠮᠵᠢᠨ ᠣᠨᠳᠣᠣ ᠰᠠᠨᠠᠯ ᠦᠭᠡᠢ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠰᠠᠶᠢᠰᠢᠶᠠᠵᠤ᠂ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠠ᠃            ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠳᠤ ᠶᠠᠰᠤ ᠴᠢᠨᠠᠷ ᠤᠨ ᠬᠥᠭᠵᠢᠯᠲᠡ ᠶᠢᠨ ᠬᠥᠲᠥᠯᠥᠨ ᠵᠢᠯᠤᠭᠤᠳᠴᠤ ᠤᠷᠮᠠᠰᠢᠭᠤᠯᠬᠤ ᠪᠡᠯᠡ ᠮᠥᠩᠭᠦ 50 ᠲᠦᠮᠡᠨ ᠲᠥᠭᠦᠷᠢᠭ ᠣᠯᠭᠤᠵᠤ᠂ ᠨᠡᠷ᠎ᠡ ᠳᠤᠷᠠᠳᠤᠭᠰᠠᠨ ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠳᠤ ᠶᠠᠰᠤ ᠴᠢᠨᠠᠷ ᠤᠨ ᠬᠥᠭᠵᠢᠯᠲᠡ ᠶᠢᠨ ᠬᠥᠲᠥᠯᠥᠨ ᠵᠢᠯᠤᠭᠤᠳᠴᠤ ᠤᠷᠮᠠᠰᠢᠭᠤᠯᠬᠤ ᠪᠡᠯᠡ ᠮᠥᠩᠭᠦ 5 ᠲᠦᠮᠡᠨ ᠲᠥᠭᠦᠷᠢᠭ ᠣᠯᠭᠤᠨ᠎ᠠ᠃ ᠠᠳᠠᠯᠢ ᠨᠢᠭᠡᠨ ᠱᠠᠩᠨᠠᠯ ᠢ ᠳᠠᠬᠢᠨᠲᠠ ᠣᠯᠣᠭᠰᠠᠨ ᠵᠣᠬᠢᠶᠠᠨ ᠪᠠᠶᠢᠭᠤᠯᠤᠯᠲᠠ ᠳᠤ ᠶᠠᠰᠤ ᠴᠢᠨᠠᠷ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠤᠷᠮᠠᠰᠢᠭᠤᠯᠬᠤ ᠪᠡᠯᠡ ᠮᠥᠩᠭᠦ ᠣᠯᠭᠤᠬᠤ ᠦᠭᠡᠢ᠃             ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠠᠵᠢᠯ ᠤᠨ ᠵᠠᠷᠤᠳᠠᠯ ᠳᠤ᠄ ᠮᠡᠳᠡᠭᠦᠯᠬᠦ ᠮᠠᠲ᠋ᠧᠷᠢᠶᠠᠯ ᠢ ᠬᠢᠨᠠᠨ ᠲᠣᠭᠲᠠᠭᠠᠬᠤ ᠵᠠᠷᠤᠳᠠᠯ᠂ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠬᠤ ᠵᠠᠷᠤᠳᠠᠯ᠂ ᠲᠣᠭᠠᠴᠢᠵᠤ ᠬᠠᠷᠢᠭᠤ ᠮᠠᠷᠭᠤᠬᠤ ᠵᠠᠷᠤᠳᠠᠯ᠂ ᠵᠠᠷᠯᠠᠬᠤ ᠵᠠᠷᠤᠳᠠᠯ᠂ ᠫᠠᠶᠢᠰᠠ ᠢᠯᠡᠷᠬᠡᠶᠢᠯᠡᠯ ᠢ ᠦᠢᠯᠡᠳᠬᠦ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠬᠦ ᠵᠠᠷᠤᠳᠠᠯ ᠵᠡᠷᠭᠡ ᠪᠠᠭᠲᠠᠨ᠎ᠠ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠠᠵᠢᠯ ᠤᠨ ᠵᠠᠷᠤᠳᠠᠯ ᠢ ᠣᠨ ᠤ ᠪᠣᠳᠠᠲᠠᠢ ᠬᠡᠷᠡᠭᠴᠡᠭᠡ ᠶᠣᠰᠣᠭᠠᠷ ᠡᠳ᠋ ᠤᠨ ᠵᠠᠰᠠᠭ ᠤᠨ ᠣᠨ ᠤ ᠲᠥᠰᠥᠪ ᠲᠤ ᠣᠷᠣᠭᠤᠯᠤᠨ᠎ᠠ᠃            ᠵᠢᠷᠭᠤᠳᠤᠭᠠᠷ ᠪᠦᠯᠦᠭ   ᠬᠢᠨᠠᠯᠲᠠ ᠲᠠᠯᠪᠢᠵᠤ ᠬᠠᠮᠢᠶᠠᠷᠬᠤ            ᠠᠷᠪᠠ ᠶᠢᠰᠦᠳᠦᠭᠡᠷ ᠵᠦᠢᠯ  ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠶᠢᠨ ᠣᠯᠣᠭᠰᠠᠨ ᠶᠠᠰᠤ ᠴᠢᠨᠠᠷ ᠤᠨ ᠬᠥᠭᠵᠢᠯᠲᠡ ᠶᠢᠨ ᠬᠥᠲᠥᠯᠥᠨ ᠵᠢᠯᠤᠭᠤᠳᠴᠤ ᠤᠷᠮᠠᠰᠢᠭᠤᠯᠬᠤ ᠪᠡᠯᠡ ᠮᠥᠩᠭᠦ ᠶᠢ ᠭᠤᠣᠯᠳᠠᠭᠤ ᠶᠠᠰᠤ ᠴᠢᠨᠠᠷ ᠢ ᠰᠠᠶᠢᠵᠢᠷᠠᠭᠤᠯᠬᠤ᠂ ᠮᠡᠷᠭᠡᠵᠢᠯ ᠤᠨ ᠪᠣᠭᠤᠮᠲᠠ ᠰᠢᠪᠲᠤᠯᠬᠤ᠂ ᠶᠠᠰᠤ ᠴᠢᠨᠠᠷ ᠤᠨ ᠬᠥᠮᠦᠵᠢᠯ ᠪᠣᠯᠪᠠᠰᠤᠷᠠᠭᠤᠯᠤᠯ ᠪᠠ ᠶᠠᠰᠤ ᠴᠢᠨᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠶᠢ ᠦᠷᠭᠦᠯᠵᠢᠯᠡᠨ ᠠᠬᠢᠭᠤᠯᠬᠤ ᠳᠤ ᠬᠡᠷᠡᠭᠯᠡᠨ᠎ᠡ᠂ ᠣᠨᠳᠣᠣ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠥᠷᠨᠢᠭᠦᠯᠦᠭᠰᠡᠨ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠬᠠᠮᠵᠢᠯᠴᠠᠬᠤ ᠬᠡᠷᠡᠭᠲᠡᠢ᠃            ᠬᠤᠷᠢᠳᠤᠭᠠᠷ ᠵᠦᠢᠯ  ᠱᠠᠩᠨᠠᠯ ᠣᠯᠣᠭᠰᠠᠨ ᠨᠢᠭᠡᠴᠢ ᠨᠦᠭᠦᠳ ᠵᠢᠱᠢᠶᠡᠴᠢ ᠪᠠᠷ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠪᠠ ᠠᠷᠭ᠎ᠠ ᠶᠢ ᠳᠡᠯᠭᠡᠷᠡᠭᠦᠯᠬᠦ᠂ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ᠃            ᠬᠤᠷᠢᠨ ᠨᠢᠭᠡᠳᠦᠭᠡᠷ ᠵᠦᠢᠯ  ᠱᠠᠩᠨᠠᠯ ᠣᠯᠣᠭᠰᠠᠨ ᠨᠢᠭᠡᠴᠢ ᠱᠠᠩᠨᠠᠯ ᠣᠯᠣᠭᠰᠠᠨ 3 ᠵᠢᠯ ᠤᠨ ᠳᠣᠲᠣᠷ᠎ᠠ᠂ ᠵᠢᠯ ᠪᠦᠷᠢ ︽ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ︾ ᠶᠢ ᠦᠨᠡᠨ ᠪᠣᠳᠠᠲᠠᠢ ᠪᠠᠷ ᠲᠠᠭᠯᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠳᠤ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃            ᠬᠤᠷᠢᠨ ᠬᠤᠶᠠᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠶᠠᠪᠤᠴᠠ ᠳᠤ ᠬᠤᠳᠠᠯ ᠬᠡᠯᠡᠨ ᠬᠠᠭᠤᠷᠮᠠᠭ ᠵᠣᠬᠢᠶᠠᠵᠤ᠂ ᠵᠦᠢ ᠪᠤᠰᠤ ᠠᠷᠭ᠎ᠠ ᠪᠠᠷᠢᠯ ᠢᠶᠠᠷ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠠᠪᠤᠭᠰᠠᠨ ᠵᠣᠬᠢᠶᠠᠨ ᠪᠠᠶᠢᠭᠤᠯᠤᠯᠲᠠ ᠶᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠱᠠᠩᠨᠠᠯ ᠢ ᠨᠢ ᠬᠦᠴᠦᠨ ᠦᠭᠡᠢ ᠪᠣᠯᠭᠠᠨ᠎ᠠ᠃            ᠬᠤᠷᠢᠨ ᠭᠤᠷᠪᠠᠳᠤᠭᠠᠷ ᠵᠦᠢᠯ  ᠱᠠᠩᠨᠠᠯ ᠣᠯᠣᠭᠰᠠᠨ ᠵᠣᠬᠢᠶᠠᠨ ᠪᠠᠶᠢᠭᠤᠯᠤᠯᠲᠠ ᠨᠢ ᠱᠠᠩᠨᠠᠯ ᠣᠯᠣᠭᠰᠠᠨ ᠤ ᠳᠠᠷᠠᠭᠠᠬᠢ 3 ᠵᠢᠯ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠤᠨ ᠪᠠ ᠠᠶᠤᠯᠭᠦᠢ ᠶᠢᠨ ᠠᠳᠡᠯ ᠭᠠᠷᠤᠭᠰᠠᠨ᠂ ᠡᠰᠡᠬᠦᠯ᠎ᠡ ᠬᠠᠤᠯᠢ ᠳᠦᠷᠢᠮ ᠢ ᠵᠥᠷᠢᠴᠡᠭᠰᠡᠨ ᠬᠦᠨᠳᠦ ᠶᠡᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠲᠠᠢ ᠪᠣᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠭᠡᠷ︶ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠨ ᠣᠯᠣᠭᠰᠠᠨ ᠱᠠᠩᠨᠠᠯ ᠢ ᠬᠦᠴᠦᠨ ᠦᠭᠡᠢ ᠪᠣᠯᠭᠠᠨ᠎ᠠ᠃            ᠬᠤᠷᠢᠨ ᠳᠥᠷᠪᠡᠳᠦᠭᠡᠷ ᠵᠦᠢᠯ  ᠱᠠᠩᠨᠠᠯ  ᠣᠯᠣᠭᠰᠠᠨ ᠵᠣᠬᠢᠶᠠᠨ ᠪᠠᠶᠢᠭᠤᠯᠤᠯᠲᠠ ᠨᠢ ᠠᠵᠤ ᠠᠬᠤᠶᠢᠯᠠᠯ ᠤᠨ ᠳᠦᠷᠢ  ᠲᠥᠷᠬᠦ ᠪᠠᠨ ᠤᠬᠠᠭᠤᠯᠬᠤ ᠳᠤᠮᠳᠠ ᠱᠠᠩᠨᠠᠯ ᠣᠯᠣᠭᠰᠠᠨ ᠴᠣᠯᠠ ᠶᠢ ᠬᠡᠷᠡᠭᠯᠡᠵᠦ ᠪᠣᠯᠬᠤ ᠪᠥᠭᠡᠳ ᠱᠠᠩᠨᠠᠯ  ᠣᠯᠣᠭᠰᠠᠨ  ᠣᠨ ᠵᠢᠯ ᠢ ᠲᠣᠳᠣᠷᠬᠠᠶᠢᠯᠠᠵᠤ ᠪᠣᠯᠣᠨ᠎ᠠ᠂ ᠭᠡᠪᠡᠴᠦ ᠦᠢᠯᠡᠳᠬᠦᠨ ᠪᠤᠶᠤ ᠪᠣᠭᠤᠳᠠᠯ ᠳᠡᠭᠡᠷ᠎ᠡ ᠪᠠᠨ  ᠲᠡᠮᠳᠡᠭᠯᠡᠨ ᠬᠠᠳᠠᠵᠤ ᠦᠢᠯᠡᠳᠬᠦᠨ ᠤ ᠤᠬᠠᠭᠤᠯᠭ᠎ᠠ ᠳᠤ ᠬᠡᠷᠡᠭᠯᠡᠵᠦ ᠪᠣᠯᠬᠤ ᠦᠭᠡᠢ᠃            ᠬᠤᠷᠢᠨ ᠲᠠᠪᠤᠳᠤᠭᠠᠷ ᠵᠦᠢᠯ  ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠲᠠᠳ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠮᠡᠳᠡᠭᠦᠯᠦᠭᠰᠡᠨ ᠨᠢᠭᠡᠴᠢ ᠶᠢᠨ ᠬᠤᠳᠠᠯᠳᠤᠭᠠᠨ ᠤ ᠨᠢᠭᠤᠴᠠ᠂ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ︔ ᠬᠢᠨᠠᠨ ᠲᠣᠭᠲᠠᠭᠠᠬᠤ ᠠᠵᠢᠯᠲᠠᠳ ᠮᠡᠳᠡᠭᠦᠯᠦᠭᠰᠡᠨ ᠨᠢᠭᠡᠴᠢ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠣᠯ ᠲᠤᠰ ᠬᠥᠮᠥᠨ ᠨᠢ ᠡᠷᠬᠡᠪᠰᠢ ᠵᠠᠶᠢᠯᠠᠬᠤ ᠬᠡᠷᠡᠭᠲᠡᠢ᠃                  ᠳᠣᠯᠣᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ            ᠬᠤᠷᠢᠨ ᠵᠢᠷᠭᠤᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠲᠥᠷᠥ ᠶᠢᠨ ᠪᠣᠳᠣᠯᠭ᠎ᠠ ᠶᠢᠨ ᠲᠠᠶᠢᠯᠤᠮᠵᠢ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号