ᠰᠠᠨᠰᠠᠷ ᠲᠤ ᠭᠠᠷᠤᠭᠰᠠᠨ ᠲᠠᠪᠤᠨ ᠣᠳᠣᠲᠤ ᠤᠯᠠᠭᠠᠨ ᠲᠤᠭ᠂ ᠰᠠᠶᠢᠬᠠᠨ ᠲᠣᠭᠤᠷᠢᠭ ᠤᠨ ᠰᠢᠯᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠱᠢᠭᠤᠴᠢ ᠠᠩᠭᠢ ᠶᠢᠨ  ᠭᠡᠰᠢᠭᠦᠨ ᠬᠦᠴᠦᠨ ᠳᠠᠮᠵᠢᠭᠤᠯᠵᠤ ᠪᠠᠶᠢᠨ᠎ᠠ!
ᠨᠡᠶᠢᠲᠡᠯᠡᠭᠰᠡᠨ ᠴᠠᠭ᠄
2024/8/2
     7 ᠰᠠᠷ᠎ᠠ ᠶᠢᠨ 26 ᠤ ᠡᠳᠦᠷ᠂ ᠪᠦᠬᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠳᠤᠮᠳᠠᠳᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠰᠣᠨᠢᠨ ᠮᠡᠳᠡᠭᠡᠨ ᠤ ᠠᠯᠪᠠᠨ ᠭᠡᠷ ᠲᠠᠢ ᠬᠠᠮᠲᠤᠷᠠᠨ ︽ᠮᠢᠨᠤ ᠰᠡᠳᠬᠢᠯ ᠳᠠᠬᠢ ᠲᠠᠪᠤᠨ ᠣᠳᠣᠲᠤ ᠤᠯᠠᠭᠠᠨ ᠲᠤᠭ︾ ᠤᠯᠤᠰ ᠤᠨ ᠲᠤᠭ ᠳᠠᠮᠵᠢᠭᠤᠯᠬᠤ ᠶᠣᠰᠣᠯᠠᠯ ᠵᠢᠴᠢ ᠲᠤᠭ ᠮᠠᠨᠳᠤᠭᠤᠯᠬᠤ ᠶᠣᠰᠣᠯᠠᠯ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠶᠠᠪᠤᠭᠳᠠᠪᠠ᠃ ᠰᠠᠶᠢᠬᠠᠨ ᠲᠣᠭᠤᠷᠢᠭ ᠤᠨ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠯᠢᠶᠠᠨ ᠢ ᠬᠠᠨ ᠬᠠᠮᠲᠤ ᠰᠤᠷᠤᠭᠴᠢ ᠣᠭᠲᠠᠷᠭᠤᠢ ᠪᠠᠷ ᠠᠶᠠᠯᠠᠨ ᠭᠠᠷᠴᠤ ᠪᠠᠶᠢᠭ᠎ᠠ ᠤᠯᠤᠰ ᠤᠨ ᠲᠤᠭ ᠢᠶᠠᠨ ᠵᠢᠷᠭᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠲᠤᠰᠢᠶᠠᠨ ᠳᠡᠯᠭᠡᠨ ᠦᠵᠡᠭᠦᠯᠪᠡ᠃
    ᠦᠳᠡ ᠶᠢᠨ ᠡᠮᠦᠨᠡᠬᠢ 8 ᠴᠠᠭ ᠲᠤ᠂ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠪᠡ᠃ ᠤᠳᠬ᠎ᠠ ᠠᠭᠤᠯᠭ᠎ᠠ ᠲᠠᠢ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠪᠦᠬᠦ ᠬᠥᠮᠥᠰ ᠲᠥᠪ ᠬᠢᠴᠢᠶᠡᠩᠭᠦᠢ ᠵᠣᠭᠰᠣᠵᠤ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠳᠠᠭᠤᠯᠠᠵᠤ᠂ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠰᠡᠳᠬᠢᠯᠭᠡ ᠪᠠᠨ ᠢᠯᠡᠳᠬᠡᠪᠡ᠃
     ︽ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠤᠨ ᠠᠮᠵᠢᠯᠲᠠ ᠪᠦᠲᠦᠮᠵᠢ ᠨᠢ ᠠᠭᠤᠤ ᠶᠡᠭᠡ ᠳᠤᠮᠳᠠᠳᠤ ᠤᠯᠤᠰ ᠤᠨ ᠵᠠᠮ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ ᠢ ᠭᠦᠢᠴᠡᠳ ᠢᠯᠡᠷᠡᠭᠦᠯᠵᠦ᠂ ᠰᠢᠨᠵᠢᠯᠡᠬᠦ ᠤᠬᠠᠭᠠᠨᠴᠢ ᠦᠢᠯᠡᠰ ᠤᠨ ᠬᠥᠭᠵᠢᠯᠲᠡ ᠳᠤ ᠦᠶ᠎ᠡ ᠦᠶ᠎ᠡ ᠶᠢᠨ ᠬᠥᠮᠥᠰ ᠴᠢᠷᠮᠠᠶᠢᠨ ᠲᠡᠮᠡᠴᠡᠬᠦ ᠴᠢᠬᠤᠯᠠᠲᠠᠢ ᠭᠡᠳᠡᠭ ᠢ ᠭᠦᠢᠴᠡᠳ ᠬᠠᠷᠠᠭᠤᠯᠵᠤ ᠪᠠᠶᠢᠨ᠎ᠠ᠃ ᠪᠢᠳᠡ ᠣᠳᠣᠨ ᠣᠷᠣᠨ ᠢ ᠪᠠᠷᠠᠯᠠᠵᠤ᠂ ᠬᠦᠰᠡᠯ ᠵᠡᠭᠦᠳᠦ ᠪᠠᠨ ᠬᠥᠭᠡᠭᠡᠴᠡᠯᠳᠦᠬᠦ ᠶᠢᠨ ᠬᠠᠮᠲᠤ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠮᠠᠨ ᠤ ᠦᠶ᠎ᠡ ᠶᠢᠨ ᠬᠥᠮᠥᠰ ᠤᠨ ᠭᠠᠷ ᠲᠤ ᠪᠣᠳᠠᠲᠤ ᠠᠬᠤᠢ ᠪᠣᠯᠭᠠᠨ ᠬᠤᠪᠢᠷᠠᠭᠤᠯᠤᠶ᠎ᠠ︾ ᠭᠡᠵᠦ ᠯᠢᠶᠠᠨ ᠢ ᠬᠠᠨ ᠬᠠᠮᠲᠤ ᠰᠤᠷᠤᠭᠴᠢ ᠤᠯᠤᠰ ᠤᠨ ᠲᠤᠭ ᠳᠣᠣᠷ᠎ᠠ ᠡᠬᠡ ᠤᠯᠤᠰ ᠢᠶᠠᠨ ᠬᠠᠶᠢᠷᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠰᠡᠯ ᠡᠷᠡᠮᠡᠯᠵᠡᠯ ᠵᠢᠴᠢ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠬᠦᠨᠳᠦᠳᠬᠡᠨ ᠪᠢᠰᠢᠷᠡᠵᠦ ᠪᠠᠶᠢᠬᠤ ᠪᠠᠨ ᠢᠯᠡᠳᠬᠡᠪᠡ᠃
     ᠲᠤᠭ ᠮᠠᠨᠳᠤᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠥᠯᠥᠭᠡᠯᠡᠭᠴᠢ ᠶᠢᠨ ᠳᠠᠭᠠᠭᠤᠯᠭ᠎ᠠ ᠳᠣᠣᠷ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ︽ᠭᠠᠪᠢᠶ᠎ᠠ ᠵᠢᠳᠬᠦᠯ ᠤᠨ ᠲᠤᠷᠰᠢᠯᠲᠠ ᠶᠢᠨ ᠲᠠᠪᠴᠠᠩ︾  ᠢ ᠲᠣᠭᠤᠷᠢᠨ ᠦᠵᠡᠭᠰᠡᠨ ᠪᠥᠭᠡᠳ ᠡᠬᠡ ᠣᠷᠣᠨᠴᠢ ᠦᠵᠡᠯ ᠤᠨ ᠬᠥᠮᠦᠵᠢᠯ ᠤᠨ ᠺᠢᠨᠣ᠋ ᠶᠢ ᠲᠣᠭᠤᠷᠢᠨ ᠦᠵᠡᠵᠦ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠲᠡᠦᠬᠡᠨ ᠦᠢᠯᠡ ᠠᠵᠢᠯᠯᠠᠭ᠎ᠠ ᠶᠢ ᠳᠠᠬᠢᠨ ᠡᠷᠭᠢᠴᠡᠭᠦᠯᠵᠦ᠂ ᠰᠠᠨᠰᠠᠷ ᠤᠨ ᠠᠶᠠᠯᠠᠯ ᠬᠠᠶᠢᠨ ᠰᠦᠪᠡᠭᠴᠢᠯᠡᠬᠦ᠂ ᠰᠢᠨᠵᠢᠯᠡᠬᠦ ᠤᠬᠠᠭᠠᠨᠴᠢ ᠬᠦᠰᠡᠯ ᠵᠡᠭᠦᠳᠦ ᠶᠢ ᠨᠣᠴᠣᠭᠠᠭᠰᠠᠨ ᠪᠠᠶᠢᠨ᠎ᠠ᠃          ᠣᠶᠢᠯᠠᠭᠠᠭᠰᠠᠨ ᠢᠶᠠᠷ  ᠂ ᠲᠣᠰ ᠤᠳᠠᠭᠠᠨ ᠤ ︽ᠤᠯᠠᠭᠠᠨ ᠪᠦᠴᠡᠲᠡᠨ ᠤ ᠡᠬᠡ ᠤᠯᠤᠰ ᠢᠶᠠᠨ ᠬᠠᠶᠢᠷᠠᠯᠠᠬᠤ - ᠮᠢᠨᠤ  ᠰᠡᠳᠬᠢᠯ ᠳᠠᠬᠢ  ᠲᠠᠪᠤᠨ ᠣᠳᠣᠲᠤ ᠤᠯᠠᠭᠠᠨ ᠲᠤᠭ︾ ᠤᠯᠤᠰ ᠤᠨ ᠲᠤᠭ ᠳᠠᠮᠵᠢᠭᠤᠯᠬᠤ ᠠᠵᠢᠯᠯᠠᠭ᠎ᠠ ᠶᠢ ᠤᠯᠤᠰ ᠤᠨ ᠲᠤᠭ ᠢᠶᠠᠷ ᠳᠠᠮᠵᠢᠭᠤᠯᠬᠤ ᠪᠠ ᠭᠠᠵᠠᠷ ᠤᠨ ᠭᠠᠳᠠᠷᠭᠤ ᠪᠠᠷ ᠳᠠᠮᠵᠢᠭᠤᠯᠬᠤ ᠬᠤᠶᠠᠷ ᠱᠠᠲᠤ  ᠬᠤᠪᠢᠶᠠᠵᠤ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠣᠳᠣᠬᠠᠨ ᠳᠤ  ᠂ ᠤᠯᠤᠰ ᠤᠨ ᠲᠤᠭ ᠰᠠᠨᠰᠠᠷ ᠤᠨ ᠳᠠᠮᠵᠢᠭᠤᠯᠭ᠎ᠠ ᠨᠢᠭᠡᠨᠲᠡ ᠤᠷᠤᠭᠰᠢᠲᠠᠢ ᠳᠠᠭᠤᠰᠴᠤ  ᠂ ᠭᠠᠵᠠᠷ ᠳᠡᠭᠡᠷᠡᠬᠢ ᠳᠠᠮᠵᠢᠭᠤᠯᠭ᠎ᠠ ᠶᠢᠨ ᠠᠵᠢᠯᠯᠠᠭ᠎ᠠ 10 ᠰᠠᠷ᠎ᠠ ᠳᠤ ᠳᠠᠭᠤᠰᠴᠤ᠂ ᠳᠤᠮᠳᠠᠳᠤ ᠤᠯᠤᠰ ᠤᠨ ᠰᠠᠨᠰᠠᠷ ᠤᠨ ᠥᠷᠲᠡᠭᠡ ᠳᠤ ᠣᠷᠣᠭᠰᠠᠨ ᠡᠨᠡ ᠬᠦ  ᠲᠠᠪᠤᠨ ᠣᠳᠣᠲᠤ ᠤᠯᠠᠭᠠᠨ  ᠲᠤᠭ ᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ︽ᠤᠯᠠᠭᠠᠨ ᠪᠦᠴᠡᠲᠡᠨ ᠤ ᠲᠤᠭᠴᠢ︾ ᠡᠬᠡ ᠤᠯᠤᠰ ᠤᠨ  ᠢᠶᠠᠨ ᠡᠮᠦᠨ᠎ᠡ ᠤᠮᠠᠷ᠎ᠠ ᠳᠤ ᠳᠠᠮᠵᠢᠭᠤᠯᠬᠤ ᠪᠣᠯᠣᠨ᠎ᠠ᠃                                                                 ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号