ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/23
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄            ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠵᠤ᠂ ᠵᠠᠰᠠᠪᠤᠷᠢ ᠣᠷᠣᠭᠤᠯᠤᠭᠰᠠᠨ ᠠᠭᠤᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃            ᠨᠢᠭᠡ᠂ ︽ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 25 ᠳ᠋ᠤᠭᠠᠷ ᠲᠣᠭᠠᠲᠤ︶       ︽ᠨᠢᠭᠡ᠂ ᠬᠠᠮᠵᠢᠯᠴᠠᠬᠤ ᠪᠣᠳᠣᠯᠭ᠎ᠠ ᠶᠢᠨ ᠰᠤᠷᠪᠤᠯᠵᠢ ᠭᠠᠵᠠᠷ ᠢ ᠪᠠᠶᠢᠭᠤᠯᠤᠨ᠎ᠠ︾ ᠬᠡᠰᠡᠭ ᠤᠨ ︽ ︵ᠳᠥᠷᠪᠡ︶ ᠰᠢᠨᠵᠢᠯᠡᠬᠦ ᠤᠬᠠᠭᠠᠨ ᠤ ᠬᠡᠯᠪᠡᠷᠢ ᠶᠢᠨ ᠠᠵᠤ ᠠᠬᠤᠶᠢᠯᠠᠯ ᠪᠠᠶᠢᠭᠤᠯᠬᠤ ᠶᠢ ᠳᠡᠮᠵᠢᠨ᠎ᠡ︾ ᠳᠣᠲᠣᠷᠠᠬᠢ ︽ᠵᠠᠰᠠᠭ ᠤᠨ ᠣᠷᠳᠣᠨ ᠠᠴᠠ ᠵᠢᠯᠣᠭᠤᠳᠤᠨ ᠪᠠᠶᠢᠭᠤᠯᠤᠭᠰᠠᠨ ᠰᠢᠨ᠎ᠡ ᠶᠢ ᠡᠭᠦᠳᠦᠨ ᠦᠢᠯᠡᠰ ᠪᠣᠰᠬᠠᠬᠤ ᠠᠴᠢᠶᠠᠯᠠᠪᠤᠷᠢ ᠶᠢᠨ ᠣᠷᠣᠵᠤ ᠰᠠᠭᠤᠬᠤ ᠶᠢ ᠤᠷᠢᠳᠠᠪᠠᠷ ᠳᠡᠮᠵᠢᠨ᠎ᠡ︾ ᠭᠡᠰᠡᠨ ᠲᠣᠭᠠᠴᠢᠯᠲᠠ ᠶᠢ ︽ᠣᠯᠠᠨ ᠢᠶᠠᠷ ᠦᠢᠯᠡᠰ ᠪᠣᠰᠬᠠᠬᠤ ᠣᠷᠣᠨ ᠵᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠡᠭᠦᠷ ᠵᠡᠷᠭᠡ ᠰᠢᠨ᠎ᠡ ᠶᠢ ᠡᠭᠦᠳᠦᠨ ᠦᠢᠯᠡᠰ ᠪᠣᠰᠬᠠᠬᠤ ᠠᠴᠢᠶᠠᠯᠠᠪᠤᠷᠢ ᠶᠢᠨ ᠣᠷᠣᠵᠤ ᠰᠠᠭᠤᠬᠤ ᠶᠢ ᠳᠡᠮᠵᠢᠨ᠎ᠡ︾ ᠭᠡᠵᠦ ᠵᠠᠰᠠᠨ᠎ᠠ᠃            ᠬᠤᠶᠠᠷ᠂ ︽ᠬᠥᠬᠡᠬᠤᠲᠠ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 26 ᠳ᠋ᠤᠭᠠᠷ ᠲᠣᠭᠠᠲᠤ︶            ︽ᠨᠢᠭᠡ᠂ ᠰᠢᠨ᠎ᠡ ᠶᠢ ᠡᠭᠦᠳᠬᠦ ᠲᠠᠪᠴᠠᠩ ᠪᠠ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠤᠨ᠎ᠠ︾ ᠬᠡᠰᠡᠭ ᠤᠨ ︽︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠨ᠎ᠠ︾ ᠳᠣᠲᠣᠷᠠᠬᠢ ︽︿ᠲᠤᠰᠬᠠᠢ ᠨᠠᠷᠢᠯᠢᠭ ᠣᠨᠴᠠ ᠰᠢᠨ᠎ᠡ﹀ ᠠᠵᠤ ᠠᠬᠤᠶᠢᠯᠠᠯ ᠢ ᠪᠣᠶᠢᠵᠢᠭᠤᠯᠵᠤ᠂ ᠰᠢᠨ᠎ᠡ ᠪᠠᠷ ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ︿ᠲᠤᠰᠬᠠᠢ ᠨᠠᠷᠢᠯᠢᠭ ᠣᠨᠴᠠ ᠰᠢᠨ᠎ᠡ﹀ ᠳᠤᠮᠳᠠ ᠵᠢᠵᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠱᠠᠩᠨᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︿ᠵᠢᠵᠢᠭ ᠠᠪᠤᠷᠭᠤ ᠬᠥᠮᠥᠨ﹀ ᠠᠵᠤ ᠠᠬᠤᠶᠢᠯᠠᠯ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︿ᠵᠢᠵᠢᠭ ᠠᠪᠤᠷᠭᠤ ᠬᠥᠮᠥᠨ﹀ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠱᠠᠩᠨᠠᠨ᠎ᠠ᠃︾ ᠭᠡᠰᠡᠨ ᠲᠣᠭᠠᠴᠢᠯᠲᠠ ᠶᠢ ᠬᠠᠰᠤᠨ᠎ᠠ᠃            ᠭᠤᠷᠪᠠ᠂ ︽ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 49 ᠳ᠋ᠦ᠋ᠭᠡᠷ ᠲᠣᠭᠠᠲᠤ︶            ︽ᠠᠷᠪᠠᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ᠡᠷᠬᠢᠯᠡᠵᠦ ᠪᠠᠶᠢᠭ᠎ᠠ ᠵᠢᠯᠣᠭᠤᠴᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ︾ ᠳᠣᠲᠣᠷᠠᠬᠢ ︽︵ᠨᠢᠭᠡ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ᠬᠦᠴᠦᠨ ᠪᠦᠬᠦᠢ ︿ᠣᠷᠣᠰᠢᠨ ᠰᠠᠭᠤᠬᠤ ᠦᠨᠡᠮᠯᠡᠯ﹀ ᠲᠠᠢ ᠪᠠᠶᠢᠬᠤ ᠬᠡᠷᠡᠭᠲᠡᠢ︾ ᠭᠡᠰᠡᠨ ᠲᠣᠭᠠᠴᠢᠯᠲᠠ ᠶᠢ ᠬᠠᠰᠤᠨ᠎ᠠ᠃                            ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                            2024 ᠣᠨ ᠤ 8 ᠳ᠋ᠤᠭᠠᠷ ᠰᠠᠷ᠎ᠠ ᠶᠢᠨ 16 ᠤ ᠡᠳᠦᠷ       ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号