ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠬᠦᠴᠦᠷᠬᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024-2026 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/19
                 ᠬᠥᠬᠡᠬᠤᠲᠠ ᠵᠠᠰᠠᠭ ᠲᠠᠷᠬᠠᠭᠠᠭᠰᠠᠨ ﹇2024﹈ 9 ᠳ᠋ᠦ᠋ᠭᠡᠷ ᠲᠣᠭᠠᠲᠤ  ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄            ᠡᠳᠦᠭᠡ ︽ᠣᠷᠣᠨ ᠤ  ᠲᠥᠪ  ᠬᠤᠲᠠ  ᠶᠢᠨ ᠲᠠᠷᠢᠶᠠᠯᠠᠩ ᠮᠠᠯ  ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ  ᠬᠥᠲᠥᠴᠢ ᠠᠵᠤ  ᠠᠬᠤᠶᠢᠯᠠᠯ ᠢ  ᠪᠣᠶᠢᠵᠢᠭᠤᠯᠤᠨ  ᠬᠦᠴᠦᠷᠬᠡᠭᠵᠢᠭᠦᠯᠬᠦ  ᠭᠤᠷᠪᠠᠨ  ᠵᠢᠯ ᠤᠨ ᠠᠵᠢᠯᠯᠠᠭ᠎ᠠ ᠶᠢᠨ ᠲᠥᠰᠥᠯ ︵2024-2026 ᠣᠨ︶︾ ᠢ  ᠲᠠᠨᠠᠷ ᠲᠤ  ᠳᠠᠷᠤᠮᠠᠯᠯᠠᠨ ᠶᠠᠪᠤᠭᠤᠯᠤᠯ᠎ᠠ᠂ ᠠᠵᠢᠯ ᠤᠨ  ᠪᠣᠳᠠᠲᠠᠢ ᠪᠠᠨ  ᠤᠶᠠᠯᠳᠤᠭᠤᠯᠵᠤ  ᠂ ᠨᠠᠷᠢᠨ  ᠬᠢᠨᠠᠮᠠᠭᠠᠢ  ᠲᠤᠭᠤᠰᠢᠯᠠᠭᠤᠯᠤᠨ ᠬᠡᠷᠡᠭᠵᠢᠭᠦᠯᠲᠦᠭᠡᠢ᠃                                                                                 ᠬᠥᠬᠡᠬᠤᠲᠠ ᠶᠢᠨ ᠠᠷᠠᠳ ᠤᠨ ᠵᠠᠰᠠᠭ ᠤᠨ                                       2024 ᠣᠨ ᠤ 4 ᠳ᠋ᠦ᠋ᠭᠡᠷ ᠰᠠᠷ᠎ᠠ ᠶᠢᠨ 1 ᠤ                                       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶   ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠬᠦᠴᠦᠷᠬᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024- 2026 ᠣᠨ︶                  ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠬᠦᠴᠦᠷᠬᠡᠭᠵᠢᠭᠦᠯᠬᠦ ᠶᠢ ᠲᠦᠷᠭᠡᠳᠬᠡᠵᠦ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃                  ᠨᠢᠭᠡ᠂ ᠦᠨᠳᠦᠰᠦᠨ ᠪᠠᠶᠢᠳᠠᠯ            2023 ᠣᠨ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠠᠬᠤᠶᠢᠯᠠᠯ ᠤᠨ 500 ᠬᠦᠴᠦᠷᠬᠡᠭ ᠲᠤ ᠣᠷᠣᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠨᠡᠶᠢᠲᠡ 8 ᠪᠠᠶᠢᠵᠤ᠂ ᠡᠭᠦᠨ ᠳᠤ ᠮᠠᠨ ᠤ ᠬᠤᠲᠠ 5 ︵5ᠢᠯᠢ 6 ᠳ᠋ᠤᠭᠠᠷ᠂ ᠮᠧᠩ ᠨᠢᠦ 8 ᠳ᠋ᠤᠭᠠᠷ᠂ ᠶᠧᠦ ᠷᠠᠨ ᠮᠠᠯ ᠠᠵᠤ ᠠᠬᠤᠢ 60 ᠳ᠋ᠤᠭᠠᠷ᠂ ᠮᠦ ᠴᠢᠤᠸᠠᠨ ᠶᠤᠸᠠᠨ ᠰᠢᠩ 163 ᠳ᠋ᠤᠭᠠᠷ᠂ ᠱᠧᠩ ᠮᠦ ᠳᠡᠭᠡᠳᠦ ᠰᠢᠨᠵᠢᠯᠡᠭᠡ ᠮᠡᠷᠭᠡᠵᠢᠯ 262 ᠳ᠋ᠤᠭᠠᠷ︶ ᠶᠢ ᠡᠵᠡᠯᠡᠵᠦ  ᠂ ᠥᠪᠡᠷᠲᠡᠭᠡᠨ ᠵᠠᠰᠠᠬᠤ ᠣᠷᠣᠨ ᠤ ᠣᠷᠣᠭᠰᠠᠨ ᠠᠵᠤ ᠠᠬᠤᠶᠢᠯᠠᠯ ᠤᠨ 62. 5% ᠶᠢ ᠡᠵᠡᠯᠡᠪᠡ᠃ ᠪᠦᠬᠦ ᠬᠤᠲᠠ ᠳᠤ ᠣᠲᠣ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ 415 ︵ᠤᠯᠤᠰ ᠤᠨ ᠲᠠᠰ ᠤᠨ 10᠂ ᠥᠪᠡᠷᠲᠡᠭᠡᠨ ᠵᠠᠰᠠᠬᠤ ᠣᠷᠣᠨ ᠤ ᠲᠠᠰ ᠤᠨ 83᠂ ᠬᠤᠲᠠ ᠶᠢᠨ ᠲᠠᠰ ᠤᠨ 322 ᠠᠵᠤ ᠠᠬᠤᠶᠢᠯᠠᠯ︶ ᠪᠤᠢ᠃ ᠪᠣᠷᠣᠯᠠᠭᠤᠯᠤᠯᠲᠠ ᠶᠢᠨ ᠣᠷᠣᠯᠭ᠎ᠠ ᠨᠢ ᠮᠢᠩᠭᠠᠨ ᠲᠦᠮᠡᠨ ᠲᠥᠭᠦᠷᠢᠭ ᠢ ᠳᠠᠪᠠᠭᠰᠠᠨ 172 ᠪᠠᠶᠢᠨ᠎ᠠ᠂ ᠡᠭᠦᠨ ᠳᠤ ᠮᠢᠩᠭᠠᠨ ᠳ᠋ᠦᠩᠰᠢᠭᠤᠷ ᠲᠥᠭᠦᠷᠢᠭ ᠠᠴᠠ ᠳᠡᠭᠡᠭᠰᠢ 1 ︵ᠢᠯᠢ ᠪᠦᠯᠦᠭᠯᠡᠯ︶᠂ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢ 2 ︵ᠮᠧᠩ ᠨᠢᠦ ᠰᠦ ᠶᠢᠨ ᠦᠢᠯᠡᠰ᠂ ᠶᠧᠦ ᠷᠠᠨ ᠮᠠᠯ ᠠᠵᠤ ᠠᠬᠤᠢ︶᠂ ᠠᠷᠪᠠᠨ ᠳ᠋ᠦᠩᠰᠢᠭᠤᠷ ᠲᠥᠭᠦᠷᠢᠭ ᠠᠴᠠ ᠳᠡᠭᠡᠭᠰᠢ 14 ︵ ᠶᠢᠨ ᠾᠧ ᠠᠮᠢᠳᠤ ᠪᠣᠳᠠᠰ᠂ ᠶᠢᠨ ᠢᠦᠢ ᠠᠮᠢᠳᠤ ᠪᠣᠳᠠᠰ᠂ ᠱᠧᠩ ᠮᠦ ᠳᠡᠭᠡᠳᠦ ᠰᠢᠨᠵᠢᠯᠡᠭᠡ ᠮᠡᠷᠭᠡᠵᠢᠯ᠂ ᠶᠢᠨ ᠬᠠᠢ ᠢᠯᠢ᠂ ᠮᠧᠩ ᠨᠢᠦ ᠳᠡᠭᠡᠳᠦ ᠰᠢᠨᠵᠢᠯᠡᠭᠡ ᠮᠡᠷᠭᠡᠵᠢᠯ᠂ ᠹᠦ᠋ ᠹᠧᠩ᠂ ᠵᠧᠩ ᠳ᠋ᠡ ᠢᠳᠡᠭᠡᠨ᠂ ᠵᠧᠩ ᠳ᠋ᠡ᠂ ᠮᠧᠩ ᠼᠤᠤ᠂ ᠰᠠᠢ ᠺᠧ ᠰᠢᠩ᠂ ᠴᠢ ᠯᠦ ᠡᠮ ᠦᠢᠯᠡᠳᠬᠦ᠂ ᠪᠧᠨ ᠲᠧᠩ ᠮᠠᠯ ᠠᠵᠤ ᠠᠬᠤᠢ᠂ ᠮᠦ ᠴᠢᠤᠸᠠᠨ ᠶᠤᠸᠠᠨ ᠰᠢᠩ᠂ ᠲᠠᠯ᠎ᠠ ᠨᠤᠲᠤᠭ ᠤᠨ ᠤᠯᠠᠭᠠᠨ ᠨᠠᠷᠠ ᠵᠡᠷᠭᠡ︶᠂ ᠳ᠋ᠦᠩᠰᠢᠭᠤᠷ ᠲᠥᠭᠦᠷᠢᠭ ᠠᠴᠠ ᠳᠡᠭᠡᠭᠰᠢ ᠠᠷᠪᠠᠨ ᠳ᠋ᠦᠩᠰᠢᠭᠤᠷ ᠲᠥᠭᠦᠷᠢᠭ ᠠᠴᠠ ᠳᠣᠷᠣᠭᠰᠢ 42 ︵ᠣᠲᠣ ᠦᠶ᠎ᠡ ᠶᠢᠨ ᠮᠠᠯ ᠠᠵᠤ ᠠᠬᠤᠢ᠂ ᠡᠷᠳᠡᠨᠢ᠂ ᠢᠦᠢ ᠬᠠᠩ ᠿᠧᠨ᠂ ᠮᠧᠩ ᠴᠢᠩ ᠵᠡᠷᠭᠡ︶᠂ ᠮᠢᠩᠭᠠᠨ ᠲᠦᠮᠡᠨ ᠲᠥᠭᠦᠷᠢᠭ ᠠᠴᠠ ᠳᠡᠭᠡᠭᠰᠢ 113 ︵ᠱᠧᠩ ᠵᠢᠶᠠᠨ ᠠᠮᠢᠳᠤ ᠪᠣᠳᠠᠰ᠂ ᠬᠤᠸᠠ ᠧᠦ ᠴᠠᠷᠳᠠᠭᠤᠯ᠂ ᠠᠯᠲᠠᠨ᠂ ᠲᠠᠯ᠎ᠠ ᠨᠤᠲᠤᠭ ᠤᠨ ᠤᠨᠠᠭ᠎ᠠ ᠵᠡᠷᠭᠡ︶ ᠪᠠᠶᠢᠨ᠎ᠠ᠃            ᠬᠤᠶᠠᠷ᠂ ᠬᠥᠭᠵᠢᠯᠲᠡ ᠶᠢᠨ ᠬᠠᠷᠠᠯᠲᠠ            ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠮᠣ ᠬᠥᠲᠥᠴᠢ ᠶᠢ ᠪᠣᠶᠢᠵᠢᠭᠤᠯᠬᠤ᠂ ᠶᠡᠭᠡ ᠪᠥᠭᠡᠮᠨᠡᠷᠡᠯ ᠢ ᠪᠠᠶᠢᠭᠤᠯᠬᠤ᠂ ᠶᠡᠭᠡ ᠲᠥᠷᠥᠯ ᠲᠡᠮᠳᠡᠭᠲᠦ ᠶᠢ ᠬᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤ ᠪᠠᠷ ᠲᠠᠪᠤᠨ ᠬᠦᠴᠦᠨ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠡᠪᠴᠢᠶᠡᠵᠢᠭᠦᠯᠦᠨ ᠡᠵᠡᠩᠨᠡᠵᠦ ᠬᠥᠲᠥᠴᠢ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠂ ᠪᠥᠭᠡᠮᠨᠡᠷᠡᠯ ᠮᠠᠶ᠋ᠢᠭ ᠢᠶᠠᠷ ᠬᠡᠯᠬᠢᠶ᠎ᠡ ᠶᠢᠨ ᠠᠭᠤᠰᠤᠯᠴᠠᠭᠤᠯᠬᠤ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠂ ᠲᠥᠷᠥᠯ ᠲᠡᠮᠳᠡᠭᠲᠦ  ᠪᠣᠯᠭᠠᠨ ᠬᠥᠭᠵᠢᠭᠦᠯᠬᠦ ᠪᠠᠷ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠂ ᠣᠯᠠᠨ ᠡᠰᠢᠵᠢᠭᠰᠡᠨ ᠣᠷᠣᠭᠤᠯᠤᠯᠲᠠ ᠪᠠᠷ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠬᠥᠲᠥᠴᠢ ᠠᠵᠤ ᠠᠬᠤᠶᠢᠯᠠᠯ ᠴᠥᠭᠡᠨ᠂ ᠵᠢᠱᠢᠶ᠎ᠡ ᠦᠵᠡᠭᠦᠯᠬᠦ ᠦᠢᠯᠡᠳᠦᠯ ᠪᠠᠭᠤᠷᠢ ᠪᠠᠶᠢᠬᠤ ᠳᠤᠲᠠᠭᠳᠠᠯ ᠢ ᠬᠦᠴᠦᠯᠡᠨ ᠨᠥᠬᠦᠪᠦᠷᠢᠯᠡᠵᠦ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃            2024 ᠣᠨ ᠳᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 2 ᠪᠣᠯᠭᠠᠵᠤ᠂ 10 ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 16 ᠪᠣᠯᠭᠠᠨ᠎ᠠ᠃ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠵᠦ ᠤᠯᠠᠷᠢᠭᠤᠯᠬᠤ ᠨᠣᠷᠮ᠎ᠠ ᠶᠢ 80% ᠬᠦᠷᠭᠡᠨ᠎ᠡ︔ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 175 ᠳ᠋ᠦᠩᠰᠢᠭᠤᠷ ᠲᠥᠭᠦᠷᠢᠭ ᠬᠦᠷᠭᠡᠵᠦ᠂ ᠦᠢᠯᠡᠳᠬᠦᠨ ᠤ ᠥᠷᠲᠡᠭ ᠢ 300 ᠳ᠋ᠦᠩᠰᠢᠭᠤᠷ ᠲᠥᠭᠦᠷᠢᠭ ᠬᠦᠷᠭᠡᠨ᠎ᠡ᠃            2025 ᠣᠨ ᠳᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 2 ᠪᠣᠯᠭᠠᠨ ᠲᠣᠭᠲᠠᠪᠤᠷᠢᠵᠢᠭᠤᠯᠵᠤ᠂ 10  ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 18 ᠬᠦᠷᠭᠡᠨ᠎ᠡ᠃ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠤᠯᠠᠷᠢᠭᠤᠯᠬᠤ ᠨᠤᠷᠮ᠎ᠠ ᠶᠢ 81% ᠬᠦᠷᠭᠡᠨ᠎ᠡ︔ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 184 ᠳ᠋ᠦᠩᠰᠢᠭᠤᠷ ᠲᠥᠭᠦᠷᠢᠭ ᠬᠦᠷᠭᠡᠵᠦ᠂ ᠦᠢᠯᠡᠳᠬᠦᠨ ᠤ ᠥᠷᠲᠡᠭ ᠢ 361 ᠳ᠋ᠦᠩᠰᠢᠭᠤᠷ ᠲᠥᠭᠦᠷᠢᠭ ᠬᠦᠷᠭᠡᠨ᠎ᠡ᠃            2026 ᠣᠨ ᠳᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 2 ᠪᠣᠯᠭᠠᠨ ᠲᠣᠭᠲᠠᠪᠤᠷᠢᠵᠢᠭᠤᠯᠵᠤ᠂ 10 ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 20 ᠬᠦᠷᠭᠡᠨ᠎ᠡ᠃ ᠤᠯᠤᠰ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 14 ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 100 ᠬᠦᠷᠭᠡᠨ᠎ᠡ᠃ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠵᠦ ᠤᠯᠠᠷᠢᠭᠤᠯᠬᠤ ᠨᠤᠷᠮ᠎ᠠ ᠶᠢ 82% ᠬᠦᠷᠭᠡᠨ᠎ᠡ︔ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ ᠢ 194 ᠳ᠋ᠦᠩᠰᠢᠭᠤᠷ ᠲᠥᠭᠦᠷᠢᠭ ᠬᠦᠷᠭᠡᠵᠦ᠂ ᠦᠢᠯᠡᠳᠬᠦᠨ ᠤ ᠦᠷᠲᠡᠭ ᠢ 385 ᠳ᠋ᠦᠩᠰᠢᠭᠤᠷ ᠲᠥᠭᠦᠷᠢᠭ ᠬᠦᠷᠭᠡᠨ᠎ᠡ᠃              ᠭᠤᠷᠪᠠ᠂ ᠠᠵᠢᠯ ᠤᠨ ᠠᠷᠭ᠎ᠠ ᠬᠡᠮᠵᠢᠶ᠎ᠡ      \      ︵ᠨᠢᠭᠡ︶ ᠬᠡᠪᠴᠢᠶᠡᠵᠢᠭᠦᠯᠦᠨ ᠡᠵᠡᠩᠨᠡᠵᠦ ᠬᠥᠲᠥᠴᠢ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ            1. ᠴᠢᠨᠠᠷ ᠰᠠᠶᠢᠲᠠᠢ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠨ᠎ᠡ᠃ ᠵᠢᠯ ᠪᠦᠷᠢ 6 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ 350 ᠲᠦᠮᠡᠨ ᠮᠦ ᠡᠷᠳᠡᠨᠢ ᠰᠢᠰᠢ᠂ 150 ᠲᠦᠮᠡᠨ ᠮᠦ ᠡᠯᠳᠡᠪ ᠠᠮᠤ ᠲᠣᠰᠣᠯᠢᠭ ᠲᠠᠷᠢᠮᠠᠯ᠂ 75 ᠲᠦᠮᠡᠨ ᠮᠦ ᠲᠥᠮᠥᠰᠥ᠂ 60 ᠲᠦᠮᠡᠨ ᠮᠦ ᠴᠠᠷᠭᠠᠰᠤ᠂ ᠨᠣᠬᠠᠢ ᠶᠢᠨ ᠬᠤᠰᠢᠭᠤ ᠡᠪᠡᠰᠦ ᠪᠣᠯᠣᠨ 4 ᠲᠦᠮᠡᠨ ᠮᠦ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠵᠡᠷᠭᠡ 5 ᠶᠡᠭᠡ ᠲᠠᠷᠢᠮᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠧᠩ ᠽᠣᠣ᠂ ᠵᠧᠩ ᠱᠢ᠂ ᠶᠧᠦ ᠪᠠᠩ᠂ ᠴᠤᠸᠠᠨ ᠪᠦᠦ᠂ ᠳ᠋ᠧ ᠱᠧᠩ ᠵᠡᠷᠭᠡ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ᠂ ᠲᠠᠷᠢᠬᠤ ᠬᠡᠪᠴᠢᠶ᠎ᠡ ᠶᠢ ᠥᠷᠭᠡᠳᠬᠡᠨ᠂ ᠪᠦᠬᠦ ᠬᠤᠲᠠ ᠶᠢᠨ ᠠᠮᠢᠳᠤ ᠪᠣᠳᠠᠰ ᠤᠨ ᠢᠰᠬᠡᠭᠦᠷ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠨᠠᠷᠢᠯᠢᠭ ᠡᠳ᠋ᠰᠢᠭᠦᠯᠬᠦ ᠬᠥᠲᠥᠴᠢ ᠠᠵᠤ ᠠᠬᠤᠶᠢᠯᠠᠯ ᠳᠤ ᠴᠢᠨᠠᠷ ᠰᠠᠶᠢᠲᠠᠢ ᠲᠣᠭᠲᠠᠭᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠃ ᠡᠳᠡᠭᠡᠷ ᠡᠭᠦᠷᠭᠡ ᠨᠢ ᠴᠥᠮ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠤᠯᠪᠣᠭᠳᠠᠨ᠎ᠠ᠂ ᠳᠠᠬᠢᠵᠤ ᠠᠰ ᠲᠤᠨᠢ ᠵᠢᠭᠰᠠᠭᠠᠬᠤ ᠦᠭᠡᠢ᠃ ᠬᠠᠷᠢᠭᠤᠴᠠᠯᠭᠠᠲᠤ ᠨᠢᠭᠡᠴᠢ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠡ ᠪᠣᠯᠣᠨ᠎ᠠ᠂ ᠳᠣᠷᠣᠭᠰᠢ ᠠᠳᠠᠯᠢ᠃︶          ᠨᠠᠶᠢᠳᠠᠪᠤᠷᠢᠲᠠᠢ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠠᠲᠤᠯᠠᠭ᠎ᠠ ᠶᠢ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠰᠠᠶᠢᠲᠤᠷ ᠬᠡᠷᠡᠭᠯᠡᠵᠦ᠂ ᠶᠧᠦ ᠷᠠᠨ ᠮᠠᠯ ᠠᠵᠤ ᠠᠬᠤᠢ᠂ ᠣᠲᠣ ᠦᠶ᠎ᠡ ᠶᠢᠨ ᠮᠠᠯ ᠠᠵᠤ ᠠᠬᠤᠢ᠂ ᠱᠧᠩ ᠮᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ︽ᠣᠶᠤᠨᠴᠢ ᠮᠠᠯᠵᠢᠯ ᠤᠨ ᠲᠠᠯᠠᠪᠠᠶ︾ ᠶᠢᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠳᠡᠮᠵᠢᠵᠦ᠂ ᠨᠠᠷᠢᠯᠢᠭ ᠣᠨᠣᠴᠠᠲᠠᠢ ᠪᠠᠷ ᠲᠡᠵᠢᠭᠡᠨ ᠥᠰᠬᠡᠬᠦ ᠬᠠᠮᠢᠶᠠᠷᠤᠯᠲᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠢ ᠠᠬᠢᠭᠤᠯᠵᠤ᠂ ᠰᠦ ᠶᠢᠨ ᠢᠷᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ 2019 ᠣᠨ ᠠᠴᠠ ᠨᠠᠭᠠᠰᠢ ᠡᠬᠢᠯᠡᠨ ᠪᠦᠲᠦᠭᠡᠨ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠥᠰᠬᠡᠬᠦ ᠲᠠᠯᠠᠪᠠᠢ ᠳᠤ ᠰᠠᠭᠠᠯᠢ ᠶᠢᠨ ᠦᠨᠢᠶ᠎ᠡ ᠶᠢᠨ ᠲᠤᠭ᠎ᠠ ᠨᠢ 3000 ᠬᠦᠷᠦᠭᠰᠡᠨ ᠳᠤ 600 ᠲᠦᠮᠡᠨ ᠲᠥᠭᠦᠷᠢᠭ ᠤᠨ ᠨᠥᠬᠦᠪᠦᠷᠢ ᠥᠭᠴᠦ᠂ 500 ᠰᠠᠭᠠᠯᠢ ᠶᠢᠨ ᠦᠨᠢᠶ᠎ᠡ ᠨᠡᠮᠡᠭᠳᠡᠬᠦ ᠪᠦᠷᠢ 100 ᠲᠦᠮᠡᠨ ᠲᠥᠭᠦᠷᠢᠭ ᠨᠡᠮᠡᠵᠦ ᠨᠥᠬᠦᠪᠦᠷᠢᠯᠡᠨ᠎ᠡ︔ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠪᠦᠷᠢ ᠳᠤ 5000 ᠲᠥᠭᠦᠷᠢᠭ ᠤᠨ ᠨᠥᠬᠦᠪᠦᠷᠢ ᠥᠭᠭᠦᠨ᠎ᠡ︔ 2022 ᠣᠨ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ ᠲᠡᠵᠢᠭᠡᠭᠰᠡᠨ ᠰᠠᠭᠠᠯᠢ ᠶᠢᠨ ᠢᠮᠠᠭ᠎ᠠ ᠶᠢᠨ ᠲᠤᠭ᠎ᠠ 5000 ᠬᠦᠷᠦᠭᠰᠡᠨ ᠬᠡᠪᠴᠢᠶᠡᠵᠢᠭᠰᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠳᠤ 200 ᠲᠦᠮᠡᠨ ᠲᠥᠭᠦᠷᠢᠭ ᠨᠥᠬᠦᠪᠦᠷᠢᠯᠡᠨ᠎ᠡ᠂ 5000 ᠨᠡᠮᠡᠭᠳᠡᠬᠦ ᠪᠦᠷᠢ 200 ᠲᠦᠮᠡᠨ ᠲᠥᠭᠦᠷᠢᠭ ᠨᠡᠮᠡᠵᠦ ᠨᠥᠬᠦᠪᠦᠷᠢᠯᠡᠨ᠎ᠡ︔ ᠵᠢᠯ ᠪᠦᠷᠢ ᠰᠢᠨ᠎ᠡ ᠪᠠᠷ ᠪᠠᠶᠢᠭᠤᠯᠤᠭᠰᠠᠨ ᠲᠥᠪᠯᠡᠷᠡᠵᠦ ᠵᠠᠯᠭᠠᠯᠳᠤᠭᠰᠠᠨ 500 ᠮᠦ ᠠᠴᠠ ᠳᠡᠭᠡᠭᠰᠢᠬᠢ ᠴᠠᠷᠭᠠᠰᠤ ᠶᠢᠨ ᠰᠠᠭᠤᠷᠢᠨ ᠭᠠᠵᠠᠷ ᠲᠤ᠂ ᠮᠦ ᠪᠦᠷᠢ ᠳᠤ 1000 ᠲᠥᠭᠦᠷᠢᠭ ᠤᠨ ᠨᠥᠬᠦᠪᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            3. ᠳᠡᠭᠡᠳᠦ ᠲᠠᠰ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠢᠳᠡᠰᠢᠨ ᠨᠣᠭᠤᠭ᠎ᠠ ᠶᠢᠨ ᠳᠣᠯᠣᠭᠠᠨ ᠵᠦᠢᠯ︾ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 6000 ᠲᠦᠮᠡᠨ ᠲᠥᠭᠦᠷᠢᠭ ᠠᠴᠠ ᠳᠣᠣᠷ᠎ᠠ ᠦᠭᠡᠢ ᠨᠥᠬᠦᠪᠦᠷᠢ ᠪᠡᠯᠡ ᠮᠥᠩᠭᠦ ᠲᠣᠬᠢᠷᠠᠭᠤᠯᠤᠨ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠪᠠ ᠰᠡᠯᠪᠢᠨ ᠵᠠᠰᠠᠭᠰᠠᠨ᠂ ᠬᠡᠪᠴᠢᠶᠡᠵᠢᠭᠦᠯᠦᠭᠰᠡᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠭᠴᠢ᠂ ᠲᠤᠰᠬᠠᠶᠢᠵᠢᠭᠰᠠᠨ ᠴᠢᠬᠢ ᠪᠣᠶᠢᠵᠢᠭᠤᠯᠬᠤ ᠠᠵᠤ ᠠᠬᠤᠶᠢᠯᠠᠯ᠂ ᠢᠳᠡᠰᠢᠨ ᠨᠣᠭᠤᠭ᠎ᠠ ᠶᠢᠨ ᠴᠢᠨᠠᠷ ᠰᠠᠶᠢᠲᠠᠢ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠵᠡᠷᠭᠡ ᠳᠤ ᠨᠥᠬᠦᠪᠦᠷᠢ ᠣᠯᠭᠤᠵᠤ᠂ ᠵᠢᠶᠠ ᠱᠢ᠂ ᠮᠧᠩ ᠶᠢᠦ ᠵᠢᠢ᠂ ᠷᠦᠨ ᠽᠧ᠂ ᠠᠯᠳᠠᠨ᠂ ᠵᠥᠩ ᠴᠢᠩ ᠵᠡᠷᠭᠡ ᠣᠳᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            4. ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠨᠡᠶᠢᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢᠨ ᠦᠢᠯᠡᠳᠦᠯ ᠢ ᠪᠠᠳᠠᠷᠠᠭᠤᠯᠤᠨ᠂ ᠡᠯ᠎ᠡ ᠬᠤᠰᠢᠭᠤ ᠰᠢᠶᠠᠨ ᠪᠠ ᠢᠦᠢ ᠴᠢᠤᠸᠠᠨ ᠲᠣᠭᠤᠷᠢᠭ ᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠳᠣᠣᠷ᠎ᠠ ᠥᠪᠡᠷ ᠤᠨ ᠥᠷᠲᠡᠭ ᠢᠶᠠᠷ ᠬᠦᠷᠢᠶᠡᠯᠡᠩ ᠳᠤ ᠣᠷᠣᠵᠤ ᠡᠵᠡᠩᠨᠡᠬᠦ ᠶᠢ ᠠᠬᠢᠭᠤᠯᠤᠨ᠎ᠠ᠃ 2026 ᠣᠨ ᠪᠣᠯᠬᠤ ᠳᠤ᠂ 5 ᠬᠤᠰᠢᠭᠤ ᠰᠢᠶᠠᠨ ᠢ ᠪᠦᠬᠦᠨ ᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠣᠯᠭᠠᠨ ᠡᠭᠦᠳᠦᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶      ︵ᠬᠤᠶᠠᠷ︶  ᠪᠥᠭᠡᠮᠨᠡᠷᠡᠯ ᠮᠠᠶ᠋ᠢᠭ ᠢᠶᠠᠷ ᠬᠡᠯᠬᠢᠶ᠎ᠡ ᠶᠢᠨ ᠠᠭᠤᠰᠤᠯᠴᠠᠭᠤᠯᠬᠤ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ            5. ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ᠎ᠠ᠃ ︽ᠰᠠᠶᠢᠨ ᠡᠪᠡᠰᠦ ᠲᠠᠷᠢᠵᠤ᠂ ᠰᠠᠶᠢᠨ ᠡᠭᠦᠯᠳᠡᠷ ᠬᠥᠮᠥᠵᠢᠭᠦᠯᠵᠦ᠂ ᠰᠠᠶᠢᠨ ᠦᠨᠢᠶ᠎ᠡ ᠲᠡᠵᠢᠭᠡᠵᠦ᠂ ᠰᠠᠶᠢᠨ ᠰᠦ ᠦᠢᠯᠡᠳᠪᠦᠷᠢᠯᠡᠵᠦ᠂ ᠰᠠᠶᠢᠨ ᠬᠡᠯᠬᠢᠶ᠎ᠡ ᠪᠠᠶᠢᠭᠤᠯᠬᠤ︾  ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠤᠯᠤᠰ ᠤᠨ ᠰᠦ ᠶᠢᠨ ᠦᠢᠯᠡᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ 2.3 ᠳ᠋ᠦᠩᠰᠢᠭᠤᠷ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠨ᠎ᠡ︔ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠦ ᠶᠢᠨ ᠦᠢᠯᠡᠰ ᠤᠨ ᠠᠷᠠᠯᠵᠢᠶᠠᠨ ᠤ ᠲᠥᠪ ᠢ ᠥᠨᠳᠥᠷ ᠪᠦᠲᠦᠮᠵᠢᠲᠡᠶ ᠠᠵᠢᠯᠯᠠᠭᠤᠯᠤᠨ᠎ᠠ︔ ︽ᠰᠤᠷᠤᠭᠴᠢ ᠳᠤ ᠨᠢᠭᠡ ᠬᠡᠰᠡᠭ ᠪᠢᠰᠢᠯᠠᠭ᠂ ᠵᠢᠷᠮᠦᠰᠦᠨ ᠪᠦᠰᠡᠭᠦᠢ ᠳᠤ ᠨᠢᠭᠡ ᠴᠣᠮᠣ ᠰᠦ︾  ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ︔ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠳᠡᠮᠵᠢᠵᠦ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠣᠯᠭᠤᠨ᠎ᠠ᠃ 2024᠂ 2025᠂ 2026 ᠣᠨ ᠳᠤ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 2800 ᠳ᠋ᠦᠩᠰᠢᠭᠤᠷ ᠲᠥᠭᠦᠷᠢᠭ᠂ 3500 ᠳ᠋ᠦᠩᠰᠢᠭᠤᠷ ᠲᠥᠭᠦᠷᠢᠭ᠂ 3800 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠮᠢᠬᠠᠨ ᠤ ᠲᠥᠷᠥᠯ ᠢ ᠡᠳ᠋ᠰᠢᠭᠦᠯᠦᠨ ᠠᠵᠤ ᠦᠶᠢᠯᠡᠰᠵᠢᠭᠦᠯᠬᠦ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠵᠧᠩ ᠳ᠋ᠠ᠂ ᠢ ᡁᠢ ᠦᠬᠡᠷ᠂ ᠠᠯᠲᠠᠨ ᠲᠠᠯ᠎ᠠ ᠨᠤᠲᠤᠭ᠂ ᠡᠷᠳᠡᠨᠢ ᠶᠢᠨ ᠮᠢᠬᠠᠨ ᠤ ᠲᠥᠷᠥᠯ ᠢ ᠨᠠᠷᠢᠯᠢᠭ ᠬᠡᠰᠡᠭᠯᠡᠬᠦ᠂ ᠬᠦᠢᠲᠡᠨ ᠰᠣᠷᠭᠤᠭ ᠮᠢᠬ᠎ᠠ ᠵᠡᠷᠭᠡ ᠶᠢ ᠨᠠᠷᠢᠯᠢᠭ ᠡᠳ᠋ᠰᠢᠭᠦᠯᠬᠦ ᠶᠢ ᠬᠥᠭᠵᠢᠭᠦᠯᠵᠦ᠂ ︽ᠲᠡᠵᠢᠭᠡᠨ ᠦᠷᠡᠵᠢᠭᠦᠯᠬᠦ - ᠠᠯᠠᠵᠤ ᠨᠢᠲᠤᠯᠬᠤ - ᠨᠠᠷᠢᠯᠢᠭ ᠬᠡᠰᠡᠭᠯᠡᠬᠦ - ᠤᠷᠢᠳᠴᠢᠯᠠᠨ ᠬᠢᠭᠰᠡᠨ ᠨᠣᠭᠤᠭ᠎ᠠ - ᠲᠤᠰᠠᠯᠠᠬᠤ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ︾ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ 2024᠂ 2025᠂ 2026 ᠣᠨ ᠳᠤ ᠮᠢᠬᠠᠨ ᠤ ᠵᠦᠢᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 400 ᠳ᠋ᠦᠩᠰᠢᠭᠤᠷ ᠲᠥᠭᠦᠷᠢᠭ᠂ 500 ᠳ᠋ᠦᠩᠰᠢᠭᠤᠷ ᠲᠥᠭᠦᠷᠢᠭ᠂ 600 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠲᠡᠵᠢᠭᠡᠯ ᠡᠪᠡᠰᠦ ᠬᠤᠷᠢᠶᠠᠨ ᠬᠠᠳᠠᠭᠠᠯᠠᠬᠤ 6000 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠹᠦ᠋ ᠹᠧᠩ ᠠᠮᠢᠳᠤ ᠪᠣᠳᠠᠰ᠂ ᠶᠢᠨ ᠾᠧ ᠠᠮᠢᠳᠤ ᠪᠣᠳᠠᠰ᠂ ᠵᠧᠩ ᠳ᠋ᠡ ᠲᠡᠵᠢᠭᠡᠯ ᠪᠣᠷᠳᠤᠭ᠎ᠠ ᠵᠡᠷᠭᠡ ᠲᠡᠵᠢᠭᠡᠯ ᠪᠣᠷᠳᠤᠭ᠎ᠠ ᠡᠳ᠋ᠰᠢᠭᠦᠯᠬᠦ ᠵᠢᠴᠢ ᠠᠮᠢᠳᠤ ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠲᠠᠰ ᠳᠡᠪᠰᠢᠬᠦ ᠶᠢ ᠠᠬᠢᠭᠤᠯᠵᠤ᠂ 2024᠂ 2025᠂ 2026 ᠣᠨ ᠳᠤ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 270 ᠳ᠋ᠦᠩᠰᠢᠭᠤᠷ ᠲᠥᠭᠦᠷᠢᠭ᠂ 300 ᠳ᠋ᠦᠩᠰᠢᠭᠤᠷ ᠲᠥᠭᠦᠷᠢᠭ᠂ 320 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶᠃            6. ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠤᠯᠤᠰ ᠤᠨ ᠲᠥᠮᠥᠰᠥ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ᠂ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠦᠷᠢ ᠵᠡᠷᠭᠡ 2500 ᠲᠦᠮᠡᠨ ᠲᠥᠭᠦᠷᠢᠭ ᠤᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠰᠠᠢ ᠹᠧᠩ᠂ ᠰᠢᠦᠢ ᠹᠧᠩ᠂ ᠬᠤᠸᠠ ᠧᠦ ᠴᠠᠷᠳᠠᠭᠤᠯ᠂ ᠱᠤ᠋ ᠶᠤᠸᠠᠨ ᠺᠠᠩ ᠵᠡᠷᠭᠡ ᠲᠥᠮᠥᠰᠥ ᠲᠠᠷᠢᠵᠤ ᠪᠣᠶᠢᠵᠢᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠵᠤ᠂ ᠦᠷ᠎ᠡ ᠶᠢᠨ ᠲᠥᠮᠥᠰᠥ᠂ ᠡᠳ᠋ᠰᠢᠭᠦᠯᠦᠭᠰᠡᠨ ᠲᠥᠮᠥᠰᠥ᠂ ᠰᠢᠨ᠎ᠡ ᠰᠣᠷᠭᠤᠭ ᠲᠥᠮᠥᠰᠥ ᠶᠢᠨ ︽ᠭᠤᠷᠪᠠᠨ ᠲᠥᠮᠥᠰᠥ ᠶᠢ ᠵᠡᠷᠭᠡ ᠪᠠᠷ ᠴᠢᠬᠤᠯᠠᠴᠢᠯᠠᠬᠤ︾ ᠪᠠ ᠰᠢᠨᠵᠢᠯᠡᠬᠦ ᠤᠬᠠᠭᠠᠨ ᠤ ᠰᠤᠳᠤᠯᠭᠠᠨ᠂ ᠲᠠᠷᠢᠮᠠᠯ᠂ ᠡᠳ᠋ᠰᠢᠭᠦᠯᠬᠦ᠂ ᠵᠣᠭᠤᠷᠢᠯᠠᠵᠤ ᠬᠤᠷᠢᠶᠠᠬᠤ᠂ ᠪᠣᠷᠣᠯᠠᠭᠤᠯᠬᠤ ︽ᠲᠠᠪᠤᠨ ᠵᠠᠮ ᠢᠶᠠᠷ ᠵᠡᠷᠭᠡ ᠶᠠᠪᠤᠬᠤ︾ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ 2024᠂ 2025᠂ 2026 ᠣᠨ ᠳᠤ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 8 ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ᠂ 12 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠡᠯᠳᠡᠪ ᠠᠮᠤ ᠶᠢ ᠠᠵᠤ ᠦᠢᠯᠡᠰᠵᠢᠭᠦᠯᠬᠦ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠵᠡᠷᠭᠡ 2000 ᠲᠦᠮᠡᠨ ᠲᠥᠭᠦᠷᠢᠭ ᠤᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠮᠧᠩ ᠴᠢᠩ᠂ ᠬᠤᠩ ᠯᠢ ᠶᠤᠸᠠᠨ᠂ ᠬᠥ᠋ ᠨᠦᠩ ᠲᠠᠷᠢᠶᠠᠯᠠᠩ ᠵᠡᠷᠭᠡ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠵᠦ᠂ ᠨᠠᠷᠢᠮᠤ ᠪᠤᠳᠠᠭ᠎ᠠ᠂ ᠨᠣᠬᠠᠢ ᠶᠢᠨ ᠬᠤᠰᠢᠭᠤ᠂ ᠨᠣᠶᠢᠯ ᠪᠤᠭᠤᠳᠠᠢ᠂ ᠮᠠᠭᠠᠵᠢ ᠶᠢᠨ ᠦᠷ᠎ᠡ ᠵᠡᠷᠭᠡ ᠡᠯᠳᠡᠪ ᠠᠮᠤ ᠶᠢᠨ ᠰᠢᠷᠢᠰ ᠪᠡᠯᠡᠨ ᠢᠳᠡᠭᠡᠨ᠂ ᠤᠮᠳᠠᠭᠠᠨ ᠤ ᠵᠦᠢᠯ᠂ ᠭᠠᠰᠢᠭᠤᠨ ᠰᠠᠭᠠᠭ ᠤᠨ ᠴᠠᠢ᠂ ᠳᠣᠣᠷ᠎ᠠ ᠳᠤᠯᠠᠭᠠᠨ ᠳᠤ ᠰᠢᠬᠠᠭᠰᠠᠨ ᠲᠣᠰᠣ ᠵᠡᠷᠭᠡ ᠨᠠᠷᠢᠯᠢᠭ ᠡᠳ᠋ᠰᠢᠭᠦᠯᠦᠭᠰᠡᠨ ᠥᠨᠳᠥᠷ ᠨᠡᠮᠡᠯᠲᠡ ᠥᠷᠲᠡᠭ ᠪᠦᠬᠦᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ 2024᠂ 2025᠂ 2026 ᠣᠨ ᠳᠤ ᠡᠯᠳᠡᠪ ᠠᠮᠤ ᠲᠣᠰᠣᠯᠢᠭ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 8 ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ᠂ 12 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠯᠠᠵᠤᠤ᠂ ᠳ᠋ᠧᠦᠹᠦ᠋᠂ ᠹᠧᠨᠲ᠋ᠢᠶᠣᠤᠷ᠂ ᠦᠵᠦᠮ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠯ᠎ᠠ ᠨᠤᠲᠤᠭ ᠤᠨ ᠤᠯᠠᠭᠠᠨ ᠨᠠᠷᠠ᠂ ᠮᠢᠩ ᠶᠤᠸᠠᠨ᠂ ᠢᠦᠢ ᠱᠧᠩ ᠵᠠᠢ᠂ ᠲᠤᠤ ᠯᠢ᠂ ᠲᠠᠯ᠎ᠠ ᠨᠤᠲᠤᠭ ᠤᠨ ᠤᠨᠠᠭ᠎ᠠ ᠵᠡᠷᠭᠡ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠵᠦ᠂ 2024᠂ 2025᠂ 2026 ᠣᠨ ᠳᠤ ᠢᠳᠡᠭᠡᠨ ᠡᠳ᠋ᠰᠢᠭᠦᠯᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠤᠰ ᠲᠤᠰ 90 ᠳ᠋ᠦᠩᠰᠢᠭᠤᠷ ᠲᠥᠭᠦᠷᠢᠭ᠂ 100 ᠳ᠋ᠦᠩᠰᠢᠭᠤᠷ ᠲᠥᠭᠦᠷᠢᠭ᠂ 105 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠱᠢ ᠵᠢᠢ ᠬᠥᠬᠡᠬᠤᠲᠠ ᠶᠢᠨ ᠬᠠᠷ᠎ᠠ ᠠᠷᠢᠬᠢ᠂ ᠷᠦᠢ ᠸᠧ ᠠᠷᠢᠬᠢᠨ ᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠡᠳᠬᠦᠵᠦ᠂ ᠶᠦᠨ ᠵᠦᠩ ᠠᠷᠢᠬᠢᠨ ᠤ ᠦᠢᠯᠡᠰ᠂ ᠱᠧᠩ ᠴᠢᠤᠸᠠᠨ᠂ ᠦ᠋ ᠬᠤᠸᠠᠩ ᠵᠡᠷᠭᠡ ᠠᠵᠤ ᠠᠬᠤᠶᠢᠯᠠᠯ ᠤᠨ ᠲᠡᠰ ᠳᠡᠪᠰᠢᠬᠦ ᠶᠢ ᠠᠬᠢᠭᠤᠯᠵᠤ᠂ 2024᠂ 2025᠂ 2026 ᠣᠨ ᠳᠤ ᠠᠷᠢᠬᠢᠨ ᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠤᠰ ᠲᠤᠰ 8 ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ᠂ 12 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠃            7. ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ᠎ᠠ᠃ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ᠂ ᠡᠷᠳᠡᠨᠢ ᠰᠢᠰᠢ᠂ ᠲᠥᠮᠥᠰᠥ ᠵᠡᠷᠭᠡ ᠪᠠᠷ ᠭᠤᠣᠯᠳᠠᠯᠭ᠎ᠠ ᠪᠣᠯᠭᠠᠵᠤ᠂ ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠬᠦ ᠨᠢᠭᠡᠴᠢ ᠪᠣᠯᠭᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠨᠡᠷᠡᠲᠦ ᠲᠤᠰᠬᠠᠢ ᠮᠡᠷᠭᠡᠵᠢᠯᠲᠡᠨ ᠳᠤ ᠲᠦᠰᠢᠭᠯᠡᠨ᠂ ᠰᠠᠢ ᠺᠧ ᠰᠢᠩ᠂ ᠱᠧᠩ ᠵᠢᠶᠠᠨ᠂ ᠵᠦᠩ ᠰᠢᠩ᠂ ᠰᠠᠢ ᠹᠧᠩ ᠵᠡᠷᠭᠡ ᠦᠷ᠎ᠡ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠵᠤ᠂ ᠠᠵᠤ ᠦᠶᠢᠯᠡᠰᠵᠢᠯᠲᠡ ᠶᠢᠨ ᠵᠠᠭᠪᠤᠷ ᠶᠣᠰᠣᠭᠠᠷ᠂ ᠳᠡᠭᠡᠳᠦ ᠳᠣᠣᠷᠠᠳᠤ ᠤᠷᠤᠰᠬᠠᠯ ᠬᠤᠯᠪᠤᠭᠠᠯᠠᠨ ᠬᠥᠳᠡᠯᠦᠯᠴᠡᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠴᠢᠳᠠᠪᠤᠷᠢᠲᠠᠨ ᠢᠶᠠᠷ ᠲᠦᠰᠢᠭ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠭᠰᠠᠨ᠂ ᠣᠷᠣᠨ ᠪᠦᠰᠡ ᠶᠢᠨ ᠬᠠᠮᠵᠢᠯᠴᠠᠨ ᠬᠠᠮᠲᠤᠷᠠᠯᠴᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠵᠤ᠂ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠣᠳᠣ ᠦᠶ᠎ᠡ ᠶᠢᠨ ᠦᠷ᠎ᠡ ᠶᠢᠨ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠴᠠᠭᠠᠨ ᠢᠳᠡᠭᠡᠨ ᠤ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ᠂ ᠴᠠᠭᠠᠨ ᠢᠳᠡᠭᠡᠨ ᠤ ᠠᠮᠤᠷ ᠲᠦᠪᠰᠢᠨ ᠬᠢᠭᠡᠳ ᠶᠠᠰᠤ ᠴᠢᠨᠠᠷ ᠵᠡᠷᠭᠡ ᠴᠢᠭᠯᠡᠯ ᠢᠶᠠᠷ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠠᠵᠢᠯ ᠲᠥᠷᠥᠯ ᠤᠨ ︽ᠪᠣᠭᠤᠮᠢᠯᠠᠬᠤ︾ ᠮᠡᠷᠭᠡᠵᠢᠯ ᠢ ᠰᠢᠪᠲᠤᠯᠤᠨ᠂ ᠲᠦᠭᠦᠬᠡᠢ ᠮᠠᠲ᠋ᠧᠷᠢᠶᠠᠯ ᠦᠨᠳᠦᠰᠦᠨ ᠮᠠᠲ᠋ᠧᠷᠢᠶᠠᠯ ᠢ ᠤᠯᠤᠰ ᠲᠠᠭᠠᠨ ᠦᠢᠯᠡᠳᠪᠦᠷᠢᠯᠡᠬᠦ᠂ ᠴᠠᠭᠠᠨ ᠢᠳᠡᠭᠡ ᠪᠣᠯᠪᠠᠰᠤᠷᠠᠭᠤᠯᠬᠤ ᠵᠠᠩᠭᠢᠯᠠᠭ᠎ᠠ ᠶᠢᠨ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠵᠡᠷᠭᠡ ᠰᠦ ᠶᠢᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠬᠤ ᠭᠤᠣᠯ ᠠᠰᠠᠭᠤᠳᠠᠯ ᠢ ᠰᠢᠢᠳᠪᠦᠷᠢᠯᠡᠵᠦ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠢ ᠣᠯᠠᠨ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠪᠣᠯᠭᠠᠨ᠎ᠠ᠃ ᠤᠯᠤᠰ ᠤᠨ ᠳᠡᠭᠡᠳᠦ ᠲᠠᠰ ᠤᠨ ᠠᠮᠢᠲᠠᠨ ᠤ ᠠᠮᠢᠳᠤ ᠪᠣᠳᠠᠰ ᠤᠨ ᠠᠮᠤᠷ ᠲᠦᠪᠰᠢᠨ ᠤ ᠭᠤᠷᠪᠠᠳᠤᠭᠠᠷ ᠳᠡᠰ ᠤᠨ ᠲᠤᠷᠰᠢᠯᠲᠠ ᠶᠢᠨ ᠲᠠᠰᠤᠭ᠂ ᠮᠠᠯ ᠳᠤ ᠬᠡᠷᠡᠭᠯᠡᠬᠦ ᠸᠠᠺᠼᠢᠨ ᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠲᠠᠷᠢᠶᠠᠯᠠᠩ ᠤᠨ ᠶᠠᠮᠤᠨ ᠤ ᠬᠡᠪᠢᠭᠴᠢ ᠠᠮᠢᠲᠠᠨ ᠤ ᠠᠮᠢᠳᠤ ᠪᠣᠳᠠᠰ ᠤᠨ ᠪᠦᠲᠦᠭᠡᠭᠳᠡᠬᠦᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠭᠤᠷᠪᠠᠨ ᠶᠡᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠠᠮᠢᠳᠤ ᠪᠣᠳᠠᠰ ᠤᠨ ᠢᠰᠬᠡᠯᠲᠡ ᠪᠠ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠥᠭᠵᠢᠯᠲᠡ ᠪᠠᠨ ᠤᠷᠲᠤᠳᠬᠠᠬᠤ ᠶᠢ ᠠᠬᠢᠭᠤᠯᠵᠤ᠂ ᠶᠢᠨ ᠢᠦᠢ ᠠᠮᠢᠳᠤ ᠪᠣᠳᠠᠰ᠂ ᠶᠢᠨ ᠾᠧ ᠶᠢᠤ ᠪᠧᠨ ᠵᠡᠷᠭᠡ ᠠᠵᠤ ᠠᠬᠤᠶᠢᠯᠠᠯ ᠤᠨ ᠠᠮᠢᠲᠠᠨ ᠤ ᠸᠠᠺᠼᠢᠨ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠠ ᠤᠯᠠᠷᠢᠭᠤᠯᠬᠤ ᠶᠢ ᠭᠤᠣᠯᠳᠠᠯᠭ᠎ᠠ ᠲᠠᠢ ᠲᠡᠳᠬᠦᠵᠦ᠂ ᠰᠢᠨ᠎ᠡ ᠮᠠᠯ ᠤᠨ ᠡᠮ ᠤᠨ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠤ ᠬᠠᠮᠲᠤ ᠮᠠᠨ ᠤ ᠬᠤᠲᠠ ᠳᠤ ᠪᠣᠳᠠᠲᠠᠶᠢᠵᠢᠭᠤᠯᠤᠨ ᠤᠯᠠᠷᠢᠭᠤᠯᠤᠭᠰᠠᠨ ᠸᠠᠺᠼᠢᠨ ᠤ ᠲᠥᠷᠥᠯ ᠵᠦᠢᠯ ᠳᠤ Ⅰ ᠲᠥᠷᠥᠯ ᠳᠤ 1000 ᠲᠦᠮᠡᠨ ᠲᠥᠭᠦᠷᠢᠭ᠂ Ⅱ ᠲᠥᠷᠥᠯ ᠳᠤ 500 ᠲᠦᠮᠡᠨ ᠲᠥᠭᠦᠷᠢᠭ᠂ Ⅲ ᠲᠥᠷᠥᠯ ᠳᠤ 200 ᠲᠦᠮᠡᠨ ᠲᠥᠭᠦᠷᠢᠭ ᠤᠨ ᠱᠠᠩᠨᠠᠯ ᠬᠥᠬᠢᠭᠦᠯᠦᠯ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶            8. ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠪᠣᠶᠢᠵᠢᠭᠤᠯᠤᠨ᠎ᠠ᠃ ᠰᠦ ᠶᠢᠨ ᠦᠢᠯᠡᠰ᠂ ᠡᠷᠳᠡᠨᠢ ᠰᠢᠰᠢ ᠵᠡᠷᠭᠡ 7 ᠶᠡᠭᠡ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠠᠬᠢᠭᠤᠯᠬᠤ ᠲᠥᠰᠥᠯ ᠢ ᠨᠠᠶᠢᠳᠠᠪᠤᠷᠢᠵᠢᠭᠤᠯᠵᠤ᠂ ᠣᠨ ᠤ ᠡᠵᠡᠩᠨᠡᠯᠲᠡ ᠶᠢᠨ ᠣᠷᠣᠯᠭ᠎ᠠ ᠳ᠋ᠦᠩᠰᠢᠭᠤᠷ ᠲᠥᠭᠦᠷᠢᠭ ᠵᠢᠴᠢ ᠳᠠᠪᠠᠭᠰᠠᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ᠂ ᠠᠵᠤ ᠦᠢᠯᠡᠰ ᠤᠨ ᠬᠦᠴᠦᠷᠬᠡᠭ ᠪᠠᠯᠭᠠᠰᠤ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠤᠷᠢᠳᠠᠪᠠᠷ ᠳᠠᠮᠵᠢᠵᠤ᠂ ᠠᠵᠤ ᠠᠬᠤᠶᠢᠯᠠᠯ ᠢ ᠢᠳᠡᠪᠬᠢᠲᠡᠢ ᠪᠠᠷ ᠪᠠᠲᠤᠯᠠᠨ ᠲᠠᠨᠢᠯᠴᠠᠭᠤᠯᠵᠤ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ ᠮᠡᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠵᠣᠷᠢᠭᠵᠢᠭᠤᠯᠵᠤ᠂ ᠮᠠᠨ ᠤ ᠬᠤᠲᠠ ᠳᠤ ᠨᠡᠭᠦᠵᠦ ᠢᠷᠡᠭᠰᠡᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠲᠤ ᠬᠤᠲᠠ ᠶᠢᠨ ᠲᠣᠰ ᠱᠠᠲᠤᠨ ᠠᠴᠠ ᠨᠢᠭᠡ ᠤᠳᠠᠭ᠎ᠠ ᠶᠢᠨ ᠴᠢᠨᠠᠷᠲᠠᠢ 1000 ᠲᠦᠮᠡᠨ ᠲᠥᠭᠦᠷᠢᠭ ᠱᠠᠩᠨᠠᠨ᠎ᠠ᠃ ᠮᠠᠨ ᠤ ᠬᠤᠲᠠ ᠶᠢᠨ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ᠂ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠶᠠᠪᠤᠴᠠ ᠳᠤ᠂ ᠬᠤᠲᠠ ᠶᠢᠨ ᠲᠣᠰ ᠱᠠᠲᠤ ᠠᠴᠠ ᠱᠠᠲᠤ ᠬᠤᠪᠢᠶᠠᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠵᠤ᠂ ᠱᠠᠩᠨᠠᠯ ᠨᠥᠬᠦᠪᠦᠷᠢ ᠶᠢᠨ ᠲᠤᠭ᠎ᠠ ᠶᠢ ᠨᠡᠶᠢᠲᠡ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ︔ ᠠᠵᠤ ᠠᠬᠤᠶᠢᠯᠠᠯ ᠢ ᠢᠳᠡᠪᠬᠢᠲᠡᠢ ᠬᠠᠪᠰᠤᠷᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠬᠤ ᠱᠠᠲᠤ ᠦᠶ᠎ᠡ ᠶᠢᠨ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠱᠠᠩᠨᠠᠯ ᠨᠥᠬᠦᠪᠦᠷᠢ ᠶᠢᠨ ᠲᠤᠭ᠎ᠠ ᠶᠢ ᠨᠡᠶᠢᠲᠡ 1300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠮᠠᠨ ᠤ ᠬᠤᠲᠠ ᠶᠢᠨ ᠠᠵᠤ ᠠᠬᠤᠶᠢᠯᠠᠯ ᠬᠢᠯᠢ ᠶᠢᠨ ᠭᠠᠳᠠᠨᠠᠬᠢ ᠲᠡᠮᠳᠡᠭᠲᠦ ᠶᠢᠨ ᠠᠷᠠᠯᠵᠢᠶᠠᠨ ᠤ ᠭᠠᠵᠠᠷ ︵ᠨᠢᠦ᠋ ᠶᠣᠷᠺ ᠤᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠠᠷᠠᠯᠵᠢᠶᠠᠨ ᠤ ᠭᠠᠵᠠᠷ ᠵᠡᠷᠭᠡ︶ ᠠᠩᠬ᠎ᠠ ᠤᠳᠠᠭ᠎ᠠ ᠢᠯᠡ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠵᠤ᠂ ᠬᠤᠲᠠ ᠶᠢᠨ ᠳᠣᠲᠣᠨ᠎ᠠ ᠭᠠᠳᠠᠨᠠᠬᠢ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ ᠠᠵᠢᠯᠯᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠬᠥᠷᠥᠩᠭᠡᠵᠢᠭᠦᠯᠬᠦ᠂ ᠬᠥᠷᠥᠩᠭᠡᠵᠢᠭᠦᠯᠦᠨ ᠠᠵᠢᠯᠯᠠᠭᠤᠯᠵᠤ᠂ ᠠᠵᠤ ᠦᠢᠯᠡᠰ ᠤᠨ ᠬᠥᠭᠵᠢᠯᠲᠡ ᠳᠤ ᠣᠯᠠᠨ ᠶᠠᠩᠵᠤ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶᠃          ︵ᠭᠤᠷᠪᠠ︶  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃                    9. ᠮᠡᠷᠭᠡᠵᠢᠯ ᠤᠨ ᠰᠢᠨ᠎ᠡ ᠶᠢ ᠡᠭᠦᠳᠴᠦ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠰᠢᠨ᠎ᠡ ᠪᠠᠷ ᠪᠣᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠭᠤᠣᠯ ᠲᠠᠷᠢᠮᠠᠯ ᠤᠨ ᠡᠭᠦᠯᠳᠡᠷ ᠲᠤ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠡᠷᠬᠡ ᠶᠢ ᠣᠯᠣᠭᠰᠠᠨ ᠡᠭᠦᠯᠳᠡᠷ ᠪᠦᠷᠢ ᠳᠤ 5 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠰᠢᠨ᠎ᠡ ᠪᠠᠷ ᠪᠣᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠮᠠᠯ ᠵᠢᠭᠦᠷᠲᠡᠨ ᠤ ᠰᠢᠨ᠎ᠡ ᠡᠭᠦᠯᠳᠡᠷ ︵ᠢᠵᠢ ᠶᠢᠨ ᠤᠳᠤᠮ︶ ᠢ 100 ᠲᠦᠮᠡᠨ ᠲᠥᠭᠦᠷᠢᠭ ᠱᠠᠩᠨᠠᠨ᠎ᠠ︔ ᠤᠯᠤᠰ ᠠᠴᠠ ᠬᠢᠨᠠᠨ ᠲᠣᠭᠲᠠᠭᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠨᠢᠭᠡᠪᠦᠷᠢ ᠶᠢ 50 ᠲᠦᠮᠡᠨ ᠲᠥᠭᠦᠷᠢᠭ ᠱᠠᠩᠨᠠᠨ᠎ᠠ᠃ ᠲᠡᠷᠢᠭᠦᠨ ᠲᠡᠰ ᠤᠨ ᠪᠤᠬ᠎ᠠ ᠪᠣᠶᠢᠵᠢᠭᠤᠯᠬᠤ ᠶᠢ ᠳᠡᠮᠵᠢᠵᠦ᠂ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠭᠰᠡᠨ ᠦᠷ᠎ᠡ ᠳ᠋ᠦᠩ ᠨᠢ ᠰᠠᠶᠢᠨ ᠲᠠᠰ ᠠᠴᠠ ᠳᠡᠭᠡᠭᠰᠢ ᠪᠣᠯᠤᠭᠰᠠᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠳᠤ ᠰᠠᠭᠤᠷᠢ ᠴᠢᠨᠠᠷᠲᠠᠢ ᠱᠠᠩᠨᠠᠯ 100 ᠲᠦᠮᠡᠨ ᠲᠥᠭᠦᠷᠢᠭ ᠣᠯᠭᠤᠵᠤ᠂ ᠳᠡᠯᠡᠬᠡᠢ ᠶᠢᠨ ᠡᠮᠦᠨ᠎ᠡ 200 ᠨᠡᠷᠡᠰ ᠪᠤᠶᠤ ᠤᠯᠤᠰ ᠤᠨ ᠳᠣᠲᠣᠭᠠᠳᠤ ᠶᠢᠨ ᠡᠮᠦᠨ᠎ᠡ 50 ᠨᠡᠷᠡᠰ ᠲᠤ ᠣᠷᠣᠭᠰᠠᠨ ᠬᠤᠯᠠᠨᠳ᠋ ᠤᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠪᠦᠷᠢ ᠶᠢ 100 ᠲᠦᠮᠡᠨ ᠲᠥᠭᠦᠷᠢᠭ ᠢᠶᠠᠷ ᠱᠠᠩᠨᠠᠵᠤ᠂ 50 ︵ᠪᠠᠭᠲᠠᠬᠤ ᠦᠭᠡᠢ︶ - 100 ᠨᠡᠷᠡᠰ ᠲᠤ ᠣᠷᠣᠭᠰᠠᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠣᠷᠣᠭᠰᠠᠨ ᠰᠢᠮᠧᠨ᠋ᠳᠠᠷ ᠦᠬᠡᠷ ᠢ ᠪᠣᠶᠢᠵᠢᠭᠤᠯᠤᠭᠰᠠᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ ᠭᠤᠣᠯᠯᠠᠬᠤ ᠲᠠᠯᠠᠪᠠᠶ ᠶᠢ ᠨᠢᠭᠡ ᠤᠳᠠᠭ᠎ᠠ ᠶᠢᠨ ᠴᠢᠨᠠᠷᠲᠠᠢ 200 ᠲᠦᠮᠡᠨ ᠲᠥᠭᠦᠷᠢᠭ ᠱᠠᠩᠨᠠᠵᠤ᠂ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ ᠭᠤᠣᠯᠯᠠᠬᠤ ᠲᠠᠯᠠᠪᠠᠶ ᠶᠢ ᠨᠢᠭᠡ ᠤᠳᠠᠭ᠎ᠠ ᠶᠢᠨ ᠴᠢᠨᠠᠷᠲᠠᠢ 300 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            10. ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠠᠪᠴᠠᠩ ᠢ ᠪᠠᠶᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠲᠤᠰᠠᠳᠠ ᠬᠡᠷᠡᠭᠵᠢᠭᠦᠯᠦᠭᠰᠡᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠲᠥᠷᠥᠯ ᠵᠦᠢᠯ ᠳᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ ᠶᠢᠨ 5% ᠠᠴᠠ ᠬᠡᠲᠦᠷᠡᠭᠦᠯᠬᠦ ᠦᠭᠡᠢ ᠬᠠᠷᠢᠴᠠᠯ ᠢᠶᠠᠷ ᠵᠢᠯ ᠪᠦᠷᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠱᠠᠩᠨᠠᠨ ᠬᠥᠬᠢᠭᠦᠯᠬᠦ ᠳᠡᠮᠵᠢᠯᠭᠡ ᠣᠯᠭᠤᠵᠤ᠂ ᠦᠷᠭᠦᠯᠵᠢᠯᠡᠨ ᠭᠤᠷᠪᠠᠨ ᠵᠢᠯ ᠠᠴᠠ ᠳᠡᠭᠡᠭᠰᠢ ᠳᠡᠮᠵᠢᠬᠦ ᠦᠭᠡᠢ᠃ ᠰᠢᠨ᠎ᠡ ᠪᠠᠷ ᠵᠥᠪᠰᠢᠶᠡᠷᠡᠭᠦᠯᠦᠭᠰᠡᠨ ︵ᠪᠦᠷᠢᠳᠬᠡᠵᠦ ᠳᠠᠩᠰᠠᠯᠠᠭᠤᠯᠤᠭᠰᠠᠨ︶ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ ᠲᠥᠪ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ︵ᠪᠦᠷᠢᠳᠬᠡᠵᠦ ᠳᠠᠩᠰᠠᠯᠠᠭᠤᠯᠤᠭᠰᠠᠨ︶ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ ᠤᠳᠠᠭ᠎ᠠ ᠶᠢᠨ ᠴᠢᠨᠠᠷᠲᠠᠢ200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠤ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶            11. ᠮᠡᠷᠭᠡᠵᠢᠯ ᠲᠣᠨᠣᠭᠯᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠵᠢᠯ ᠪᠦᠷᠢ ᠶᠢᠨ 6000 ᠲᠦᠮᠡᠨ ᠲᠥᠭᠦᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠦᠷᠢ ᠶᠢ ᠰᠠᠶᠢᠲᠤᠷ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠬᠢᠭᠤᠷ ᠲᠤᠯᠤᠭᠠᠨ ᠣᠲᠣ ᠵᠠᠮᠴᠢᠯᠠᠬᠤ ᠳᠤ ᠲᠤᠰᠠᠯᠠᠬᠤ ᠵᠢᠯᠤᠭᠤᠳᠬᠤ ᠰᠢᠰᠲ᠋ᠧᠮ᠂ ᠡᠷᠳᠡᠨᠢ ᠰᠢᠰᠢ ᠶᠢᠨ ᠦᠷ᠎ᠡ ᠬᠤᠷᠢᠶᠠᠬᠤ ᠬᠠᠮ ᠮᠠᠰᠢᠨ᠂ ᠪᠣᠷᠳᠤᠭ᠎ᠠ ᠬᠤᠯᠢᠬᠤ ᠮᠠᠰᠢᠨ ᠬᠤᠳᠠᠯᠳᠤᠨ ᠠᠪᠴᠤ᠂ ᠮᠠᠰᠢᠨᠴᠢᠯᠠᠯᠲᠠ ᠪᠠ ᠮᠡᠳᠡᠭᠡ ᠵᠠᠩᠭᠢᠴᠢᠯᠠᠯᠲᠠ  ᠶᠢᠨ ᠠᠭᠤᠰᠤᠯᠴᠠᠯ ᠢ ᠠᠬᠢᠭᠤᠯᠤᠨ᠎ᠠ᠃ ᠬᠤᠷᠤᠳ᠂ ᠰᠢᠷᠠᠰᠤ᠂ ᠰᠦ ᠶᠢᠨ ᠲᠡᠮᠦᠷ ᠤᠭᠤᠷᠠᠭ ᠵᠡᠷᠭᠡ ᠴᠠᠭᠠᠨ ᠢᠳᠡᠭᠡᠨ ᠢ ᠨᠠᠷᠢᠯᠢᠭ ᠭᠦᠨᠵᠡᠭᠡᠢ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ ᠶᠢᠨ 10% ᠪᠠᠷ ᠬᠠᠮᠤᠭ ᠤᠨ ᠥᠨᠳᠥᠷ 5000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠢ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠪᠣᠯᠭᠠᠨ ᠳᠡᠰ ᠳᠡᠪᠰᠢᠭᠦᠯᠪᠡᠯ᠂ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶            ︵ᠳᠥᠷᠪᠡ︶ ᠲᠥᠷᠥᠯ ᠲᠡᠮᠳᠡᠭᠲᠦ  ᠪᠣᠯᠭᠠᠨ ᠬᠥᠭᠵᠢᠭᠦᠯᠬᠦ ᠪᠠᠷ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ            12. ᠲᠦᠷᠦᠯ ᠲᠡᠮᠳᠡᠭᠲᠦ ᠡᠭᠦᠳᠬᠦ ᠶᠢ ᠴᠢᠩᠭᠠᠳᠬᠠᠨ᠎ᠠ᠃ ︽ᠣᠷᠣᠨ ᠪᠦᠰᠡ ᠶᠢᠨ ᠲᠥᠷᠥᠯ ᠲᠡᠮᠳᠡᠭᠲᠦ + ᠠᠵᠤ ᠠᠬᠤᠶᠢᠯᠠᠯ ᠤᠨ ᠲᠥᠷᠥᠯ ᠲᠡᠮᠳᠡᠭᠲᠦ +ᠪᠦᠲᠦᠭᠡᠭᠳᠡᠬᠦᠨ ᠤ ᠲᠥᠷᠥᠯ ᠲᠡᠮᠳᠡᠭᠲᠦ︾ ᠶᠢᠨ ᠵᠠᠭᠪᠤᠷ ᠶᠣᠰᠣᠭᠠᠷ᠂ ︽ᠴᠡᠯᠡᠭᠡᠷ ᠲᠠᠯ᠎ᠠ ᠶᠢᠨ ᠦᠨᠦᠷ ᠠᠮᠲᠠ︾ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ︽ᠥᠪᠥᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠭᠡ ᠶᠢ ᠥᠷᠨᠢᠭᠦᠯᠵᠦ᠂ ︽ᠥᠪᠥᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠣᠯᠣᠭᠰᠠᠨ ᠠᠵᠤ ᠠᠬᠤᠶᠢᠯᠠᠯ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠲᠠᠢ ᠪᠦᠲᠦᠭᠡᠭᠳᠡᠬᠦᠨ ᠤ ᠭᠡᠷᠡᠴᠢᠯᠡᠯ ᠢ ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠵᠦ ᠦᠨᠡᠮᠯᠡᠯ ᠣᠯᠣᠭᠰᠠᠨ ᠪᠦᠲᠦᠭᠡᠭᠳᠡᠬᠦᠨ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠢ 5000 ᠲᠥᠭᠦᠷᠢᠭ ᠤᠨ ᠱᠠᠩᠨᠠᠯ ᠣᠯᠭᠤᠨ᠎ᠠ᠃ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠠᠬᠤᠶᠢᠯᠠᠯ ᠤᠷᠢᠳᠴᠢᠯᠠᠨ ᠬᠢᠭᠰᠡᠨ ᠨᠣᠭᠤᠭ᠎ᠠ ᠶᠢᠨ ᠳᠠᠭᠠᠭᠤᠯᠤᠭᠴᠢ ᠠᠵᠤ ᠠᠬᠤᠶᠢᠯᠠᠯ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ᠂ ᠣᠨᠴᠠᠯᠢᠭᠲᠤ ᠲᠥᠷᠥᠯ ᠲᠡᠮᠳᠡᠭᠲᠦ ᠶᠢᠨ ᠰᠢᠯᠭᠠᠷᠠᠭᠤᠯᠤᠯᠲᠠ ᠳᠤ ᠣᠷᠣᠯᠴᠠᠬᠤ ᠶᠢ ᠳᠡᠮᠵᠢᠵᠦ᠂ ᠪᠥᠬᠦ ᠣᠷᠣᠨ ᠤ 10 ᠬᠦᠴᠦᠷᠬᠡᠭ ᠲᠤ ᠣᠷᠣᠪᠠᠯ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃            13. ᠦᠢᠯᠡᠳᠪᠦᠷᠢᠯᠡᠯ ᠪᠣᠷᠤᠯᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ᠃ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠦᠵᠡᠰᠬᠦᠯᠡᠩ ᠤᠨ ᠴᠤᠭᠯᠠᠭᠠᠨ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ᠂ ᠪᠣᠬᠢᠷᠲᠤᠯ ᠦᠭᠡᠢ ᠲᠠᠸᠠᠷ ᠤᠨ ᠦᠵᠡᠰᠬᠦᠯᠡᠩ ᠤᠨ ᠴᠤᠭᠯᠠᠭᠠᠨ ᠵᠡᠷᠭᠡ ᠭᠤᠣᠯᠳᠠᠯᠭ᠎ᠠ ᠲᠠᠢ ᠳᠡᠯᠭᠡᠨ ᠦᠵᠡᠭᠦᠯᠬᠦ ᠲᠠᠪᠴᠠᠩ ᠢ ᠰᠠᠶᠢᠲᠤᠷ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠴᠤᠭᠯᠠᠭᠠᠨ ᠳᠤ ᠣᠷᠣᠯᠴᠠᠭᠤᠯᠵᠤ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠨ᠂ ᠲᠣᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠦᠨ᠎ᠡ᠃ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ᠂ ᠳᠤᠮᠳᠠᠳᠤ ᠮᠣᠩᠭᠤᠯ ᠤᠨ ᠦᠵᠡᠰᠬᠦᠯᠡᠩ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠢ ᠰᠠᠶᠢᠲᠤᠷ ᠡᠷᠬᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠨ᠎ᠡ᠃            ︽ᠲᠥᠷᠥᠯ ᠲᠡᠮᠳᠡᠭᠲᠦ ᠶᠢ ᠲᠠᠨᠢᠯᠴᠠᠭᠤᠯᠬᠤ ᠨᠣᠶᠠᠨ︾ ᠢ ᠰᠢᠯᠢᠨ ᠰᠣᠩᠭᠤᠬᠤ ᠪᠠ ᠬᠥᠮᠥᠵᠢᠭᠦᠯᠵᠦ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠶᠢ ᠵᠢᠷᠤᠭᠯᠠᠨ ᠲᠥᠯᠥᠪᠯᠡᠬᠦ᠂ ᠲᠥᠷᠥᠯ ᠲᠡᠮᠳᠡᠭᠲᠦ ᠶᠢᠨ ᠵᠠᠮ ᠮᠥᠷ ᠤᠨ ᠪᠠᠶᠢᠭᠤᠯᠤᠯᠲᠠ᠂ ᠲᠥᠷᠥᠯ ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ᠶᠢ ᠲᠥᠰᠥᠪᠯᠡᠬᠦ᠂ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠤᠨ ᠪᠠᠶᠢᠴᠠᠭᠠᠯᠲᠠ ᠬᠢᠬᠦ ᠵᠡᠷᠭᠡ ᠲᠥᠷᠥᠯ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠃            14. ᠪᠥᠬᠦ ᠬᠦᠴᠦᠨ ᠢᠶᠠᠷ ᠢᠶᠠᠨ ᠶᠡᠭᠡ ᠶᠢ ᠤᠷᠢᠵᠤ ᠬᠦᠴᠦᠷᠬᠡᠭ ᠢ ᠲᠠᠲᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠠᠬᠤᠶᠢᠯᠠᠯ ᠤᠨ 500 ᠬᠦᠴᠦᠷᠬᠡᠭ ᠲᠠᠢ ᠣᠨᠣᠪᠴᠢᠲᠠᠢ ᠵᠣᠯᠭᠠᠭᠤᠯᠵᠤ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠬᠦᠴᠦᠯᠡᠨ ᠴᠢᠷᠮᠠᠶᠢᠨ᠎ᠠ᠃ ᠠᠵᠤ ᠠᠬᠤᠶᠢᠯᠠᠯ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ ᠴᠠᠭᠠᠨ ᠢᠳᠡᠭᠡᠨ᠂ ᠡᠷᠡᠭᠦᠯ ᠢᠳᠡᠭᠡᠨ ᠡᠳ᠋ᠰᠢᠭᠦᠯᠬᠦ ᠲᠥᠷᠥᠯ ᠵᠦᠢᠯ ᠵᠢᠴᠢ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠣᠷᠣᠭᠤᠯᠤᠨ ᠠᠪᠴᠢᠷᠠᠵᠤ᠂ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠬᠤᠳᠠᠯᠳᠤᠭᠠᠴᠢᠨ ᠤᠷᠢᠭᠰᠠᠨ ᠠᠵᠤ ᠠᠬᠤᠶᠢᠯᠠᠯ ᠳᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠶᠣᠰᠣᠭᠠᠷ᠂ 5000 ᠲᠦᠮᠡᠨ ᠲᠥᠭᠦᠷᠢᠭ ᠪᠡᠯᠡ ᠣᠷᠣᠭᠤᠯᠪᠠᠯ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠮᠠᠨ ᠤ ᠬᠤᠲᠠ ᠳᠤ ᠰᠢᠨ᠎ᠡ ᠪᠠᠷ ᠨᠡᠭᠦᠵᠦ ᠢᠷᠡᠭᠰᠡᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠲᠤ ᠨᠢᠭᠡ ᠤᠳᠠᠭ᠎ᠠ ᠶᠢᠨ ᠴᠢᠨᠠᠷᠲᠠᠢ 1000 ᠲᠦᠮᠡᠨ ᠲᠥᠭᠦᠷᠢᠭ ᠱᠠᠩᠨᠠᠨ᠎ᠠ︔ ᠰᠢᠨ᠎ᠡ ᠪᠠᠷ ᠲᠣᠭᠲᠠᠭᠠᠭᠰᠠᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            ︵ᠲᠠᠪᠤ︶ ᠣᠯᠠᠨ ᠡᠰᠢᠵᠢᠭᠰᠡᠨ ᠣᠷᠣᠭᠤᠯᠤᠯᠲᠠ ᠪᠠᠷ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ            15᠂ ᠴᠢᠳᠠᠪᠤᠷᠢᠲᠠᠨ ᠤ ᠡᠩᠨᠡᠭᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ︽ᠴᠢᠳᠠᠪᠤᠷᠢᠲᠠᠨ ᠤ 10 ᠵᠦᠢᠯ︾᠂ ︽ᠬᠥᠮᠥᠨ ᠲᠠᠲᠠᠵᠤ ᠬᠥᠮᠥᠨ ᠦᠯᠡᠳᠡᠭᠡᠬᠦ 18 ᠵᠦᠢᠯ︾ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠡᠩ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠠᠵᠢᠯ ᠮᠡᠷᠭᠡᠵᠢᠯ ᠤᠨ ᠲᠤᠰᠬᠠᠢ ᠮᠡᠷᠭᠡᠵᠢᠯ ᠢ ᠪᠠᠳᠠᠷᠠᠭᠤᠯᠬᠤ ᠶᠢ ᠳᠡᠮᠵᠢᠵᠦ᠂ ᠵᠢᠯ ᠪᠦᠷᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠳ ᠢ 200 ᠣᠷᠴᠢᠮ ᠬᠥᠮᠥᠨ᠂ ︽ᠭᠤᠷᠪᠠᠨ ᠣᠷᠣᠨ︾ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ 20 ᠣᠷᠴᠢᠮ ᠬᠥᠮᠥᠨ ᠰᠣᠩᠭᠤᠨ ᠲᠣᠮᠢᠯᠠᠵᠤ᠂ ᠮᠡᠷᠭᠡᠵᠢᠯ ᠤᠨ ᠵᠢᠯᠣᠭᠤᠳᠤᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ︔ ᠬᠥᠲᠥᠴᠢ ᠠᠵᠤ ᠠᠬᠤᠶᠢᠯᠠᠯ ᠤᠨ ᠪᠠᠴᠢᠮ ᠱᠠᠭᠠᠷᠳᠠᠭᠳᠠᠬᠤ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            16. ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠵᠠᠮ ᠢ ᠥᠷᠭᠡᠳᠬᠡᠨ᠎ᠡ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠳᠠᠭᠠᠭᠠᠯᠲᠠ ᠶᠢᠨ ᠳᠤᠮᠳᠠᠴᠢ ᠨᠣᠷᠮ᠎ᠠ ᠶᠢ ᠠᠯᠬᠤᠮ ᠠᠯᠬᠤᠮ ᠢᠶᠠᠷ 1.2% ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ ︽ᠲᠠᠷᠢᠶᠠᠯᠠᠩ ᠮᠠᠯ ᠠᠵᠤ ᠠᠬᠤᠢ ᠶᠢᠨ ᠪᠡᠯᠡᠳᠬᠡᠮᠵᠢ ᠶᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠶᠢ ᠰᠠᠶᠢᠲᠤᠷ ᠬᠡᠷᠡᠭᠯᠡᠵᠦ᠂ ︽ᠪᠠᠲᠤᠯᠠᠭᠠᠲᠤ ᠵᠢᠭᠡᠯᠡᠯᠭᠡ ᠳᠤ ᠲᠤᠰᠠᠯᠠᠬᠤ︾᠂ ︽ᠠᠮᠢᠳᠤ ᠪᠡᠶ᠎ᠡ ᠶᠢᠨ ᠵᠢᠭᠡᠯᠡᠯᠭᠡ︾᠂ ︽ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ︾ ᠵᠡᠷᠭᠡ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠬᠡᠷᠡᠭᠯᠡᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠵᠢᠯ ᠪᠦᠷᠢ 10 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠡᠯᠡ ᠲᠣᠬᠢᠷᠠᠭᠤᠯᠤᠨ᠎ᠠ᠃ ᠵᠢᠯ ᠪᠦᠷᠢ 2000 ᠲᠦᠮᠡᠨ ᠲᠥᠭᠦᠷᠢᠭ ᠠᠴᠠ ᠳᠣᠣᠷ᠎ᠠ ᠦᠭᠡᠢ ᠨᠢᠭᠡᠳᠦᠯᠲᠡᠢ ᠲᠥᠯᠥᠪᠵᠢᠭᠦᠯᠵᠦ᠂ ᠣᠳᠣ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠳᠠᠮ ᠬᠦᠦ ᠮᠥᠩᠭᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            17. ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠶᠢ ᠪᠣᠶᠢᠵᠢᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠬᠥᠲᠥᠴᠢ ᠠᠵᠤ ᠠᠬᠤᠶᠢᠯᠠᠯ ᠬᠥᠲᠥᠯᠥᠨ ᠳᠠᠭᠠᠭᠤᠯᠵᠤ᠂ ᠲᠠᠷᠢᠶᠠᠴᠢᠳ ᠤᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠠᠭᠠᠵᠤ᠂ ᠵᠢᠵᠢᠭ ᠲᠠᠷᠢᠶᠠᠴᠢᠨ ᠡᠷᠦᠬᠡ ᠣᠷᠣᠯᠴᠠᠭᠰᠠᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ ᠪᠠᠶᠢᠭᠤᠯᠵᠤ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠢᠯ ᠪᠦᠷᠢ ᠠᠳᠠᠭ ᠲᠠᠭᠠᠨ 40 ᠵᠢᠱᠢᠶ᠎ᠡ ᠦᠵᠡᠭᠦᠯᠬᠦ ᠬᠤᠷᠰᠢᠶ᠎ᠠ᠂ 30 ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠤᠨ᠎ᠠ᠃ 2024᠂ 2025᠂ 2026 ᠣᠨ ᠳᠤ᠂ ᠰᠢᠶᠠᠨ ᠤ ᠱᠠᠲᠤᠨ ᠠᠴᠠ ᠳᠡᠭᠡᠭᠰᠢᠬᠢ ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠲᠣᠰ ᠲᠣᠰ 420᠂ 460᠂ 500 ᠬᠦᠷᠭᠡᠵᠦ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠣᠰ ᠲᠣᠰ 350᠂ 380᠂ 410 ᠬᠦᠷᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            18. ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠬᠥᠭᠵᠢᠭᠡᠨ᠎ᠡ᠃ ᠵᠢᠯ ᠪᠦᠷᠢ ᠰᠢᠨ᠎ᠡ ᠪᠠᠷ ᠨᠡᠮᠡᠵᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠵᠣᠬᠢᠬᠤ ᠬᠠᠷᠢᠴᠠᠯ ᠢᠶᠠᠷ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠲᠤᠰᠬᠠᠢ ᠵᠦᠢᠯ ᠢᠶᠠᠷ ᠬᠡᠷᠡᠭᠯᠡᠨ᠎ᠡ᠃ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠢ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠭᠠᠵᠠᠷ ᠰᠢᠷᠣᠢ᠂ ᠠᠭᠤᠯᠠᠨ ᠣᠶ᠂ ᠤᠰᠤᠨ ᠭᠠᠳᠠᠷᠭᠤ᠂ ᠦᠢᠯᠡᠳᠪᠦᠷᠢ ᠶᠢᠨ ᠭᠡᠷ ᠵᠡᠷᠭᠡ ᠡᠬᠢ ᠪᠠᠶᠠᠯᠢᠭ ᠲᠤ ᠲᠦᠰᠢᠭᠯᠡᠨ᠂ ᠬᠡᠷᠡᠭᠯᠡᠬᠦ ᠡᠷᠬᠡ ᠪᠠᠷ ᠢᠶᠠᠨ ᠬᠤᠪᠢ ᠣᠷᠣᠬᠤ᠂ ᠬᠤᠯᠪᠤᠭᠠᠯᠠᠨ ᠡᠵᠡᠩᠨᠡᠬᠦ᠂ ᠲᠦᠷᠢᠶᠡᠰᠦᠯᠡᠭᠦᠯᠬᠦ ᠵᠡᠷᠭᠡ ᠬᠡᠯᠪᠡᠷᠢ ᠪᠠᠷ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠷᠣᠭᠤᠯᠤᠨ ᠠᠪᠴᠢᠷᠠᠵᠤ ᠣᠨᠴᠠᠯᠢᠭᠲᠤ ᠲᠠᠷᠢᠵᠤ ᠲᠡᠵᠢᠭᠡᠬᠦ᠂ ᠲᠠᠷᠢᠶᠠᠯᠠᠩ ᠤᠨ ᠪᠦᠲᠦᠭᠡᠭᠳᠡᠬᠦᠨ ᠢ ᠡᠳᠰᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠵᠡᠷᠭᠡ ᠠᠵᠤ ᠦᠢᠯᠡᠰ ᠢ ᠬᠠᠮᠲᠤᠪᠠᠷ ᠡᠷᠬᠢᠯᠡᠬᠦ ᠶᠢ ᠳᠡᠮᠵᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠳᠠᠭᠠᠭᠤᠯᠤᠭᠴᠢ ᠠᠵᠤ ᠠᠬᠤᠶᠢᠯᠠᠯ ᠬᠥᠳᠡᠭᠡ ᠲᠣᠰᠬᠤᠨ ᠳᠤ ᠪᠦᠲᠦᠭᠡᠨ ᠪᠠᠶᠢᠭᠤᠯᠤᠭᠰᠠᠨ ᠰᠢᠨ᠎ᠡ ᠰᠣᠷᠭᠤᠭ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠳᠤ ᠬᠡᠷᠡᠭᠯᠡᠬᠦ ᠴᠠᠬᠢᠯᠭᠠᠨ᠂ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠡᠳ᠋ᠰᠢᠭᠦᠯᠬᠦ ᠳᠤ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ︶            ᠳᠥᠷᠪᠡ᠂ ᠠᠵᠢᠯ ᠤᠨ ᠪᠠᠲᠤᠯᠠᠭ᠎ᠠ            ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃            ︵ᠬᠤᠶᠠᠷ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠭᠤᠣᠯᠳᠠᠯᠭ᠎ᠠ ᠲᠠᠢ ᠡᠭᠦᠷᠭᠡ ᠳᠤ ᠡᠬᠡ ᠳᠠᠩᠰᠠ ᠲᠠᠢ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠠᠯᠠᠭ᠎ᠠ ᠮᠥᠴᠢᠷ ᠬᠤᠭᠤᠷᠣᠨᠳᠤ ᠪᠠᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠢ᠃            ︵ᠭᠤᠷᠪᠠ︶ ᠠᠵᠢᠯ ᠤᠨ ᠦᠨᠡᠯᠡᠯᠲᠡ ᠬᠢᠬᠦ ᠶᠢ ᠴᠢᠩᠭᠠᠳᠬᠠᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠥᠷᠥᠯ ᠵᠦᠢᠯ ᠤᠨ ᠪᠣᠳᠠᠲᠠᠢ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠣᠯᠭᠠᠨ ᠬᠤᠪᠢᠷᠠᠭᠤᠯᠵᠤ᠂ ᠵᠢᠯ ᠤᠨ ᠡᠴᠦᠰ ᠲᠤ ᠪᠡᠶᠡᠯᠡᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠰᠢᠯᠭᠠᠬᠤ ᠳᠤ ᠣᠷᠣᠭᠤᠯᠬᠤ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号