ᠰᠠᠶᠢᠬᠠᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠷᠭᠤᠳᠤᠭᠠᠷ ᠤᠳᠠᠭᠠᠨ ᠤ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠤᠬᠠᠭᠤᠯᠤᠨ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/8/19
     ᠤᠯᠠᠨ ᠲᠦᠮᠡᠨ ᠤ ᠠᠮᠤᠷ ᠲᠦᠪᠰᠢᠨ ᠤ ᠲᠥᠯᠥᠭᠡ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭ᠎ᠠ ᠪᠦᠬᠦ ᠬᠦᠴᠦᠨ ᠢᠶᠠᠷ ᠢᠶᠠᠨ᠂ ᠵᠢᠷᠭᠤᠳᠤᠭᠠᠷ ᠤᠳᠠᠭᠠᠨ ᠤ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠵᠤ ᠤᠬᠠᠭᠤᠯᠤᠨ ᠰᠡᠷᠭᠡᠶᠢᠯᠡᠬᠦ ᠨᠢᠭᠡᠳᠦᠯᠲᠡᠢ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠪᠡ᠃ ᠡᠨᠡ ᠬᠦ ᠬᠤᠭᠤᠴᠠᠭᠠᠨ ᠳᠤ᠂ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢ ᠨᠡᠶᠢᠲᠡ 1072 ᠬᠥᠮᠥᠨ ᠤᠳᠠᠭ᠎ᠠ ᠬᠥᠳᠡᠯᠭᠡᠵᠦ᠂ 85 ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠤ᠂ ︽ᠵᠣᠨ ᠤ ᠤᠯᠠᠷᠢᠯ ᠤᠨ ᠠᠵᠢᠯᠯᠠᠭ᠎ᠠ︾ ᠳᠤ ᠰᠢᠨ᠎ᠡ ᠦᠷ᠎ᠡ ᠪᠦᠲᠦᠮᠵᠢ ᠣᠯᠵᠤ᠂ ᠳᠠᠬᠢᠨ ᠰᠢᠨ᠎ᠡ ᠪᠠᠶᠢᠯᠳᠤᠭᠠᠨ ᠤ ᠦᠷ᠎ᠡ ᠪᠦᠲᠦᠭᠡᠯ ᠨᠡᠮᠡᠬᠦ ᠶᠢ ᠠᠬᠢᠭᠤᠯᠪᠠ᠃            ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠳᠠᠬᠢᠨᠲᠠ ᠬᠦᠴᠦᠯᠡᠨ ᠬᠢᠵᠦ ᠠᠮᠤᠷ ᠲᠦᠪᠰᠢᠨ ᠤ ︽ᠬᠠᠮᠠᠭᠠᠯᠠᠭᠴᠢ︾ ᠶᠢ ᠰᠠᠶᠢᠲᠤᠷ ᠬᠢᠪᠡ      ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ︽ᠰᠥᠨᠢ ᠶᠢᠨ ᠠᠵᠤ ᠠᠬᠤᠢ︾  ᠶᠢᠨ ᠬᠥᠭᠵᠢᠶᠡᠨᠲᠡᠢ ᠲᠣᠭᠤᠷᠢᠭ ᠵᠢᠴᠢ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠲᠤ᠂ ᠪᠠᠶᠢᠭᠤᠯᠭ᠎ᠠ ᠪᠠ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠡᠳᠦᠯᠲᠡᠢ ᠲᠥᠯᠥᠪᠵᠢᠭᠦᠯᠵᠦ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠢ ᠥᠷᠨᠢᠭᠦᠯᠵᠦ᠂ ᠤᠯᠠᠭᠠᠨ ᠬᠥᠬᠡ ᠴᠠᠭᠳᠠᠭᠠᠨ ᠤ ᠳ᠋ᠧᠩ᠂ ᠬᠥᠬᠡ ᠪᠠᠷ᠎ᠠ ᠨᠢᠭᠤᠵᠤ ᠳᠠᠯᠳᠠᠯᠠᠵᠤ᠂ ᠠᠷᠠᠳ ᠣᠯᠠᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠮᠤᠷ ᠲᠦᠪᠰᠢᠨ ᠤ ᠲᠥᠷᠥᠭᠳᠡᠯ ᠬᠠᠩᠭᠠᠪᠠ᠃              ︽ᠠᠮᠤᠷ ᠲᠦᠪᠰᠢᠨ ᠤ ᠳ᠋ᠧᠩ︾ ᠢ ᠰᠠᠬᠢᠨ ᠬᠠᠮᠠᠭᠠᠯᠠᠵᠤ ᠪᠠᠶᠢᠨ᠎ᠠ      ᠠᠵᠢᠯᠯᠠᠭ᠎ᠠ ᠶᠢᠨ ᠳᠤᠮᠳᠠ᠂ ᠰᠠᠶᠢᠬᠠᠨ ᠴᠠᠭᠳᠠᠭᠠᠨ ᠤ ᠲᠠᠯ᠎ᠠ ᠶᠢᠨ ᠨᠡᠶᠢᠲᠡ 201 ᠲᠡᠷᠭᠡ ᠬᠥᠰᠬᠡ᠂ 245 ᠬᠥᠮᠥᠨ ᠤᠳᠠᠭ᠎ᠠ ᠪᠠᠶᠢᠴᠠᠭᠠᠬᠤ ᠠᠵᠢᠯᠲᠠᠨ ᠢ ᠪᠠᠶᠢᠴᠠᠭᠠᠪᠠ᠃ ᠭᠡᠷ ᠪᠠᠶᠢᠰᠢᠩ ᠲᠦᠷᠢᠶᠡᠰᠦᠯᠡᠭᠦᠯᠬᠦ᠂ ᠪᠡᠶ᠎ᠡ ᠤᠬᠢᠶᠠᠬᠤ ᠭᠠᠵᠠᠷ᠂ ᠰᠦᠯᠵᠢᠶᠡᠨ ᠪᠠᠭᠠᠷ᠂ ᠴᠠᠬᠢᠯᠭᠠᠨ ᠥᠷᠢᠰᠦᠯᠳᠦᠭᠡᠨ ᠤ ᠪᠠᠭᠤᠳᠠᠯ᠂ ᠬᠤᠪᠢ ᠬᠥᠮᠥᠨ ᠤ ᠺᠢᠨᠣ᠋ ᠶᠢᠨ ᠣᠷᠳᠣᠨ᠂ ᠬᠥᠯ ᠤᠬᠢᠶᠠᠬᠤ ᠢᠯᠢᠬᠦ ᠵᠡᠷᠭᠡ ᠭᠤᠣᠯᠳᠠᠯᠭ᠎ᠠ ᠲᠠᠢ ᠲᠠᠯᠠᠪᠤᠷ 453 ᠡᠷᠦᠬᠡ ᠶᠢ ᠴᠢᠩᠭ᠎ᠠ ᠪᠠᠶᠢᠴᠠᠭᠠᠨ ᠬᠠᠮᠢᠶᠠᠷᠴᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠪᠠᠷᠢᠯᠭ᠎ᠠ ᠶᠢᠨ ᠭᠠᠵᠠᠷ ᠤᠨ ᠠᠵᠢᠯᠴᠢᠨ ᠤ ᠰᠠᠷᠠᠪᠴᠢ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠰᠤᠯᠠ ᠪᠠᠶᠢᠭ᠎ᠠ ᠭᠡᠷ ᠪᠠᠶᠢᠰᠢᠩ ᠵᠡᠷᠭᠡ 164 ᠭᠤᠣᠯᠳᠠᠯᠭ᠎ᠠ ᠲᠠᠢ ᠬᠡᠰᠡᠭ ᠢ ᠲᠣᠭᠤᠷᠢᠨ ᠪᠠᠶᠢᠴᠠᠭᠠᠵᠤ᠂ ᠢᠯᠠᠩᠭᠤᠶ᠎ᠠ ᠬᠡᠷᠡᠭ ᠠᠮᠠᠷᠬᠠᠨ ᠡᠭᠦᠰᠬᠦ ᠬᠡᠰᠡᠭ᠂ ᠨᠡᠭᠦᠳᠡᠯ ᠬᠥᠮᠥᠨ ᠠᠮᠠ ᠲᠥᠪᠯᠡᠷᠡᠭᠰᠡᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠪᠠᠶᠢᠴᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠶᠠᠯ᠎ᠠ ᠬᠢᠬᠦ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠨ᠎ᠠ᠃             ᠬᠦᠨᠳᠦ ᠴᠣᠬᠢᠯᠲᠠ ᠥᠭᠴᠦ ᠬᠠᠮᠲᠤ ᠪᠠᠷ ︽ᠠᠮᠤᠷ ᠲᠦᠪᠰᠢᠨ ᠤ ᠪᠣᠭᠤᠮᠲᠠ︾ ᠶᠢ ᠰᠠᠶᠢᠲᠤᠷ ᠡᠵᠡᠮᠳᠡᠪᠡ       ᠠᠵᠢᠯᠯᠠᠭ᠎ᠠ ᠶᠢᠨ ᠳᠤᠮᠳᠠ᠂ ᠰᠠᠶᠢᠬᠠᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠦᠴᠦᠨ ᠢᠶᠠᠨ ᠲᠥᠪᠯᠡᠷᠡᠭᠦᠯᠦᠨ ᠬᠡᠷᠡᠭ ᠢ ᠰᠦᠯᠵᠢᠶ᠎ᠡ ᠪᠠᠷ ᠬᠤᠷᠢᠶᠠᠬᠤ ᠠᠵᠢᠯ ᠢ ᠥᠷᠨᠢᠭᠦᠯᠵᠦ᠂ ᠤᠯᠠᠮᠵᠢᠯᠠᠯᠲᠤ ᠡᠳ᠋ ᠬᠥᠷᠥᠩᠭᠡ ᠳᠤ ᠬᠠᠯᠳᠠᠭᠰᠠᠨ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠣᠨᠣᠪᠴᠢᠲᠠᠶ ᠴᠣᠬᠢᠯᠲᠠ ᠥᠭᠪᠡ᠃ ᠡᠭᠦᠰᠦᠭᠰᠡᠨ ᠬᠡᠷᠡᠭ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠬᠡᠷᠡᠭ ᠡᠳᠦᠬᠦ᠂ ᠬᠢᠬᠠᠨ ᠮᠥᠯᠵᠢᠬᠦ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ ᠵᠡᠷᠭᠡ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠬᠦᠨᠳᠦ ᠨᠣᠴᠢᠲᠠᠢ ᠨᠥᠯᠥᠭᠡᠯᠡᠭᠰᠡᠨ ᠬᠡᠷᠡᠭ ᠲᠤ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ ᠲᠦᠷᠭᠡᠨ ᠳᠡᠩᠨᠡᠨ ᠢᠯᠡᠷᠡᠭᠦᠯᠵᠦ᠂ ᠴᠣᠬᠢᠯᠲᠠ ᠥᠭᠴᠦ᠂ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃           ᠤᠬᠠᠭᠤᠯᠭ᠎ᠠ ᠬᠢᠵᠦ ᠠᠮᠤᠷ ᠲᠦᠪᠰᠢᠨ ᠤ ᠰᠠᠭᠤᠷᠢ ᠶᠢ ᠳᠠᠬᠢᠨ ᠭᠦᠨᠵᠡᠭᠡᠶᠢᠷᠡᠭᠦᠯᠬᠦ ᠶᠢ ᠰᠡᠷᠭᠡᠶᠢᠯᠡᠨ᠎ᠡ       ᠤᠬᠠᠭᠤᠯᠭ᠎ᠠ ᠪᠣᠯ ᠳᠠᠷᠤᠢ ᠳᠠᠶᠢᠴᠢᠨ ᠬᠦᠴᠦᠨ᠃ ᠰᠠᠶᠢᠬᠠᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠭᠡᠷ ᠤᠨ ᠭᠠᠳᠠᠨᠠᠬᠢ ᠲᠣᠮᠣ ᠳᠡᠯᠭᠡᠴᠡ᠂ ᠵᠠᠷ ᠮᠡᠳᠡᠭᠡᠨ ᠤ ᠳ᠋ᠧᠩ ᠤᠨ ᠬᠠᠶᠢᠷᠴᠠᠭ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠬᠥᠳᠡᠭᠡ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠵᠡᠷᠭᠡ ᠶᠢ ᠭᠦᠢᠴᠡᠳ ᠠᠰᠢᠭᠯᠠᠨ ᠲᠣᠭᠤᠷᠢᠨ ᠪᠠᠶᠢᠴᠠᠭᠠᠵᠤ ᠤᠬᠠᠭᠤᠯᠤᠨ ᠰᠡᠷᠭᠡᠶᠢᠯᠡᠬᠦ᠂ ︽ᠵᠤᠨ ᠤ ᠤᠯᠠᠷᠢᠯ ᠤᠨ ᠠᠵᠢᠯᠯᠠᠭ᠎ᠠ︾ ᠶᠢᠨ ᠦᠷ᠎ᠡ ᠪᠦᠲᠦᠭᠡᠯ ᠤᠨ ᠦᠷ᠎ᠡ ᠪᠦᠲᠦᠮᠵᠢ ᠶᠢ ᠬᠦᠴᠦᠯᠡᠨ ᠤᠬᠠᠭᠤᠯᠪᠠ᠃ ᠣᠯᠠᠨ ᠲᠦᠮᠡᠨ ᠤ ︽ᠣᠯᠵᠤ ᠦᠵᠡᠬᠦ᠂ ᠠᠮᠠᠷᠬᠠᠨ ᠣᠶᠢᠯᠠᠭᠠᠬᠤ᠂ ᠴᠡᠭᠡᠵᠢᠯᠡᠵᠦ ᠠᠪᠬᠤ︾ ᠠᠷᠭ᠎ᠠ ᠮᠠᠶ᠋ᠢᠭ ᠢᠶᠠᠷ ᠴᠠᠬᠢᠯᠭᠠᠨ ᠮᠡᠬᠡᠯᠡᠯ ᠢ ᠡᠰᠡᠷᠭᠦᠴᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠭᠠᠯ ᠤᠨ ᠠᠶᠤᠯ ᠢ ᠰᠡᠷᠭᠡᠶᠢᠯᠡᠬᠦ᠂ ᠤᠰᠤᠨ ᠳᠤ ᠵᠢᠪᠬᠦ ᠶᠢ ᠰᠡᠷᠭᠡᠶᠢᠯᠡᠬᠦ᠂ ᠵᠣᠭᠤᠰ ᠨᠠᠭᠠᠳᠬᠤ ᠬᠤᠣᠷ ᠲᠠᠲᠠᠬᠤ ᠶᠢ ᠲᠡᠪᠴᠢᠬᠦ ᠵᠡᠷᠭᠡ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠬᠠᠤᠯᠢ ᠶᠢ ᠰᠠᠬᠢᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃          ᠲᠠᠷᠠᠭᠠᠴᠢ ᠶᠢᠨ ᠠᠯᠬᠤᠮ ᠳᠤ᠂ ᠰᠠᠶᠢᠬᠠᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠭᠤᠣᠯᠳᠠᠯᠭ᠎ᠠ ᠲᠠᠢ ᠬᠡᠰᠡᠭ ᠪᠠ ᠰᠥᠨᠢ ᠶᠢᠨ ᠠᠵᠤ ᠠᠬᠤᠢ ᠶᠢᠨ ︽ᠬᠤᠳᠠᠯᠳᠤᠭᠠᠨ ᠤ ᠬᠦᠷᠢᠶ᠎ᠡ︾ ᠶᠢ ᠰᠠᠬᠢᠨ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠭᠳᠠᠭ᠎ᠠ ᠦᠵᠡᠬᠦ ᠨᠣᠷᠮ᠎ᠠ ᠪᠠ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠠᠮᠤᠷ ᠲᠦᠪᠰᠢᠨ ᠬᠡᠷᠡᠯ ᠢ ᠡᠭᠦᠷᠢᠳᠡ ᠭᠡᠷᠡᠯᠳᠦᠬᠦᠯᠵᠦ᠂ ᠬᠤᠲᠠ ᠶᠢᠨ ᠰᠥᠨᠢ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠪᠠ ᠠᠷᠠᠳ ᠣᠯᠠᠨ ᠤ ᠠᠮᠤᠷ ᠲᠣᠭᠲᠠᠭᠤᠨ ᠢ ᠬᠠᠮᠠᠭᠠᠯᠠᠬᠤ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号