| ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ | ᠲᠡᠷᠢᠭᠦᠯᠡᠭᠴᠢ ᠭᠦᠸᠧ ᠵᠢᠩ ᠯᠢ | | ᠠᠭᠤᠯᠭ᠎ᠠ ᠶᠢᠨ ᠲᠣᠪᠴᠢ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ | ᠬᠥᠭᠵᠢᠯᠲᠡ ᠶᠢᠨ ᠬᠥᠲᠥᠯᠪᠦᠷᠢ ︵2021 - 2030 ᠣᠨ︶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠳᠤᠮᠳᠠᠬᠢ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠮᠥᠨ᠃ | ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠬᠦ ᠨᠢ ᠮᠠᠨ ᠤ | ᠣᠷᠣᠨ ᠤ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ᠂ ᠬᠡᠦᠬᠡᠳ ᠢ ᠤᠷᠢᠳ ᠢᠶᠠᠷ | ᠪᠣᠳᠣᠯᠬᠢᠯᠠᠬᠤ ᠦᠨᠳᠦᠰᠦᠨ ᠵᠠᠷᠴᠢᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ | ᠬᠡᠦᠬᠡᠳ ᠤᠳ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠡᠮᠡᠭᠲᠡᠶᠢᠴᠦᠳ ᠬᠡᠦᠬᠡᠳ ᠤᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠪᠥᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ | ᠦᠢᠯᠡᠰ ᠤᠨ ᠰᠢᠨ᠎ᠡ ᠴᠠᠭ ᠦᠶ᠎ᠡ ᠳᠤ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ | ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | ᠲᠡᠮᠳᠡᠭᠯᠡᠯ | ᠬᠥᠲᠥᠯᠥᠭᠴᠢ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠᠨ ᠪᠦᠬᠦᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ︾ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠲᠣᠰ | ᠬᠤᠭᠤᠴᠠᠭᠠᠨ ᠤ ᠫᠷᠣᠭ᠍ᠷᠠᠮ ᠳᠤ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ | ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ | ᠵᠢᠩ ᠯᠢ ᠶᠢ ᠤᠷᠢᠯ᠎ᠠ᠃ ᠭᠦᠸᠧ ᠲᠡᠷᠢᠭᠦᠯᠡᠭᠴᠢ ᠠ᠋᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠬᠥᠲᠥᠯᠥᠭᠴᠢ ᠰᠠᠶᠢᠨ ᠤᠤ︕ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ | ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠪᠠᠨ ᠥᠨᠥᠳᠥᠷ ᠤᠨ ᠭᠤᠣᠯ | ᠰᠡᠳᠦᠪ ᠢᠶᠠᠨ ᠶᠠᠷᠢᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠲᠠ ᠪᠦᠬᠦᠨ ᠤ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ | ᠲᠠᠯᠠᠷᠬᠠᠵᠤ ᠪᠠᠶᠢᠨ᠎ᠠ᠃ | | ᠬᠥᠲᠥᠯᠥᠭᠴᠢ | ᠭᠦᠸᠧ ᠲᠡᠷᠢᠭᠦᠯᠡᠭᠴᠢ ᠠ᠋᠂ ᠥᠨᠥᠳᠥᠷ ᠲᠠᠨ ᠲᠠᠢ ᠶᠠᠷᠢᠯᠴᠠᠬᠤ ᠭᠡᠵᠦ ᠪᠠᠶᠢᠭ᠎ᠠ ᠰᠡᠳᠦᠪ ᠪᠣᠯ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ︾ ᠪᠣᠯᠣᠨ᠎ᠠ᠃ | ᠶᠠᠭᠤᠨ ᠤ ᠲᠡᠷᠢᠭᠦᠨ ᠳᠤ ᠪᠢ ᠥᠪᠡᠷᠲᠡᠭᠡᠨ ᠡᠨᠡ ᠰᠡᠳᠦᠪ ᠢ ᠶᠡᠭᠡ ᠰᠣᠨᠢᠷᠬᠠᠳᠠᠭ᠂ ᠡᠮᠡᠭᠲᠡᠶᠢᠴᠦᠳ ᠬᠡᠦᠬᠡᠳ ᠤᠳ ᠤᠨ | ᠡᠷᠬᠡ ᠠᠰᠢᠭ ᠤᠨ ᠬᠠᠮᠠᠭᠠᠯᠠᠯᠲᠠ ᠨᠢ ᠭᠡᠷ ᠪᠦᠯᠢ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠵᠠᠷᠢᠮ ᠬᠡᠮᠵᠢᠶᠡᠨ ᠳᠤ | ᠨᠢᠭᠡ ᠭᠡᠷ ᠪᠦᠯᠢ ᠶᠢᠨ ᠵᠣᠯ ᠵᠢᠷᠭᠠᠯ ᠲᠠᠢ ᠪᠠᠶᠢᠬᠤ ᠡᠰᠡᠬᠦ᠂ ᠵᠣᠯ ᠵᠢᠷᠭᠠᠯ ᠤᠨ ᠬᠡᠮᠵᠢᠶ᠎ᠡ ᠥᠨᠳᠥᠷ ᠡᠰᠡᠬᠦ ᠳᠤ | ᠡᠮᠡᠭᠲᠡᠶᠢᠴᠦᠳ ᠬᠡᠦᠬᠡᠳ ᠤᠳ ᠤᠨ ᠬᠠᠨᠤᠮᠵᠢ ᠶᠢᠨ ᠬᠡᠮᠵᠢᠶ᠎ᠡ ᠲᠤᠶᠢᠯ ᠤᠨ ᠴᠢᠬᠤᠯᠠ ᠬᠤᠯᠪᠤᠭ᠎ᠠ ᠲᠠᠢ ᠪᠠᠶᠢᠳᠠᠭ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠦᠨᠡᠨ ᠳᠤ ᠪᠠᠨ ᠨᠠᠮ ᠪᠠ ᠵᠠᠰᠠᠭ ᠤᠨ ᠣᠷᠳᠣᠨ ᠡᠮᠡᠭᠲᠡᠶᠢᠴᠦᠳ ᠬᠡᠦᠬᠡᠳ ᠤᠳ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠬᠥᠭᠵᠢᠭᠦᠯᠬᠦ ᠶᠢ ᠨᠠᠮ ᠪᠠ | ᠤᠯᠤᠰ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠪᠣᠯᠭᠠᠭᠰᠠᠭᠠᠷ ᠢᠷᠡᠭᠰᠡᠨ ᠶᠤᠮ᠃ ᠡᠮᠡᠭᠲᠡᠶᠢᠴᠦᠳ | ᠬᠡᠦᠬᠡᠳ ᠤᠳ ᠪᠣᠯ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠬᠦᠷᠲᠡᠬᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠦᠴᠦᠨ᠂ | ᠮᠥᠨ ᠴᠤ ᠠᠮᠢᠳᠤ ᠬᠦᠴᠦᠨ ᠨᠢ ᠶᠤᠮ᠂ ᠡᠮᠡᠭᠲᠡᠶᠢᠴᠦᠳ ᠢ ᠬᠦᠨᠳᠦᠳᠬᠡᠵᠦ ᠬᠡᠦᠬᠡᠳ ᠤᠳ ᠢ ᠬᠠᠯᠠᠮᠵᠢᠯᠠᠨ | ᠬᠠᠶᠢᠷᠠᠯᠠᠬᠤ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ᠂ ᠡᠮᠡᠭᠲᠡᠶᠢᠴᠦᠳ | ᠬᠡᠦᠬᠡᠳ ᠤᠳ ᠤᠨ ᠬᠥᠭᠵᠢᠯᠲᠡ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ | ᠠᠭᠤᠯᠭ᠎ᠠ ᠮᠥᠨ᠃ | | ᠬᠥᠲᠥᠯᠥᠭᠴᠢ | ᠪᠢᠳᠡᠨ ᠤ ᠮᠡᠳᠡᠭᠡᠵᠢ ᠪᠠᠷ᠂ 2011 - 2020 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠠᠯᠢ ᠣᠯᠠᠨ ᠰᠠᠶᠢᠨ ᠠᠷᠭ᠎ᠠ ᠬᠡᠮᠵᠢᠶ᠎ᠡ ᠰᠠᠶᠢᠨ ᠲᠥᠷᠥ ᠶᠢᠨ ᠪᠣᠳᠣᠯᠭ᠎ᠠ ᠨᠤᠭᠤᠳ ᠢ ᠨᠡᠶᠢᠲᠡᠯᠡᠨ | ᠬᠡᠷᠡᠭᠵᠢᠭᠦᠯᠵᠦ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠢ ᠬᠠᠮᠠᠭᠠᠯᠠᠭᠰᠠᠭᠠᠷ ᠢᠷᠡᠯ᠎ᠡ᠂ ᠲᠡᠭᠡᠪᠡᠯ ᠡᠨᠡ 10 | ᠵᠢᠯ ᠤᠨ ᠲᠤᠷᠰᠢ ᠬᠢᠷᠢ ᠵᠡᠷᠭᠡ ᠦᠷ᠎ᠡ ᠪᠦᠲᠦᠮᠵᠢ ᠣᠯᠣᠭᠰᠠᠨ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠶᠡᠷᠡᠭᠡᠳ ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ | ᠭᠤᠷᠪᠠᠨ ᠦᠶᠡᠯᠡᠯ ᠤᠨ ᠬᠤᠭᠤᠴᠠᠭᠠᠨ ᠤ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ | ᠪᠡᠶᠡᠯᠡᠭᠦᠯᠦᠨ ᠬᠡᠷᠡᠭᠵᠢᠭᠦᠯᠵᠦ᠂ 30 ᠵᠢᠯ ᠤᠨ ᠲᠤᠷᠰᠢ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠢ | ᠬᠠᠮᠠᠭᠠᠯᠠᠬᠤ ᠳᠤ ᠴᠢᠬᠤᠯᠠ ᠪᠠᠲᠤᠯᠠᠭ᠎ᠠ ᠬᠠᠩᠭᠠᠵᠠᠢ᠃ ᠢᠯᠠᠩᠭᠤᠶ᠎ᠠ 2011 - 2020 ᠣᠨ ᠳᠤ ︽ᠬᠤᠶᠠᠷ | ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ | ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠬᠢᠨᠠᠮᠠᠭᠠᠢ ᠲᠤᠭᠤᠰᠢᠯᠠᠭᠤᠯᠤᠨ᠂ ᠡᠮᠡᠭᠲᠡᠶᠢᠴᠦᠳ | ᠬᠡᠦᠬᠡᠳ ᠤᠳ ᠤᠨ ᠦᠢᠯᠡᠰ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠴᠢᠬᠤᠯᠠ | ᠪᠠᠶᠢᠷᠢᠨ ᠳᠤ ᠲᠠᠯᠪᠢᠵᠤ᠂ ︽ᠬᠤᠶᠠᠷ ᠬᠥᠲᠥᠯᠪᠦᠷᠢ︾ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ | ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠬᠥᠭᠵᠢᠯᠲᠡ᠂ ᠬᠡᠦᠬᠡᠳ ᠤᠳ ᠤᠨ ᠪᠤᠶᠢᠵᠢᠯᠲᠠ ᠶᠢᠨ ᠣᠷᠴᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠰᠢᠨ᠎ᠡ ᠠᠮᠵᠢᠯᠲᠠ | ᠣᠯᠪᠠ᠃ | ᠨᠢᠭᠡ᠂ ᠡᠮᠡᠭᠲᠡᠶᠢᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠨ ᠬᠥᠭᠵᠢᠭᠦᠯᠵᠡᠢ᠃ | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ | ᠡᠮᠡᠭᠲᠡᠶᠢᠴᠦᠳ ᠤᠨ ᠬᠥᠮᠥᠨ ᠳᠤᠮᠳᠠᠴᠢ ᠶᠢᠨ ᠵᠢᠱᠢᠯᠲᠡ ᠨᠠᠰᠤᠨ ᠬᠤᠲᠤᠭ 80.45 ᠨᠠᠰᠤᠨ ᠳᠤ ᠬᠦᠷᠴᠦ᠂ | 2010 ᠣᠨ ᠤ ᠬᠢ ᠠᠴᠠ 3.18 ᠨᠠᠰᠤ ᠥᠨᠳᠥᠷ ᠪᠣᠯᠪᠠ᠃ ᠡᠮᠡᠭᠲᠡᠶᠢᠴᠦᠳ ᠤᠨ ᠰᠤᠷᠭᠠᠨ ᠬᠥᠮᠦᠵᠢᠯ | ᠬᠦᠷᠲᠡᠭᠰᠡᠨ ᠬᠡᠮᠵᠢᠶ᠎ᠡ ᠲᠠᠰᠤᠷᠠᠯᠳᠠ ᠦᠭᠡᠢ ᠳᠡᠭᠡᠭᠰᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠪᠠᠶᠢᠭ᠎ᠠ ᠡᠮᠡᠭᠲᠡᠢ ᠰᠤᠷᠤᠬᠴᠢ ᠶᠢᠨ ᠬᠠᠷᠢᠴᠠᠯ51.73% ᠶᠢ ᠡᠵᠡᠯᠡᠵᠦ᠂ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠳᠤ ᠪᠠᠶᠢᠭ᠎ᠠ ᠡᠮᠡᠭᠲᠡᠢ ᠰᠤᠷᠤᠬᠴᠢ ᠶᠢᠨ ᠬᠠᠷᠢᠴᠠᠯ 51.95% ᠶᠢ ᠡᠵᠡᠯᠡᠵᠦ ᠪᠠᠶᠢᠨ᠎ᠠ᠃ | ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠶᠢᠨ ᠨᠤᠷᠮ᠎ᠠ | ᠮᠡᠳᠡᠭᠳᠡᠬᠦᠶᠢᠴᠡ ᠳᠡᠭᠡᠭᠰᠢᠯᠡᠵᠦ᠂ ᠡᠮᠡᠭᠲᠡᠶᠢᠴᠦᠳ ᠤᠨ ᠠᠵᠢᠯ ᠣᠯᠬᠤ ᠠᠷᠭ᠎ᠠ ᠵᠠᠮ ᠨᠢ ᠲᠠᠰᠤᠷᠠᠯᠳᠠ ᠦᠭᠡᠢ | ᠥᠷᠭᠡᠳᠴᠦ᠂ ᠬᠥᠳᠡᠯᠮᠦᠷᠢ ᠠᠵᠢᠯ ᠣᠯᠭᠤᠯᠲᠠ ᠶᠢᠨ ᠡᠷᠬᠡ ᠠᠳᠠᠯᠢ ᠲᠡᠭᠰᠢ ᠪᠠᠲᠤᠯᠠᠭ᠎ᠠ ᠲᠠᠢ ᠪᠣᠯᠵᠠᠢ᠃ | ᠡᠮᠡᠭᠲᠡᠶᠢᠴᠦᠳ ᠤᠨ ᠠᠷᠠᠳᠴᠢᠯᠠᠭᠰᠠᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ | ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢᠯᠡᠳᠲᠡ ᠴᠢᠩᠭᠠᠷᠠᠵᠤ᠂ ᠡᠮᠡᠭᠲᠡᠶᠢᠴᠦᠳ ᠤᠨ ᠠᠰᠠᠷᠠᠮᠵᠢ ᠶᠢᠨ | ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠥᠷᠭᠡᠨ ᠤᠯᠠᠨ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ ᠵᠣᠯ | ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃ | ᠬᠤᠶᠠᠷ᠂ ᠥᠷᠭᠡᠨ ᠤᠯᠠᠨ ᠪᠠᠭᠠᠴᠤᠳ ᠬᠡᠦᠬᠡᠳ ᠤᠳ ᠡᠷᠡᠭᠦᠯ ᠢᠶᠠᠷ ᠦᠰᠦᠨ ᠪᠣᠶᠢᠵᠢᠵᠤ ᠪᠣᠢ᠃ | ᠬᠡᠦᠬᠡᠳ ᠤᠳ ᠤᠨ ᠡᠷᠡᠭᠦᠯ ᠮᠡᠨᠳᠤ ᠪᠦᠬᠦ ᠲᠠᠯ᠎ᠠ ᠪᠠᠲᠤᠯᠠᠭ᠎ᠠ ᠲᠠᠢ ᠪᠣᠯᠵᠤ᠂ ᠨᠢᠯᠬ᠎ᠠ ᠬᠡᠦᠬᠡᠳ ᠤᠨ ᠦᠬᠦᠯ ᠤᠨ | ᠨᠤᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠨᠢ 2010 ᠣᠨ ᠤ ᠬᠢ ᠠᠴᠠ | ᠳᠤᠰ ᠳᠤᠰ 71.1% ᠪᠠ 71.2% ᠢᠶᠠᠷ ᠪᠠᠭᠤᠷᠠᠵᠤ᠂ ᠬᠡᠦᠬᠡᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ | ᠤᠯᠠᠨ ᠡᠭᠦᠰᠳᠡᠭ ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠪᠠ᠃ ᠬᠡᠦᠬᠡᠳ ᠤᠳ ᠤᠨ ᠰᠤᠷᠭᠠᠨ ᠬᠥᠮᠦᠵᠢᠯ | ᠬᠦᠷᠲᠡᠭᠰᠡᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ 2010 ᠣᠨ ᠤ ᠬᠢ ᠠᠴᠠ 38.7 ᠵᠠᠭᠤᠨ ᠤ ᠴᠡᠭ | ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠶᠠᠳᠠᠭᠤ | ᠬᠦᠴᠢᠷᠳᠡᠯᠲᠡᠢ ᠠᠴᠠ ᠪᠣᠯᠵᠤ ᠰᠤᠷᠤᠯᠭ᠎ᠠ ᠪᠠᠨ ᠲᠤᠷᠭᠤᠨ ᠵᠣᠭᠰᠤᠬᠤ ᠪᠠᠶᠢᠳᠠᠯ ᠢ ᠬᠥᠳᠡᠯᠦᠩᠭᠦᠢ ᠪᠠᠷ ᠦᠭᠡᠢ | ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ ᠨᠤᠷᠮ᠎ᠠ | 94.63% ᠳᠤ ᠬᠦᠷᠴᠡᠢ᠃ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠷᠡᠭᠦᠯᠪᠡ᠃ | | ᠬᠥᠲᠥᠯᠥᠭᠴᠢ | ᠭᠦᠸᠧ ᠲᠡᠷᠢᠭᠦᠯᠡᠭᠴᠢ ᠠ᠋᠂ ᠲᠠᠨ ᠤ ᠰᠠᠶ᠋ᠢ ᠶᠢᠨ ᠵᠢᠭᠰᠠᠭᠠᠭᠰᠠᠨ ᠲᠡᠷᠡ ᠤᠯᠠᠨ ᠲᠤᠭ᠎ᠠ ᠪᠠᠷᠢᠮᠲᠠ ᠨᠤᠭᠤᠳ | ᠵᠢᠴᠢ ᠪᠢᠳᠡᠨ ᠤ ᠳᠡᠷᠭᠡᠳᠡᠬᠢ ᠠᠯᠢ ᠤᠯᠠᠨ ᠬᠤᠪᠢᠷᠠᠯᠲᠠ ᠨᠤᠭᠤᠳ᠂ ᠵᠢᠱᠢᠶᠡᠯᠡᠪᠡᠯ ᠡᠮᠡᠭᠲᠡᠶᠢᠴᠦᠳ ᠤᠨ ᠨᠡᠶᠢᠭᠡᠮ ᠤᠨ | ᠡᠯ᠎ᠡ ᠬᠦᠷᠢᠶ᠎ᠡ ᠡᠯ᠎ᠡ ᠠᠵᠢᠯ ᠲᠦᠷᠦᠯ ᠳᠠᠬᠢ ᠣᠷᠤᠯᠴᠠᠯᠭ᠎ᠠ ᠶᠢᠨ ᠬᠡᠮᠵᠢᠶ᠎ᠡ᠂ ᠬᠡᠦᠬᠡᠳ ᠤᠳ ᠤᠨ ᠰᠤᠷᠭᠠᠨ ᠬᠥᠮᠦᠵᠢᠯ | ᠬᠦᠷᠲᠡᠬᠦ ᠲᠦᠪᠰᠢᠨ ᠵᠡᠷᠭᠡ ᠠᠴᠠ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠦᠨᠡᠨ ᠬᠦ ᠣᠯᠵᠤ ᠬᠠᠷᠠᠨ᠎ᠠ᠃ ᠲᠡᠭᠡᠪᠡᠯ 2021 ᠣᠨ ᠠᠴᠠ ᠡᠬᠢᠯᠡᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠡᠬᠢᠯᠡᠯᠲᠡ᠂ ᠰᠢᠨ᠎ᠡ ᠴᠠᠭ ᠦᠶ᠎ᠡ ᠨᠢ ᠮᠠᠨ ᠤ ᠣᠷᠣᠨ ᠤ ᠡᠮᠡᠭᠲᠡᠶᠢᠴᠦᠳ | ᠬᠡᠦᠬᠡᠳ ᠤᠳ ᠤᠨ ᠦᠢᠯᠡᠰ ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠂ ᠡᠨᠡ ᠬᠦ ᠰᠢᠨ᠎ᠡ ︽ᠬᠤᠶᠠᠷ | ᠬᠥᠲᠥᠯᠪᠦᠷᠢ︾ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠᠶᠢᠬᠤ ᠪᠤᠢ᠂ ᠥᠭᠡᠷ᠎ᠡ ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ | ᠪᠠ ᠣᠨᠴᠠᠯᠢᠭ ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠰᠢᠨ᠎ᠡ ᠴᠠᠭ ᠦᠶ᠎ᠡ ᠳᠤ ᠬᠠᠨᠳᠤᠨ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ᠂ ᠬᠡᠦᠬᠡᠳ᠂ ᠭᠡᠷ | ᠪᠦᠯᠢ ᠶᠢᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠤᠨ ᠰᠢᠨ᠎ᠡ ︽ᠬᠤᠶᠠᠷ | ᠬᠥᠲᠥᠯᠪᠦᠷᠢ︾ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ | ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 - 2030 ᠣᠨ︶ ᠶᠢ ᠨᠠᠶᠢᠷᠠᠭᠤᠯᠤᠨ | ᠵᠣᠬᠢᠶᠠᠵᠤ᠂ ᠢᠷᠡᠭᠡᠳᠦᠢ ᠶᠢᠨ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ | ᠬᠥᠭᠵᠢᠯᠲᠡ ᠳᠤ ᠪᠥᠬᠦ ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠦᠪᠵᠢᠭᠦᠯᠭᠡ ᠬᠢᠪᠡ᠃ | ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠲᠣᠰ ᠪᠦᠷᠢ 4 ᠬᠡᠰᠡᠭ ᠢᠶᠠᠷ | ᠪᠦᠷᠢᠯᠳᠦᠪᠡ᠃ ᠨᠢᠭᠡ ᠳᠤ ︽ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ︾︔ | ᠬᠤᠶᠠᠷ ᠲᠤ ︽ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ︾︔ | ᠭᠤᠷᠪᠠ ᠳᠤ ︽ᠵᠣᠬᠢᠶᠠᠨ ᠪᠠᠶᠢᠭᠤᠯᠤᠯᠲᠠ ᠬᠡᠷᠡᠭᠵᠢᠭᠦᠯᠦᠯᠲᠡ︾︔ ᠳᠥᠷᠪᠡ ᠳᠤ ︽ᠬᠢᠨᠠᠨ ᠬᠡᠮᠵᠢᠯᠲᠡ ᠦᠨᠡᠯᠡᠯᠲᠡ | ᠵᠢᠱᠢᠯᠲᠡ︾ ᠪᠣᠯᠣᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ᠳᠤ ᠭᠤᠣᠯᠳᠠᠭᠤ ᠡᠮᠡᠭᠲᠡᠶᠢᠴᠦᠳ | ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ ᠠᠬᠤᠢ᠂ ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ᠂ | ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠬᠦᠴᠡᠯ᠂ ᠬᠠᠤᠯᠢ ᠴᠠᠭᠠᠵᠠ ᠵᠡᠷᠭᠡ 8 | ᠬᠦᠷᠢᠶ᠎ᠡ ᠶᠢᠨ ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠡᠭᠦᠷᠭᠡ ᠪᠠ 97 ᠵᠦᠢᠯ ᠤᠨ ᠠᠷᠭ᠎ᠠ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠢ᠃ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠳᠤ ᠭᠤᠣᠯᠳᠠᠭᠤ | ᠬᠡᠦᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠭᠡᠷ ᠪᠦᠯᠢ᠂ ᠣᠷᠴᠢᠨ | ᠨᠥᠬᠦᠴᠡᠯ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ | ᠭᠤᠣᠯ ᠬᠠᠷᠠᠯᠲᠠ ᠡᠭᠦᠷᠭᠡ ᠪᠠ 91 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨ᠎ᠡ | ︽ᠬᠤᠶᠠᠷ ᠬᠥᠲᠥᠯᠪᠦᠷᠢ︾ ᠶᠢᠨ ᠲᠣᠭᠲᠠᠯᠴᠠᠭ᠎ᠠ ᠶᠢᠨ ᠪᠦᠷᠢᠨ ᠲᠥᠬᠦᠷ ᠴᠢᠨᠠᠷ ᠪᠠ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠦᠷᠭᠦᠯᠵᠢᠯᠡᠯ ᠴᠢᠨᠠᠷ ᠢ ᠢᠯᠡᠷᠡᠭᠦᠯᠪᠡ᠃ | ᠬᠤᠷᠢᠶᠠᠩᠭᠤᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠳᠠᠷᠠᠭᠠᠬᠢ | ᠮᠡᠲᠦ ᠶᠢᠨ ᠣᠨᠴᠠᠯᠢᠭ ᠪᠠ ᠬᠢᠯᠠᠰ ᠴᠡᠭ ᠤᠳ ᠲᠠᠢ᠃ | ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ | ᠬᠡᠦᠬᠡᠳ ᠤᠳ ᠤᠨ ᠦᠢᠯᠡᠰ ᠤᠨ ᠵᠥᠪ ᠴᠢᠭᠯᠡᠯ ᠢ ᠪᠠᠲᠤᠯᠠᠵᠠᠢ᠃ ᠰᠢᠨ᠎ᠡ ︽ᠬᠤᠶᠠᠷ ᠬᠥᠲᠥᠯᠪᠦᠷᠢ︾ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ | ᠦᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠤᠳᠤᠷᠢᠳᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ | ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠠᠢ᠃ | ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠪᠠ᠃ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ︽ᠬᠤᠶᠠᠷ ᠬᠥᠲᠥᠯᠪᠦᠷᠢ︾ ᠳᠤ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠡᠷ ᠪᠦᠯᠢ ᠶᠢᠨ ᠪᠦᠷᠢᠯᠳᠦᠭᠦᠨ ᠤ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠨᠢ ᠠᠬᠢᠭᠤᠯᠵᠤ᠂ | ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠤᠨ | ᠰᠡᠳᠬᠢᠯ ᠳᠤ ᠪᠠᠲᠤ ᠦᠨᠳᠦᠰᠦᠯᠡᠭᠦᠯᠬᠦ ᠶᠢ ᠠᠬᠢᠭᠤᠯᠬᠤ ᠶᠢ ᠲᠣᠪᠣᠶᠢᠮ᠎ᠠ ᠴᠢᠬᠤᠯᠠᠴᠢᠯᠠᠵᠠᠢ᠃ ︽ᠡᠮᠡᠭᠲᠡᠶᠢᠴᠦᠳ ᠤᠨ | ᠬᠥᠲᠥᠯᠪᠦᠷᠢ︾ ᠳᠤ᠂ ᠡᠮᠡᠭᠲᠡᠶᠢᠴᠦᠳ ᠢ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠠᠮ ᠤᠨ | ᠦᠭᠡ ᠶᠢ ᠡᠷᠡᠰ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠬᠡᠦᠬᠡᠳ ᠤᠨ | ᠬᠥᠲᠥᠯᠪᠦᠷᠢ︾ ᠳᠤ᠂ ᠶᠣᠰᠣ ᠮᠣᠷᠠᠯ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ | ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠥᠨ ᠢ | ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠭᠤᠷᠪᠠ ᠳᠤ᠂ ᠠᠷᠠᠳ ᠲᠦᠮᠡᠨ ᠢᠶᠠᠨ ᠳᠡᠭᠡᠳᠦᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ᠂ ᠬᠡᠦᠬᠡᠳ ᠤᠨ ᠭᠤᠣᠯ | ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠥᠨ ᠤ | ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ ᠢᠶᠠᠷ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠡᠬᠢᠯᠡᠯ ᠪᠠ ᠵᠣᠭᠰᠣᠴᠠ ᠪᠣᠯᠭᠠᠵᠤ᠂ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠢ᠂ ᠰᠢᠢᠳᠪᠦᠷᠢᠲᠦ ᠪᠣᠳᠣᠯᠭ᠎ᠠ | ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠬᠦᠴᠡᠯ᠂ ᠠᠮᠤᠷ | ᠲᠦᠪᠰᠢᠨ᠂ ᠬᠠᠤᠯᠢ ᠴᠠᠭᠠᠵᠠ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠠᠢ᠃ ᠬᠥᠲᠥᠯᠪᠦᠷᠢ ᠳᠤ ᠪᠠᠰᠠ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠬᠢᠭᠡᠳ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ | ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠤ ᠡᠮᠡᠭᠲᠡᠶᠢᠴᠦᠳ ᠬᠡᠦᠬᠡᠳ ᠤᠳ ᠢ ᠵᠡᠷᠭᠡᠪᠡᠷ | ᠲᠡᠩᠴᠡᠭᠦᠷᠢᠲᠡᠢ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ ᠢ ᠪᠦᠬᠦ ᠲᠠᠯ᠎ᠠ ᠪᠠᠷ ᠪᠦᠬᠦ | ᠶᠠᠪᠤᠴᠠ ᠪᠠᠷ ᠶᠡᠷᠦᠩᠬᠡᠶᠢᠯᠡᠭᠰᠡᠨ ᠬᠠᠮᠠᠭᠠᠯᠠᠬᠤ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ | ᠤᠯᠠᠨ ᠡᠮᠡᠭᠲᠡᠶᠢᠴᠦᠳ ᠬᠡᠦᠬᠡᠳ ᠤᠳ ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃ | ᠳᠥᠷᠪᠡ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠦᠴᠦᠨ | ᠴᠢᠳᠠᠯ ᠢ ᠭᠦᠢᠴᠡᠳ ᠪᠠᠳᠠᠷᠠᠭᠤᠯᠵᠠᠢ᠃ ᠰᠢᠨ᠎ᠡ ︽ᠬᠤᠶᠠᠷ ᠬᠥᠲᠥᠯᠪᠦᠷᠢ︾ ᠨᠢ ᠶᠡᠷᠦᠩᠬᠡᠢ ᠱᠦᠵᠢ ᠰᠢ ᠶᠢᠨ ᠫᠢᠩ ᠪᠠ | ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠬᠢᠭᠡᠳ ᠠᠵᠢᠯᠯᠠᠭᠠᠨ ᠤ ᠬᠥᠲᠥᠯᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠠᠯᠬᠠᠪᠴᠢ︾᠂ | ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠢᠯᠢ ᠬᠢᠵᠠᠭᠠᠷ ᠤᠨ | ᠠᠮᠤᠷ ᠲᠣᠭᠲᠠᠭᠤᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ | ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠬᠦ ᠶᠢ ᠴᠢᠬᠤᠯᠠᠴᠢᠯᠠᠵᠠᠢ᠃ ᠬᠥᠲᠥᠯᠪᠦᠷᠢ ᠳᠤ ᠪᠠᠰᠠ᠂ ᠡᠮᠡᠭᠲᠡᠶᠢᠴᠦᠳ | ᠬᠡᠦᠬᠡᠳ ᠤᠳ ᠤᠨ ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ | ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ | ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠠᠪᠤ ᠳᠤ᠂ ᠳᠤᠲᠠᠭᠳᠠᠯ ᠲᠠᠯ᠎ᠠ ᠪᠠᠨ ᠨᠥᠬᠦᠪᠦᠷᠢᠯᠡᠬᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ | ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ | ᠰᠢᠨ᠎ᠡ ︽ᠬᠤᠶᠠᠷ ᠬᠥᠲᠥᠯᠪᠦᠷᠢ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ | ᠲᠦᠮᠡᠨ ᠤ ᠠᠩᠬᠠᠷᠤᠯ ᠪᠠ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ | ᠣᠷᠣᠨ ᠤ ᠭᠠᠵᠠᠷ ᠣᠷᠣᠨ ᠤ ᠣᠨᠴᠠᠯᠢᠭ ᠪᠠ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ᠂ ᠳᠤᠲᠠᠭᠳᠠᠯ | ᠲᠠᠯ᠎ᠠ ᠪᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠢ ᠵᠦᠢᠯᠡᠰ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠭᠰᠠᠨ | ᠮᠥᠷᠲᠡᠭᠡᠨ ᠪᠠᠰᠠ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠭᠤᠣᠯ ᠭᠦᠢᠴᠡᠳᠬᠡᠯ ᠲᠤᠭ᠎ᠠ ᠶᠢ | ᠲᠣᠳᠣᠷᠬᠠᠶᠢᠯᠠᠭᠰᠠᠨ ᠪᠠᠶᠢᠨ᠎ᠠ᠃ | ᠰᠢᠨ᠎ᠡ︽ᠬᠤᠶᠠᠷ ᠬᠥᠲᠥᠯᠪᠦᠷᠢ︾ ᠳᠤ ︽ᠠᠵᠢᠯ ᠣᠯᠭᠤᠯᠲᠠ ᠳᠤ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ | ᠠᠷᠢᠯᠭᠠᠬᠤ︾ ︽ᠡᠮᠡᠭᠲᠡᠢ ᠴᠢᠳᠠᠪᠤᠷᠢᠲᠠᠳ ᠤᠨ ᠬᠥᠭᠵᠢᠯᠲᠡ ᠶᠢ ᠠᠬᠢᠭᠤᠯᠬᠤ︾ ᠵᠡᠷᠭᠡ ᠬᠠᠷᠠᠯᠲᠠ ᠶᠢ ᠳᠤᠷᠠᠳᠴᠤ᠂ | ᠡᠮᠡᠭᠲᠡᠶᠢᠴᠦᠳ ᠤᠨ ᠬᠥᠲᠥᠯᠪᠦᠷᠢ ᠳᠤ ︽ᠡᠮᠡᠭᠲᠡᠶᠢᠴᠦᠳ ᠬᠢᠭᠡᠳ ᠭᠡᠷ ᠪᠦᠯᠢ ᠶᠢᠨ ᠪᠠᠶᠢᠭᠤᠯᠤᠯᠲᠠ︾ ᠶᠢ ᠨᠡᠮᠡᠨ | ᠣᠷᠣᠭᠤᠯᠵᠤ᠂ ᠬᠡᠦᠬᠡᠳ ᠤᠨ ᠬᠥᠲᠥᠯᠪᠦᠷᠢ ᠳᠤ ︽ᠬᠡᠦᠬᠡᠳ ᠬᠢᠭᠡᠳ ᠭᠡᠷ ᠪᠦᠯᠢ︾ ᠪᠠ ︽ᠬᠡᠦᠬᠡᠳ ᠬᠢᠭᠡᠳ ᠠᠮᠤᠷ | ᠲᠦᠪᠰᠢᠨ︾ ᠵᠡᠷᠭᠡ ᠴᠢᠬᠤᠯᠠ ᠠᠭᠤᠯᠭ᠎ᠠ ᠨᠤᠭᠤᠳ ᠢ ᠨᠡᠮᠡᠪᠡ᠃ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠲᠠᠢ | ᠬᠠᠷᠢᠴᠠᠭᠤᠯᠪᠠᠯ᠂ ᠮᠠᠨ ᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠳᠤ ᠮᠡᠰᠡ ᠵᠠᠰᠠᠯ ᠢᠶᠠᠷ ᠬᠥᠩᠭᠡᠵᠢᠭᠦᠯᠬᠦ ᠶᠢ | ᠬᠢᠵᠠᠭᠠᠷᠯᠠᠬᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ᠂ ᠰᠤᠮᠤ ᠰᠢᠶᠠᠩ ᠪᠠᠯᠭᠠᠰᠤᠨ ᠤ | ᠤᠳᠤᠷᠢᠳᠬᠤ ᠪᠠᠭ ᠲᠤ ᠡᠮᠡᠭᠲᠡᠢ ᠺᠠᠳ᠋ᠷ ᠲᠣᠬᠢᠷᠠᠭᠤᠯᠬᠤ᠂ ᠭᠡᠷ ᠪᠦᠯᠢ ᠶᠢᠨ ᠠᠰᠠᠭᠤᠳᠠᠯ ᠤᠨ ᠰᠤᠳᠤᠯᠭᠠᠨ ᠵᠢᠴᠢ | ᠴᠢᠳᠠᠪᠤᠷᠢ ᠶᠢᠨ ᠪᠠᠶᠢᠭᠤᠯᠤᠯᠲᠠ᠂ ᠪᠣᠬᠢᠷᠲᠤᠯ ᠢ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ | ᠬᠡᠦᠬᠡᠳ ᠤᠨ ᠠᠮᠠᠨ ᠬᠥᠨᠳᠡᠢ ᠶᠢᠨ ᠡᠷᠡᠭᠦᠯᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ︽ᠬᠤᠶᠠᠷ ᠢ | ᠬᠥᠩᠭᠡᠷᠡᠭᠦᠯᠬᠦ︾ ᠵᠡᠷᠭᠡ 8 ᠵᠦᠢᠯ ᠤᠨ ᠭᠦᠢᠴᠡᠳᠬᠡᠯ ᠲᠤᠭ᠎ᠠ ᠶᠢ ᠨᠡᠮᠡᠪᠡ᠃ ᠡᠷᠡᠭᠦᠯ ᠮᠡᠨᠳᠦ᠂ ᠰᠤᠷᠭᠠᠨ ᠬᠥᠮᠦᠵᠢᠯ᠂ | ᠨᠡᠶᠢᠭᠡᠮ ᠤᠨ ᠪᠠᠲᠤᠯᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ | ᠬᠤᠯᠪᠣᠭᠳᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠴᠠᠭ ᠦᠶ᠎ᠡ ᠶᠢᠨ | ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠡᠮᠡᠭᠲᠡᠶᠢᠴᠦᠳ ᠬᠡᠦᠬᠡᠳ ᠤᠳ ᠢ ᠴᠢᠬᠤᠯᠠᠴᠢᠯᠠᠨ | ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠬᠥᠭᠵᠢᠯᠲᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡ ᠪᠠᠷ | ᠤᠷᠤᠭᠰᠢᠯᠠᠭᠰᠠᠨ ᠪᠠᠶᠢᠨ᠎ᠠ᠃ | | ᠬᠥᠲᠥᠯᠥᠭᠴᠢ | ᠭᠦᠸᠧ ᠲᠡᠷᠢᠭᠦᠯᠡᠭᠴᠢ ᠠ᠋᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠡᠨᠡ ᠬᠦ ᠰᠢᠨ᠎ᠡ ︽ᠬᠤᠶᠠᠷ | ᠬᠥᠲᠥᠯᠪᠦᠷᠢ︾ ᠨᠢ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠰᠠᠶᠢᠨ | ᠵᠣᠷ︾ ᠪᠣᠯᠬᠤ ᠪᠠᠷ ᠪᠠᠷᠠᠬᠤ ᠦᠭᠡᠢ᠂ ᠪᠠᠰᠠ ︽ᠪᠠᠷᠢᠯᠭ᠎ᠠ ᠶᠢᠨ ᠵᠢᠷᠤᠭ︾᠂ ᠨᠠᠩ ᠴᠤ ︽ᠠᠵᠢᠯᠯᠠᠭᠠᠨ ᠤ ᠵᠦᠭᠯᠡᠭᠦᠷ︾ | ᠪᠣᠯᠣᠨ᠎ᠠ ᠭᠡᠳᠡᠭ ᠢ ᠮᠡᠳᠡᠯ᠎ᠡ᠂ ᠡᠨᠡ ᠴᠢᠨᠢ ᠬᠥᠮᠥᠰ ᠤᠨ ᠬᠦᠰᠡᠯ ᠡᠷᠡᠮᠡᠯᠵᠡᠯ ᠢ ᠶᠡᠬᠡᠳᠡ ᠲᠠᠲᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠶᠠᠭ ᠲᠡᠶᠢᠮᠦ ᠠ᠋᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠪᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠬᠥᠲᠥᠯᠪᠦᠷᠢ ᠶᠢ ᠡᠮᠡᠭᠲᠡᠶᠢᠴᠦᠳ ᠬᠡᠦᠬᠡᠳ ᠲᠤ ᠠᠰᠢᠭ ᠬᠦᠷᠲᠡᠭᠡᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ ᠳᠤ | ᠪᠠᠰᠠ ᠡᠯ᠎ᠡ ᠱᠠᠲᠤᠨ ᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠳᠠᠷᠠᠭᠠᠴᠢ ᠶᠢᠨ | ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠨᠢ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ | ᠬᠡᠦᠬᠡᠳ ᠤᠳ ᠤᠨ ᠠᠵᠢᠯ ᠤᠨ ᠵᠥᠪᠯᠡᠯ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠤᠳ ᠬᠠᠮᠲᠤᠷᠠᠯᠴᠠᠬᠤ᠂ ᠪᠦᠬᠦ | ᠨᠡᠶᠢᠭᠡᠮ ᠢᠶᠠᠷ ᠢᠶᠠᠨ ᠣᠷᠤᠯᠴᠠᠭᠰᠠᠨ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ | ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃ ᠣᠨ ᠤ ᠬᠠᠷᠠᠯᠲᠠ ᠡᠭᠦᠷᠭᠡ ᠶᠢ ᠨᠠᠷᠢᠯᠢᠭᠵᠢᠭᠤᠯᠵᠤ᠂ ᠤᠬᠠᠭᠤᠯᠭ᠎ᠠ | ᠪᠣᠯᠪᠠᠰᠤᠷᠠᠯ ᠢ ᠴᠢᠩᠭᠠᠳᠬᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠡᠭᠲᠡᠶᠢᠴᠦᠳ | ᠬᠡᠦᠬᠡᠳ ᠤᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠴᠢᠨᠠᠷ ᠰᠠᠶᠢᠲᠠᠢ ᠬᠥᠭᠵᠢᠭᠦᠯᠬᠦ ᠶᠢ | ᠠᠬᠢᠭᠤᠯᠤᠨ᠂ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ ᠥᠭᠴᠦ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ | ᠬᠡᠦᠬᠡᠳ ᠤᠳ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ | | ᠬᠥᠲᠥᠯᠥᠭᠴᠢ | ᠵᠠ᠂ ᠭᠦᠸᠧ ᠲᠡᠷᠢᠭᠦᠯᠡᠭᠴᠢ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ︽ᠬᠤᠶᠠᠷ ᠬᠥᠲᠥᠯᠪᠦᠷᠢ︾ ᠶᠢᠨ ᠲᠤᠬᠠᠢ ᠨᠠᠷᠢᠨ ᠲᠠᠶᠢᠯᠤᠮᠵᠢ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠳᠤ ᠠᠩᠬᠠᠷᠤᠯ | ᠲᠠᠯᠪᠢᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠠᠳᠡ | ᠬᠦᠷᠦᠭᠡᠳ ᠲᠡᠭᠦᠰᠪᠡ᠂ ᠲᠠᠷᠠᠭᠠᠴᠢ ᠶᠢᠨ ᠬᠤᠭᠤᠴᠠᠭᠠᠨ ᠳᠤ ᠳᠠᠬᠢᠭᠠᠳ ᠠᠭᠤᠯᠵᠠᠶ᠎ᠠ︕ |