ᠥᠰᠦᠭ ᠢᠶᠠᠷ ᠥᠭᠦᠯᠡᠬᠦᠢ᠄ ︽ᠬᠥᠬᠡᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/16
     ᠨᠢᠭᠡ᠂ ᠬᠠᠤᠯᠢ ᠲᠣᠭᠲᠠᠭᠠᠭᠰᠠᠨ ᠠᠬᠤᠢ ᠪᠠᠶᠢᠳᠠᠯ ︽ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠪᠣᠯ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠰᠠᠭᠤᠭᠠᠯᠢ ᠠᠷᠠᠳ ᠤᠨ ᠪᠤᠰᠤ ᠤᠰᠤᠨ ᠤ ᠰᠦᠢᠳᠬᠡᠯ ᠢ ᠬᠤᠷᠢᠶᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠰᠠᠭᠤᠷᠢᠨ ᠳᠡᠭᠡᠷ᠎ᠡ᠂ ᠪᠡᠭᠡᠵᠢᠩ᠂ ᠱᠧᠨᠵᠧᠨ ᠵᠡᠷᠭᠡ ᠭᠠᠵᠠᠷ ᠤᠨ ᠬᠠᠤᠯᠢ ᠲᠣᠭᠲᠠᠭᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠠᠵᠢᠯᠯᠠᠭ᠎ᠠ ᠳᠤ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠠᠤᠯᠢ ᠲᠣᠭᠲᠠᠭᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃      ᠬᠤᠶᠠᠷ᠂ ᠲᠣᠭᠲᠠᠭᠠᠭᠰᠠᠨ ᠠᠭᠤᠯᠭ᠎ᠠ ︽ᠠᠷᠭ᠎ᠠ︾ ᠳᠤ ᠨᠡᠶᠢᠲᠡ 32 ᠵᠦᠢᠯ ᠲᠠᠢ᠂ ᠭᠤᠣᠯᠳᠠᠭᠤ 7 ᠲᠠᠯ᠎ᠠ ᠶᠢᠨ ᠠᠭᠤᠯᠭ᠎ᠠ ᠶᠢ ᠲᠣᠭᠲᠠᠭᠠᠪᠠ᠃      ︵ᠨᠢᠭᠡ︶ ᠬᠡᠷᠡᠭᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠶᠠᠳᠤᠭᠠᠷ ᠵᠦᠢᠯ ᠳᠤ ᠲᠣᠰ ᠠᠷᠭ᠎ᠠ ᠨᠢ ᠮᠠᠨ ᠤ ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠪᠠᠷᠢᠯᠭ᠎ᠠ ᠶᠢᠨ ᠤᠰᠤ ᠳᠣᠷᠣᠭᠰᠢᠯᠠᠭᠤᠯᠬᠤ᠂ ᠤᠰᠤ ᠶᠢ ᠠᠷᠪᠢᠯᠠᠬᠤ ᠵᠢᠴᠢ ᠳᠠᠬᠢᠯᠲᠠ ᠤᠰᠤ ᠶᠢ ᠠᠰᠢᠭᠯᠠᠬᠤ ᠳᠤ ᠲᠣᠬᠢᠷᠠᠵᠤ᠂ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠨᠡᠶᠢᠳᠡᠮ ᠪᠦᠷᠬᠦᠭᠦᠯᠦᠨ᠎ᠡ᠃      ︵ᠬᠤᠶᠠᠷ︶ ᠰᠤᠯᠠ ᠲᠠᠯᠪᠢᠵᠤ ᠪᠠᠶᠢᠭ᠎ᠠ ᠤᠰᠤᠨ ᠤ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠲᠣᠬᠢᠷᠠᠭᠤᠯᠤᠨ ᠠᠰᠢᠭᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠲᠠᠯᠪᠢᠵᠤ ᠪᠠᠶᠢᠭ᠎ᠠ ᠤᠰᠤᠨ ᠤ ᠭᠦᠢᠴᠡᠳᠬᠡᠯ ᠲᠤᠭ᠎ᠠ ᠶᠢ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ︽ᠠᠷᠭ᠎ᠠ︾ ᠶᠢᠨ ᠠᠷᠪᠠᠨ ᠨᠢᠭᠡᠳᠦᠭᠡᠷ ᠵᠦᠢᠯ ᠳᠤ ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢ ᠵᠢᠷᠭᠤᠭᠠᠨ ᠰᠠᠷ᠎ᠠ ᠠᠴᠠ ᠢᠯᠡᠭᠦᠦ ᠬᠤᠭᠤᠴᠠᠭ᠎ᠠ ᠰᠤᠯᠠ ᠲᠠᠯᠪᠢᠵᠤ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠪᠠᠷ ᠲᠣᠭᠲᠠᠭᠠᠪᠠᠯ᠂ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ᠎ᠠ ᠭᠡᠵᠦ ᠲᠣᠭᠲᠠᠭᠠᠪᠠ᠃      ︵ᠭᠤᠷᠪᠠ︶ ᠤᠰᠤᠨ ᠬᠤᠳᠳᠤᠭ ᠤᠨ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠳᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠪᠦᠷᠬᠦᠭᠰᠡᠨ ᠬᠡᠪᠴᠢᠶᠡᠨ ᠳᠣᠲᠣᠷᠠᠬᠢ ᠥᠪᠡᠷ ᠢᠶᠠᠨ ᠮᠠᠯᠲᠠᠭᠰᠠᠨ ᠬᠤᠳᠳᠤᠭ ᠢ ᠪᠢᠲᠡᠭᠦᠮᠵᠢᠯᠡᠬᠦ ᠶᠠᠪᠤᠴᠠ ᠳᠤ᠂ ᠡᠭᠦᠨ ᠳᠤ ᠣᠯᠠᠨ ᠨᠡᠶᠢᠲᠡ ᠶᠢᠨ ᠤᠰᠤ ᠬᠠᠩᠭᠠᠬᠤ ᠬᠡᠮᠵᠢᠶ᠎ᠡ᠂ ᠤᠰᠤᠨ ᠤ ᠳᠠᠷᠤᠯᠲᠠ ᠨᠢ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠣᠷᠣᠨ ᠪᠦᠰᠡ ᠳᠣᠲᠣᠷᠠᠬᠢ ᠤᠰᠤᠨ ᠬᠤᠳᠳᠤᠭ ᠢ ᠪᠦᠬᠦᠨ ᠢ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠳᠤ ᠨᠡᠭᠦᠯᠭᠡᠨ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠳᠤ ᠣᠷᠣᠭᠤᠯᠤᠨ᠎ᠠ ᠭᠡᠵᠦ ᠲᠣᠭᠲᠠᠭᠠᠪᠠ᠃      ︵ᠳᠥᠷᠪᠡ︶ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ ᠶᠢᠨ ᠠᠷᠪᠠᠨ ᠳᠥᠷᠪᠡᠳᠦᠭᠡᠷ ᠵᠦᠢᠯ ᠳᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ᠂ ᠦᠵᠡᠮᠵᠢ ᠳᠤ ᠬᠡᠷᠡᠭᠯᠡᠬᠦ ᠤᠰᠤᠨ ᠳᠤ ᠤᠰᠤ ᠠᠷᠪᠢᠯᠠᠬᠤ ᠤᠳᠤᠷᠢᠳᠤᠮᠵᠢ ᠶᠢ ᠪᠠᠷᠢᠮᠲᠠᠯᠠᠨ᠂ ᠤᠰᠤ ᠠᠷᠪᠢᠯᠠᠬᠤ ᠮᠡᠷᠭᠡᠵᠢᠯ ᠢ ᠬᠡᠷᠡᠭᠯᠡᠵᠦ᠂ ᠳᠠᠬᠢᠯᠲᠠ ᠤᠰᠤ ᠪᠠ ᠪᠣᠷᠣᠭᠠᠨ ᠤ ᠤᠰᠤ ᠶᠢ ᠤᠷᠢᠳᠠᠪᠠᠷ ᠠᠰᠢᠭᠯᠠᠨ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠳᠤᠰᠤᠯᠭᠠᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠪᠢᠯᠬᠠᠲᠠᠯ᠎ᠠ ᠤᠰᠤᠯᠠᠬᠤ ᠵᠡᠷᠭᠡ ᠤᠰᠤ ᠶᠡᠭᠡ ᠬᠤᠷᠣᠭᠳᠠᠭᠤᠯᠬᠤ ᠤᠰᠤᠯᠠᠯᠲᠠ ᠶᠢᠨ ᠠᠷᠭ᠎ᠠ ᠶᠢ ᠬᠡᠷᠡᠭᠯᠡᠵᠦ ᠪᠣᠯᠬᠤ ᠦᠭᠡᠢ᠃ ᠭᠠᠵᠠᠷ ᠳᠣᠣᠷᠠᠬᠢ ᠤᠰᠤ᠂ ᠲᠦᠭᠡᠭᠡᠯ ᠤᠰᠤ ᠪᠠᠷ ᠦᠵᠡᠮᠵᠢ ᠶᠢᠨ ᠭᠤᠣᠯ᠂ ᠬᠢᠮᠡᠯ ᠨᠠᠭᠤᠷ ᠤᠨ ᠬᠡᠷᠡᠭᠯᠡᠬᠦ ᠤᠰᠤ ᠪᠣᠯᠭᠠᠬᠤ ᠶᠢ ᠴᠠᠭᠠᠵᠠᠯᠠᠨ᠎ᠠ ᠭᠡᠵᠦ ᠲᠣᠭᠲᠠᠭᠠᠪᠠ᠃      ︵ᠲᠠᠪᠤ︶ ᠪᠠᠷᠢᠯᠭ᠎ᠠ ᠶᠢᠨ ᠤᠰᠤ ᠳᠣᠷᠣᠭᠰᠢᠯᠠᠭᠤᠯᠬᠤ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ ᠶᠢᠨ ᠳᠥᠷᠪᠡᠳᠦᠭᠡᠷ ᠪᠦᠯᠦᠭ ᠲᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠤᠰᠤ ᠳᠣᠷᠣᠭᠰᠢᠯᠠᠭᠤᠯᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ᠂ ᠪᠠᠷᠢᠯᠭ᠎ᠠ ᠶᠢᠨ ᠤᠰᠤ ᠳᠣᠷᠣᠭᠰᠢᠯᠠᠭᠤᠯᠬᠤ ᠳᠤ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ ᠭᠡᠵᠦ ᠲᠣᠭᠲᠠᠭᠠᠪᠠ᠃      ︵ᠵᠢᠷᠭᠤᠭ᠎ᠠ︶ ᠤᠰᠤ ᠶᠢ ᠠᠷᠪᠢᠯᠠᠨ ᠭᠠᠮᠨᠠᠬᠤ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ ᠳᠤ ᠰᠠᠭᠤᠭᠠᠯᠢ ᠠᠷᠠᠳ ᠤᠨ ᠪᠤᠰᠤ ᠤᠰᠤᠨ ᠳᠤ ᠬᠡᠲᠦᠷᠡᠭᠦᠯᠵᠦ ᠬᠡᠷᠡᠭᠯᠡᠭᠰᠡᠨ ᠤᠰᠤᠨ ᠤ ᠰᠦᠢᠳᠬᠡᠯ ᠬᠤᠷᠢᠶᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠳᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠣᠰᠣᠭᠠᠷ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠬᠡᠷᠡᠭᠵᠢᠭᠦᠯᠬᠦ ᠶᠢᠨ ᠬᠠᠮᠲᠤ ᠬᠤᠲᠠ ᠪᠠᠯᠭᠠᠰᠤ ᠶᠢᠨ ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ ᠲᠦᠮᠡᠨ ᠲᠣᠨ ᠠᠴᠠ ᠳᠡᠭᠡᠭᠰᠢᠬᠢ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠢ ᠬᠤᠭᠤᠴᠠᠭ᠎ᠠ ᠲᠣᠭᠲᠠᠭᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠵᠤ᠂ ᠤᠰᠤ ᠠᠷᠪᠢᠯᠠᠬᠤ ᠲᠥᠯᠥᠪᠯᠡᠭᠡ ᠲᠣᠭᠲᠠᠭᠠᠨ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠲᠣᠭᠲᠠᠭᠠᠪᠠ᠃      ︵ᠳᠤᠯᠤᠭ᠎ᠠ︶ ᠳᠠᠬᠢᠯᠲᠠ ᠤᠰᠤ ᠠᠰᠢᠭᠯᠠᠬᠤ ᠶᠢ ᠴᠢᠩᠭᠠᠳᠬᠠᠪᠠ᠃ ︽ᠠᠷᠭ᠎ᠠ︾ ᠶᠢᠨ ᠵᠢᠷᠭᠤᠳᠤᠭᠠᠷ ᠪᠦᠯᠦᠭ ᠲᠤ ᠰᠠᠭᠤᠭᠠᠯᠢ ᠪᠤᠰᠤ ᠠᠷᠠᠳ ᠳᠠᠬᠢᠨᠲᠠ ᠤᠰᠤ ᠶᠢ ᠬᠡᠷᠡᠭᠯᠡᠪᠡᠯ ᠪᠣᠬᠢᠷ ᠤᠰᠤ ᠰᠢᠢᠳᠪᠦᠷᠢᠯᠡᠬᠦ ᠰᠦᠢᠳᠬᠡᠯ ᠢ ᠲᠦᠷ ᠬᠤᠷᠢᠶᠠᠬᠤ ᠦᠭᠡᠢ᠂ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠲᠥᠯᠥᠪᠯᠡᠭᠡ ᠲᠠᠢ ᠤᠰᠤ ᠬᠡᠷᠡᠭᠯᠡᠬᠦ ᠳᠦᠷᠢᠮ ᠢ ᠬᠡᠷᠡᠭᠵᠢᠭᠦᠯᠬᠦ ᠦᠭᠡᠢ᠂ ᠰᠠᠭᠤᠭᠠᠯᠢ ᠠᠷᠠᠳ ᠤᠨ ᠪᠤᠰᠤ ᠤᠰᠤᠨ ᠳᠤ ᠲᠠᠬᠢᠨᠯᠲᠠ ᠤᠰᠤ ᠬᠡᠷᠡᠭᠯᠡᠬᠦ ᠶᠢ ᠵᠣᠷᠢᠭᠵᠢᠭᠤᠯᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠬᠡᠷᠡᠭᠲᠡᠢ ᠭᠡᠵᠦ ᠲᠣᠭᠲᠠᠭᠠᠪᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ      ᠬᠠᠷᠢᠯᠴᠠᠬᠤ ᠬᠥᠮᠥᠨ᠄ ᠰᠦᠨ ᠼᠠᠢ ᠫᠢᠩ᠂ ᠬᠠᠷᠢᠯᠴᠠᠬᠤ ᠤᠲᠠᠰᠤ᠄ 0471 - 6621243      ᠤᠭ ᠪᠢᠴᠢᠭ ᠮᠠᠲ᠋ᠧᠷᠢᠶᠠᠯ ᠢ ᠤᠩᠰᠢᠬᠤ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号