ᠬᠥᠬᠡᠬᠤᠲᠠ ᠶᠢᠨ ︽ᠳ᠋ᠧ ᠶᠣᠣ ᠴᠢᠩ ᠴᠧᠩ · ᠦᠯᠢᠭᠡᠷ ᠳᠠᠭᠤᠷᠢᠶᠠᠯ ᠤᠨ ᠬᠦᠴᠦᠨ︾  ᠤ ᠶᠣᠰᠣ ᠰᠤᠷᠲᠠᠬᠤᠨ ᠤ ᠵᠢᠱᠢᠶᠡᠴᠢ ᠶᠢ ᠰᠤᠷᠤᠯᠴᠠᠨ ᠤᠬᠠᠭᠤᠯᠬᠤ ᠠᠵᠢᠯᠯᠠᠭ᠎ᠠ ᠰᠠᠶᠢᠬᠠᠨ ᠲᠣᠭᠤᠷᠢᠭ ᠲᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/22
     8 ᠰᠠᠷ᠎ᠠ ᠶᠢᠨ 15 ᠤ ᠡᠳᠦᠷ᠂ ︽ᠳ᠋ᠧ ᠶᠣᠣ ᠴᠢᠩ ᠴᠧᠩ · ᠦᠯᠢᠭᠡᠷ ᠳᠠᠭᠤᠷᠢᠶᠠᠯ ᠤᠨ ᠬᠦᠴᠦᠨ︾ 2024 ᠣᠨ ᠳᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢ ᠰᠤᠷᠤᠯᠴᠠᠨ ᠤᠬᠠᠭᠤᠯᠬᠤ ᠠᠵᠢᠯᠯᠠᠭ᠎ᠠ ᠰᠠᠶᠢᠬᠠᠨ ᠲᠣᠭᠤᠷᠢᠭ ᠤᠨ ᠪᠠᠶᠠᠨᠵᠡᠭᠡᠯᠢ ᠭᠤᠳᠤᠮᠵᠢ ᠳᠤ ᠠᠮᠵᠢᠯᠲᠠ ᠲᠠᠢ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠣᠶᠤᠨ ᠤ ᠪᠣᠯᠪᠠᠰᠤᠨ ᠤ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠰᠠᠶᠢᠬᠠᠨ ᠲᠣᠭᠤᠷᠢᠭ ᠤᠨ ᠣᠶᠤᠨ ᠤ ᠪᠣᠯᠪᠠᠰᠤᠨ ᠤ ᠠᠯᠪᠠᠨ ᠭᠡᠷ ᠠᠴᠠ ᠪᠠᠶᠠᠨ ᠵᠡᠭᠡᠯᠢ ᠭᠤᠳᠤᠮᠵᠢ ᠲᠠᠢ ᠬᠠᠮᠲᠤ ᠪᠠᠷ ᠳᠠᠭᠠᠭᠠᠴᠢᠯᠠᠨ ᠡᠷᠭᠢᠯᠡᠵᠦ᠂ ᠶᠣᠰᠣ ᠰᠤᠷᠲᠠᠬᠤᠨ ᠤ ᠬᠡᠪ ᠳᠠᠭᠤᠷᠢᠶᠠᠯ ᠢ ᠪᠣᠶ ᠪᠣᠯᠭᠠᠬᠤ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠬᠤ ᠪᠠᠷ ᠳᠠᠮᠵᠢᠭᠤᠯᠤᠨ᠂ ᠪᠥᠬᠦ ᠬᠤᠲᠠ ᠶᠢᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠮᠣᠷᠠᠯ ᠢ ᠡᠷᠬᠢᠮᠯᠡᠨ ᠪᠤᠶᠠᠨ ᠦᠢᠯᠡᠳᠴᠦ᠂ ᠣᠶᠤᠨ ᠰᠠᠨᠠᠭᠠᠨ ᠤ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠶᠤᠮ᠃            ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠪᠠᠢ ᠶᠧ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢ ᠴᠧᠨ ᠵᠢᠦ ᠫᠢᠩ ᠲᠠᠢ ᠤᠷᠢᠯᠭ᠎ᠠ ᠪᠠᠷ ᠣᠷᠣᠯᠴᠠᠭᠰᠠᠨ ᠪᠥᠭᠡᠳ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠳᠤ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠣᠯᠣᠨ ᠰᠡᠳᠬᠢᠯ ᠬᠥᠳᠡᠯᠭᠡᠮ᠎ᠡ ᠦᠯᠢᠭᠡᠷ ᠢ ᠭᠦᠨ ᠶᠠᠷᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠥᠨ ᠨᠢᠭᠡᠪᠦᠷᠢ ᠶᠢ ᠭᠦᠨ ᠬᠠᠳᠠᠩᠰᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠶᠣᠰᠣ ᠰᠤᠷᠲᠠᠬᠤᠨ ᠤ ᠬᠦᠴᠦᠨ ᠤ ᠲᠤᠬᠠᠢ ᠭᠦᠨ ᠭᠦᠨᠵᠡᠭᠡᠢ ᠲᠠᠨᠢᠯᠲᠠ ᠪᠠ ᠡᠷᠬᠢᠮ ᠳᠡᠭᠡᠳᠦ ᠬᠦᠨᠳᠦᠳᠬᠡᠯ ᠢ ᠬᠥᠭᠵᠢᠭᠡᠭᠰᠡᠨ ᠪᠠᠶᠢᠨ᠎ᠠ᠃ ᠲᠡᠳᠡᠨ ᠤ ᠦᠢᠯᠡ ᠶᠠᠪᠤᠳᠠᠯ ᠨᠢ ᠬᠡᠷᠡᠯᠳᠦ ᠣᠳᠣᠨ ᠮᠡᠲᠦ ᠪᠠᠶᠢᠵᠤ᠂ ᠶᠣᠰᠣ ᠰᠤᠷᠲᠠᠬᠤᠨ ᠤ ᠣᠭᠲᠠᠷᠭᠤᠢ ᠶᠢ ᠭᠡᠷᠡᠯᠲᠦᠭᠦᠯᠦᠭᠰᠡᠨ ᠪᠥᠭᠡᠳ ᠬᠥᠮᠥᠰ ᠤᠨ ᠤᠷᠤᠭᠰᠢᠯᠠᠬᠤ ᠵᠠᠮ ᠢ ᠴᠦ ᠭᠡᠶᠢᠭᠦᠯᠪᠡ᠃            ᠰᠠᠶᠢᠬᠠᠨ ᠲᠣᠭᠤᠷᠢᠭ ᠲᠤᠰ ᠤᠳᠠᠭᠠᠨ ᠤ ᠠᠵᠢᠯᠯᠠᠭ᠎ᠠ ᠶᠢ ᠭᠤᠣᠯᠯᠠᠨ ᠡᠷᠬᠢᠯᠡᠭᠰᠡᠨ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠶᠣᠰᠣ ᠰᠤᠷᠲᠠᠬᠤᠨ ᠤ ᠵᠢᠱᠢᠶᠡᠴᠢ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠠᠷ ᠳᠠᠮᠵᠢᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠢ ᠣᠯᠠᠨ ᠠᠮᠢᠳᠤᠯᠢᠭ ᠵᠢᠱᠢᠶ᠎ᠡ ᠪᠠᠷ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠭᠦᠨᠵᠡᠭᠡᠢ ᠠᠭᠤᠯᠤᠭᠳᠠᠬᠤᠨ ᠢ ᠳᠠᠮᠵᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠠ ᠥᠷᠲᠡᠭ ᠤᠨ ᠦᠵᠡᠯᠲᠡ ᠶᠢ ᠪᠣᠶ ᠪᠣᠯᠭᠠᠪᠠ᠃ ᠡᠳᠡᠭᠡᠷ ᠠᠵᠢᠯᠯᠠᠭ᠎ᠠ ᠨᠢ ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠨᠡᠶᠢᠭᠡᠮ ᠳᠠᠶᠠᠭᠠᠷ ᠲᠤ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠦᠭᠰᠡᠨ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠭᠰᠠᠨ ᠪᠠᠶᠢᠨ᠎ᠠ᠃            ᠬᠤᠶᠢᠰᠢᠳᠠ᠂ ᠰᠠᠶᠢᠬᠠᠨ ᠲᠣᠭᠤᠷᠢᠭ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠰᠡᠳᠬᠢᠴᠡ ᠪᠠ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠷᠭ᠎ᠠ ᠵᠠᠮ ᠪᠠ ᠠᠴᠢᠶᠠᠯᠠᠪᠤᠷᠢ ᠶᠢ ᠥᠷᠭᠡᠳᠬᠡᠵᠦ᠂ ᠶᠣᠰᠣ ᠰᠤᠷᠲᠠᠬᠤᠨ ᠤ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃ ᠡᠭᠦᠨ ᠤ ᠬᠠᠮᠲᠤ᠂ ᠠᠵᠢᠯᠯᠠᠭ᠎ᠠ ᠶᠢᠨ ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠠᠩ ᠣᠯᠠᠨ ᠬᠡᠯᠪᠡᠷᠢ ᠪᠠᠷ ᠣᠯᠠᠨ ᠶᠠᠩᠵᠤ ᠶᠢᠨ᠂ ᠠᠭᠤᠯᠭ᠎ᠠ ᠪᠠᠷ ᠪᠠᠶᠠᠯᠢᠭ ᠵᠢᠱᠢᠶᠡᠴᠢ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠬᠠᠮᠲᠤᠯᠢᠭ ᠤᠨ ᠣᠯᠠᠨ ᠲᠦᠮᠡᠨ ᠳᠤ ᠴᠥᠮ ᠰᠤᠷᠤᠯᠴᠠᠬᠤ ᠦᠯᠢᠭᠡᠷ ᠳᠠᠭᠤᠷᠢᠶᠠᠯ ᠪᠠ ᠠᠵᠢᠯᠯᠠᠭᠠᠨ ᠤ ᠬᠡᠪ ᠳᠠᠭᠤᠷᠢᠶᠠᠯ ᠢ ᠣᠯᠭᠤᠵᠤ᠂ ᠨᠡᠶᠢᠭᠡᠮ ᠤᠨ ᠬᠡᠪ ᠰᠤᠷᠲᠠᠯ ᠤᠨ ᠦᠷᠭᠦᠯᠵᠢᠯᠡᠨ ᠰᠠᠶᠢᠵᠢᠷᠠᠯᠲᠠ ᠪᠠ ᠪᠣᠯᠪᠠᠰᠤᠨ ᠤ ᠬᠡᠮᠵᠢᠶ᠎ᠡ ᠶᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠬᠠᠮᠲᠤ ᠪᠠᠷ ᠠᠬᠢᠭᠤᠯᠤᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号