2024 ᠣᠨ ᠤ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠦᠵᠡᠰᠭᠦᠯᠡᠩ 8 ᠰᠠᠷ᠎ᠠ ᠶᠢᠨ 29 - 9 ᠰᠠᠷ᠎ᠠ ᠶᠢᠨ 2 ᠤᠨ ᠡᠳᠦᠷ ᠪᠤᠯᠲᠠᠯ᠎ᠠ ᠭᠦᠭᠡᠬᠤᠲᠠ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2024/8/27
    8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠯᠪᠠᠨ ᠭᠡᠷ  2024 ᠣᠨ ᠤ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠴᠤᠭᠯᠠᠭᠠᠨ ᠡᠷᠭᠢᠯᠡᠭᠦ ᠭᠠᠵᠠᠷ᠂ ᠭᠤᠣᠯ ᠰᠡᠳᠦᠪ᠂ ᠦᠵᠡᠭᠦᠯᠭᠡ ᠶᠢᠨ ᠲᠣᠭᠤᠷᠢᠭ᠂ ᠠᠵᠢᠯᠯᠠᠭ᠎ᠠ ᠶᠢᠨ ᠤᠬᠠᠭᠠᠯᠠᠯ ᠪᠠ ᠣᠨᠴᠠᠯᠢᠭ᠂ ᠭᠢᠯᠠᠰ ᠴᠡᠭ ᠤᠨ ᠲᠤᠬᠠᠢ ᠲᠣᠳᠣᠷᠬᠠᠶᠢᠯᠠᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃      ᠳᠤᠮᠳᠠᠳᠤ ᠤᠯᠤᠰ ᠤᠨ ᠬᠡᠪᠯᠡᠯ ᠤᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠵᠢᠯ ᠤᠨ ᠵᠥᠪᠯᠡᠯ᠂ ᠳᠤᠮᠳᠠᠳᠤ ᠤᠯᠤᠰ ᠤᠨ ᠨᠠᠶᠢᠷᠠᠭᠤᠯᠭ᠎ᠠ ᠶᠢᠨ ᠰᠢᠨᠵᠢᠯᠡᠭᠡᠨ ᠤ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠲᠤᠰᠬᠠᠢ ᠮᠡᠷᠭᠡᠵᠢᠯ ᠤᠨ ᠵᠥᠪᠯᠡᠯ᠂ ᠳᠤᠮᠳᠠᠳᠤ ᠤᠯᠤᠰ ᠤᠨ ᠨᠣᠮ ᠰᠡᠳᠬᠦᠯ ᠲᠠᠷᠬᠠᠭᠠᠯᠲᠠ ᠶᠢᠨ ᠠᠵᠢᠯ ᠲᠥᠷᠥᠯ ᠤᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠲᠠᠷᠬᠠᠭᠠᠬᠤ ᠠᠵᠢᠯ ᠤᠨ ᠵᠥᠪᠯᠡᠯ ᠠᠴᠠ ᠭᠤᠣᠯᠯᠠᠨ ᠡᠷᠭᠢᠯᠡᠵᠦ ᠪᠦᠬᠦᠢ  2024 ᠣᠨ ᠤ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠦᠵᠡᠰᠭᠦᠯᠡᠩ 2024 ᠣᠨ ᠤ 8 ᠰᠠᠷ᠎ᠠ ᠶᠢᠨ 29 - 9 ᠰᠠᠷ᠎ᠠ ᠶᠢᠨ 2 ᠤᠨ ᠡᠳᠦᠷ ᠪᠤᠯᠲᠠᠯ᠎ᠠ ᠭᠦᠭᠡᠬᠤᠲᠠ ᠳᠤ ᠶᠠᠪᠤᠭᠳᠠᠨ᠎ᠠ᠃ ᠭᠤᠣᠯ ᠦᠵᠡᠰᠭᠦᠯᠡᠩ ᠤᠨ ᠲᠠᠯᠠᠪᠠᠶ ᠶᠢ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠪᠠᠶᠢᠷᠢᠯᠠᠭᠤᠯᠵᠤ᠂ ︽ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠠᠭᠤᠰᠤᠯᠴᠠᠭᠤᠯᠬᠤ᠂ ᠳᠡᠯᠭᠡᠨ ᠦᠵᠡᠭᠦᠯᠭᠦ ᠪᠠ ᠪᠣᠷᠣᠯᠠᠭᠤᠯᠬᠤ ᠶᠢ ᠤᠶᠠᠯᠳᠤᠭᠤᠯᠬᠤ᠂ ᠪᠦᠭᠦ ᠠᠷᠠᠳ ᠤᠨ ᠤᠩᠰᠢᠯᠭ᠎ᠠ ᠶᠢ ᠬᠤᠯᠪᠣᠯᠳᠤᠭᠤᠯᠬᠤ︾ ᠠᠷᠭ᠎ᠠ ᠭᠡᠯᠪᠡᠷᠢ ᠶᠢ ᠬᠡᠷᠡᠭᠵᠢᠭᠦᠯᠵᠦ᠂ 39 ᠰᠢᠯᠢᠳᠡᠭ ᠪᠠᠭᠠᠴᠤᠳ ᠬᠡᠦᠬᠡᠳ ᠤᠨ ᠬᠡᠪᠯᠡᠯ ᠤᠨ ᠨᠢᠭᠡᠴᠢ ᠵᠢᠴᠢ ᠤᠯᠤᠰ ᠤᠨ ᠳᠣᠲᠣᠭᠠᠳᠤ ᠶᠢᠨ 9 ᠰᠢᠯᠢᠳᠡᠭ ᠬᠡᠪᠯᠡᠯ ᠤᠨ ᠨᠢᠭᠡᠴᠢ ᠶᠢ ᠤᠷᠢᠵᠤ᠂ 20 ᠭᠠᠷᠤᠢ ᠲᠦᠮᠡᠨ ᠳᠡᠪᠲᠡᠷ  ᠪᠠᠭᠠᠴᠤᠳ ᠬᠡᠦᠬᠡᠳ ᠤᠨ ᠨᠣᠮ ᠪᠢᠴᠢᠭ ᠢ ᠳᠡᠯᠭᠡᠨ ᠦᠵᠡᠭᠦᠯᠵᠦ᠂ 1000 ᠭᠠᠷᠤᠢ ᠵᠦᠢᠯ ᠤᠨ ᠰᠢᠯᠢᠳᠡᠭ ᠨᠣᠮ ᠪᠢᠴᠢᠭ ᠢ ᠪᠣᠷᠣᠯᠠᠭᠤᠯᠤᠨ᠎ᠠ᠃ ᠡᠭᠦᠨ ᠤ ᠬᠠᠮᠲᠤ᠂ ᠪᠦᠭᠦ ᠨᠡᠶᠢᠭᠡᠮ ᠳᠤ ᠨᠡᠶᠢᠲᠡ 300 ᠲᠦᠮᠡᠨ ᠲᠥᠭᠦᠷᠢᠭ ᠤᠨ ᠨᠣᠮ ᠬᠤᠳᠠᠯᠳᠤᠨ ᠠᠪᠬᠤ ᠬᠠᠷᠠᠭᠠᠯᠵᠠᠯ ᠤᠨ ᠲᠡᠮᠳᠡᠭ ᠲᠠᠷᠬᠠᠭᠠᠨ᠎ᠠ᠃      ᠦᠵᠡᠰᠭᠦᠯᠡᠩ ᠤᠨ ᠬᠤᠭᠤᠴᠠᠭᠠᠨ ᠳᠤ᠂︽ᠪᠠᠭᠠᠴᠤᠳ ᠬᠡᠦᠬᠡᠳ ᠤᠨ ᠬᠡᠪᠯᠡᠯ ᠪᠠ ᠤᠩᠰᠢᠯᠭ᠎ᠠ ᠶᠢᠨ ᠦᠢᠯᠡᠴᠢᠯᠡᠭᠡ︾  ᠭᠡᠬᠦ ᠭᠤᠣᠯ ᠰᠡᠳᠦᠪᠲᠦ ᠶᠠᠷᠢᠶᠠᠨ ᠤ ᠲᠠᠪᠴᠠᠩ᠂ ︽ᠨᠤᠲᠤᠭ ᠤᠰᠤ ᠠᠴᠠ ᠪᠠᠨ ᠡᠬᠢᠯᠡᠵᠦ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠶ᠎ᠠ︾ ᠭᠡᠬᠦ ᠰᠢᠷᠢᠰ ᠱᠤᠭ ᠵᠢᠷᠤᠭ᠂︽ᠤᠮᠠᠷᠠᠲᠤ ᠬᠢᠯᠢ ᠶᠢ ᠲᠠᠨᠢᠨ ᠣᠶᠢᠯᠠᠭᠠᠬᠤᠢ·ᠤᠶᠤᠨ ᠤᠬᠠᠭᠠᠨ ᠢᠶᠠᠷ ᠰᠠᠷᠠᠭᠤᠯ ᠢᠷᠡᠭᠡᠳᠦᠢ   ᠪᠠᠨ ᠤᠭᠲᠤᠨᠠᠮ︾ᠭᠡᠬᠦ ᠪᠠᠭᠠᠴᠤᠳ ᠬᠡᠦᠬᠡᠳ ᠤᠨ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ ᠤᠨ ᠵᠠᠬᠢᠶᠠᠯᠠᠭ᠎ᠠ ᠶᠢᠨ ᠬᠤᠷᠠᠯ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠠᠶᠠᠯᠠᠯ· ᠪᠠᠭᠠᠴᠤᠳ ᠬᠡᠦᠬᠡᠳ ᠤᠮᠠᠷᠠᠲᠤ ᠬᠢᠯᠢ ᠶᠢ ᠵᠢᠷᠤᠭᠯᠠᠨᠠᠮ︾ ᠭᠡᠬᠦ ᠪᠦᠭᠦ ᠣᠷᠣᠨ ᠤ ᠪᠠᠭᠠᠴᠤᠳ ᠬᠡᠦᠬᠡᠳ ᠤᠨ ᠤᠷᠠᠨ ᠵᠢᠷᠤᠭ ᠡᠯᠰᠡᠵᠦ ᠰᠢᠯᠭᠠᠷᠠᠭᠤᠯᠬᠤ ᠠᠵᠢᠯᠯᠠᠭ᠎ᠠ ᠵᠢᠴᠢ ᠰᠣᠶᠣᠯ ᠳᠡᠯᠭᠡᠷᠡᠭᠦᠯᠬᠦ ᠰᠢᠷᠢᠰ ᠠᠵᠢᠯᠯᠠᠭ᠎ᠠ᠂ ᠦᠯᠢᠭᠡᠷ ᠦᠵᠡᠵᠦ ᠪᠠᠷᠠᠭ᠎ᠠ ᠵᠠᠬᠢᠶᠠᠯᠠᠬᠤ᠂ ᠲᠤᠬᠠᠶᠢᠯᠠᠭᠰᠠᠨ ᠠᠵᠢᠯ ᠢ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠦᠵᠡᠰᠭᠦᠯᠡᠩ ᠳᠡᠭᠡᠷ᠎ᠡ᠂ ᠤᠯᠤᠰ ᠤᠨ ᠳᠣᠲᠣᠭᠠᠳᠤ ᠶᠢᠨ ᠨᠠᠷᠠᠲᠤ ᠵᠣᠬᠢᠶᠠᠯᠴᠢ᠂ ᠰᠣᠶᠣᠯ ᠤᠨ ᠨᠠᠷᠠᠲᠤ ᠬᠥᠮᠥᠨ᠂ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ᠂  ᠵᠣᠬᠢᠶᠠᠭᠴᠢ ᠯᠤᠭ᠎ᠠ ᠶᠢᠨ ᠶᠠᠷᠢᠯᠴᠠᠭ᠎ᠠ᠂ ᠨᠣᠮ ᠤᠩᠰᠢᠬᠤ ᠶᠠᠷᠢᠶᠠᠨ ᠤ ᠲᠠᠪᠴᠠᠩ᠂ ᠰᠢᠨ᠎ᠡ ᠨᠣᠮ ᠢ ᠬᠤᠪᠢᠶᠠᠯᠴᠠᠨ ᠤᠩᠰᠢᠬᠤ ᠵᠡᠷᠭᠡ ᠤᠩᠰᠢᠨ ᠳᠡᠯᠭᠡᠷᠡᠭᠦᠯᠬᠦ ᠠᠵᠢᠯᠯᠠᠭ᠎ᠠ ᠶᠢ 30 ᠲᠠᠯᠠᠪᠤᠷ ᠥᠷᠨᠢᠭᠦᠯᠦᠨ᠎ᠡ᠃      ᠣᠶᠢᠯᠠᠭᠠᠭᠰᠠᠨ ᠢᠶᠠᠷ᠂ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠦᠵᠡᠰᠭᠦᠯᠡᠩ ᠢ 1987 ᠣᠨ ᠠᠴᠠ ᠡᠬᠢᠯᠡᠨ ᠡᠷᠭᠢᠯᠡᠵᠡᠢ᠃ ᠣᠶᠢᠷ᠎ᠠ ᠶᠢᠨ ᠵᠢᠯ ᠤᠳ ᠲᠤ᠂ ᠪᠦᠭᠦ ᠤᠯᠤᠰ ᠤᠨ ᠪᠠᠭᠠᠴᠤᠳ ᠬᠡᠦᠬᠡᠳ ᠤᠨ ᠠᠷᠠᠯᠵᠢᠶᠠᠨ ᠤ ᠦᠵᠡᠰᠭᠦᠯᠡᠩ ᠨᠢ︽ᠠᠵᠢᠯ ᠲᠥᠷᠥᠯ ᠳᠤ ᠦᠢᠯᠡᠴᠢᠯᠡᠬᠦ᠂ ᠤᠩᠰᠢᠭᠴᠢᠳ ᠲᠤ ᠦᠢᠯᠡᠴᠢᠯᠡᠬᠦ᠂ ᠪᠦᠭᠦ ᠠᠷᠠᠳ ᠤᠨ ᠤᠩᠰᠢᠯᠭ᠎ᠠ ᠳᠤ ᠦᠢᠯᠡᠴᠢᠯᠡᠬᠦ︾ ᠪᠠᠷ ᠵᠣᠷᠢᠯᠲᠠ ᠪᠣᠯᠭᠠᠨ᠂ ᠦᠵᠡᠰᠭᠦᠯᠡᠩ ᠡᠷᠭᠢᠯᠡᠭᠦ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠰᠢᠨᠡᠴᠢᠯᠡᠵᠦ᠂ ᠦᠢᠯᠡᠴᠢᠯᠡᠭᠡᠨ ᠤ ᠵᠢᠷᠤᠭ ᠲᠥᠯᠥᠪᠯᠡᠭᠡ ᠪᠠᠨ ᠰᠢᠯᠢᠳᠡᠭᠵᠢᠭᠦᠯᠦᠨ᠂ ᠪᠦᠭᠦ ᠤᠯᠤᠰ ᠤᠨ ᠪᠠᠭᠠᠴᠤᠳ ᠬᠡᠦᠬᠡᠳ ᠤᠨ ᠬᠡᠪᠯᠡᠯ ᠲᠠᠷᠬᠠᠭᠠᠯᠲᠠ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠵᠦ᠂ ᠤᠯᠠᠨ ᠲᠦᠮᠡᠨ ᠤ ᠥᠷᠭᠡᠨ ᠬᠦᠷᠢᠶᠡᠯᠡᠯ ᠢ ᠣᠯᠣᠭᠰᠠᠨ ᠨᠥᠯᠥᠭᠡᠯᠡᠬᠦ ᠬᠦᠴᠦᠨ ᠲᠠᠢ ᠠᠵᠢᠯ ᠲᠥᠷᠥᠯ ᠤᠨ ᠦᠪᠡᠳᠡᠭᠰᠢ ᠦᠵᠡᠰᠭᠦᠯᠡᠩ ᠪᠣᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号