| | ᠪᠡᠶ᠎ᠡ ᠶᠢᠨ ᠦᠨᠡᠮᠯᠡᠯ ᠪᠣᠯ ᠠᠷᠠᠳ ᠢᠷᠭᠡᠳ ᠤᠨ ᠪᠡᠶ᠎ᠡ ᠶᠢᠨ ᠭᠠᠷᠤᠯ ᠢ ᠭᠡᠷᠡᠴᠢᠯᠡᠬᠦ ᠴᠢᠬᠤᠯᠠ ᠦᠨᠡᠮᠯᠡᠯ | ᠪᠠᠶᠢᠵᠤ᠂ ᠪᠢᠳᠡᠨ ᠤ ᠠᠮᠢᠳᠤᠷᠠᠯ ᠲᠠᠢ ᠨᠢᠭᠲᠠ ᠬᠤᠯᠪᠤᠭ᠎ᠠ ᠲᠠᠢ᠂ ᠪᠡᠶ᠎ᠡ ᠶᠢᠨ ᠦᠨᠡᠮᠯᠡᠯ ᠢ ᠵᠥᠪ ᠬᠡᠷᠡᠭᠯᠡᠪᠡᠯ ᠠᠮᠢᠳᠤᠷᠠᠯ | ᠳᠤᠮᠳᠠᠬᠢ ᠶᠠᠷᠰᠢᠭ ᠲᠦᠪᠡᠭ ᠢ ᠶᠡᠭᠡ ᠪᠠᠷ ᠪᠠᠭᠠᠰᠬᠠᠳᠠᠭ᠃ ᠪᠡᠶ᠎ᠡ ᠶᠢᠨ ᠦᠨᠡᠮᠯᠡᠯ ᠤᠨ ᠲᠤᠬᠠᠢ ᠳᠠᠷᠠᠭᠠᠬᠢ ᠬᠠᠤᠯᠢ | ᠴᠠᠭᠠᠵᠠ ᠶᠢᠨ ᠮᠡᠳᠡᠯᠭᠡ ᠶᠢ ᠤᠯᠠᠨ ᠢᠶᠠᠷ ᠢᠶᠠᠨ ᠣᠶᠢᠯᠠᠭᠠᠵᠤ ᠠᠪᠤᠶ᠎ᠠ᠃ | | | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ | ᠬᠠᠤᠯᠢ︾ | | | ᠠᠷᠪᠠᠨ ᠲᠠᠪᠤᠳᠤᠭᠠᠷ ᠵᠦᠢᠯ ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠳᠡᠭᠡᠨ ᠳᠣᠣᠷ᠎ᠠ ᠵᠢᠭᠰᠠᠭᠠᠭᠰᠠᠨ ᠪᠠᠶᠢᠳᠠᠯ ᠤᠳ ᠲᠣᠬᠢᠶᠠᠯᠳᠤᠪᠠᠯ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ | ᠭᠠᠷᠭᠠᠵᠤ ᠦᠵᠡᠭᠦᠯᠦᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠰᠢᠯᠭᠠᠵᠤ ᠪᠣᠯᠣᠨ᠎ᠠ᠄ | | | ︵ᠨᠢᠭᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠥᠮᠥᠨ ᠤ ᠪᠡᠶ᠎ᠡ ᠶᠢᠨ ᠬᠢᠷᠢ ᠭᠡᠮ ᠢ ᠨᠢ | ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ; | | | ︵ᠬᠤᠶᠠᠷ︶ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠳᠤ | ᠬᠤᠯᠪᠣᠭᠳᠠᠯ ᠪᠦᠬᠦᠢ ᠬᠥᠮᠥᠰ ᠤᠨ ᠪᠡᠶ᠎ᠡ ᠶᠢᠨ ᠬᠢᠷᠢ ᠭᠡᠮ ᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ; | | | ︵ᠭᠤᠷᠪᠠ︶ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ | ᠭᠡᠨᠡᠳᠲᠡ ᠶᠢᠨ ᠬᠡᠷᠡᠭ ᠭᠠᠷᠪᠠᠯ᠂ ᠲᠤᠬᠠᠢ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠥᠰ ᠤᠨ ᠪᠡᠶ᠎ᠡ ᠭᠡᠮ ᠢ | ᠪᠠᠶᠢᠴᠠᠭᠠᠨ ᠲᠣᠳᠣᠷᠬᠠᠶᠢᠯᠠᠬᠤ ᠴᠢᠬᠤᠯᠠᠲᠠᠢ ᠦᠶᠡᠰ; | | | ︵ᠳᠥᠷᠪᠡ︶ ᠭᠠᠯᠲᠤ ᠲᠡᠷᠭᠡᠨ ᠤᠢᠷᠳᠡᠭᠡ᠂ ᠮᠠᠰᠢᠨ ᠲᠡᠷᠭᠡᠨ ᠤᠢᠷᠳᠡᠭᠡ᠂ ᠭᠠᠷᠠᠮ᠂ ᠣᠩᠭᠤᠴᠠᠨ ᠤ ᠵᠣᠭᠰᠣᠭᠠᠯ᠂ | ᠨᠢᠰᠬᠡᠯ ᠤᠨ ᠪᠠᠭᠤᠳᠠᠯ ᠪᠤᠶᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠲᠣᠭᠤᠷᠢᠭ ᠬᠤᠪᠢᠶᠠᠨ | ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠠᠯᠠᠪᠤᠷ ᠲᠤ | ᠬᠤᠯᠪᠣᠭᠳᠠᠯ ᠪᠦᠬᠦᠢ ᠬᠥᠮᠥᠰ ᠤᠨ ᠪᠡᠶ᠎ᠡ ᠭᠡᠮ ᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ; | | | ︵ᠲᠠᠪᠤ︶ᠬᠠᠤᠯᠢ ᠴᠠᠭᠠᠵᠠ ᠳᠤ ᠲᠣᠭᠲᠠᠭᠠᠭᠰᠠᠨ ᠪᠡᠶ᠎ᠡ ᠶᠢᠨ ᠬᠢᠷᠢ ᠭᠡᠮ ᠢ ᠨᠢ ᠪᠠᠶᠢᠴᠠᠭᠠᠨ ᠲᠣᠳᠣᠷᠬᠠᠶᠢᠯᠠᠬᠤ | ᠴᠢᠬᠤᠯᠠᠲᠠᠢ ᠪᠤᠰᠤᠳ ᠪᠠᠶᠢᠳᠠᠯ ᠳᠤ᠃ | | | ᠡᠮᠦᠨᠡᠬᠢ ᠵᠢᠭᠰᠠᠭᠠᠭᠰᠠᠨ ᠵᠤᠷᠪᠤᠰ ᠤᠳ ᠤᠨ ᠠᠯᠢ ᠨᠢᠭᠡ ᠨᠢ ᠲᠣᠬᠢᠶᠠᠯᠳᠤᠵᠤ᠂ ᠠᠷᠠᠳ ᠤᠨ ᠴᠠᠭᠳᠠᠭ᠎ᠠ ᠶᠢᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠲᠣᠳᠣᠯᠠᠬᠤ ᠶᠢ ᠲᠡᠪᠴᠢᠭᠰᠡᠨ ᠪᠠᠶᠢᠪᠠᠯ᠂ ᠬᠤᠯᠪᠣᠭᠳᠠᠯ | ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠠᠳᠠᠯᠢ ᠪᠤᠰᠤ ᠪᠠᠶᠢᠳᠠᠯ ᠢ ᠢᠯᠭᠠᠨ ᠠᠷᠭ᠎ᠠ ᠬᠡᠮᠵᠢᠶ᠎ᠡ ᠠᠪᠴᠤ | ᠰᠢᠢᠳᠪᠦᠷᠢᠯᠡᠨ᠎ᠡ᠃ | | | ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠳᠠᠷᠤᠵᠤ ᠠᠪᠴᠤ ᠪᠤᠯᠬᠤ ᠦᠭᠡᠢ᠃ ᠭᠡᠪᠡᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠶᠢᠨ ᠶᠣᠰᠣᠭᠠᠷ ᠰᠠᠭᠤᠭ᠎ᠠ ᠭᠠᠵᠠᠷ | ᠲᠤᠨᠢ ᠬᠢᠨᠠᠯᠲᠠ ᠲᠠᠯᠪᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠᠶᠢᠳᠠᠯ ᠡᠭᠦᠨ ᠳᠤ ᠪᠠᠭᠲᠠᠬᠤ ᠦᠭᠡᠢ᠃ | | | ᠠᠷᠪᠠᠨ ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ | ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠳᠣᠩᠭᠤᠳᠴᠤ᠂ ᠬᠤᠶᠠᠷ ᠵᠠᠭᠤᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ | ᠣᠯᠣᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄ | | | ︵ᠨᠢᠭᠡ︶ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢᠶᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠮᠡᠬᠡᠯᠡᠨ | ᠠᠪᠤᠬᠰᠠᠨ; | | | ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ | ᠰᠢᠯᠵᠢᠭᠦᠯᠦᠨ ᠥᠭᠭᠦᠭᠰᠡᠨ; | | | ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠤᠯᠢ ᠪᠤᠰᠤ ᠪᠠᠷ ᠳᠠᠷᠤᠵᠤ ᠠᠪᠤᠭᠰᠠᠨ᠃ | | | ᠠᠷᠪᠠᠨ ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠮᠢᠩᠭᠠᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠂ ᠡᠰᠡᠬᠦᠯ᠎ᠡ ᠠᠷᠪᠠᠨ ᠡᠳᠦᠷ ᠠᠴᠠ | ᠳᠣᠭᠤᠭᠰᠢ ᠲᠦᠷ ᠬᠤᠷᠢᠬᠤ ᠪᠠᠷ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠣᠭᠰᠠᠨ ᠪᠠᠶᠢᠪᠠᠯ᠂ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄ | | | ︵ᠨᠢᠭᠡ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ ᠪᠤᠶᠤ ᠮᠡᠬᠡᠯᠡᠨ | ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠡᠷᠡᠭᠯᠡᠭᠰᠡᠨ; | | | ︵ᠬᠤᠶᠠᠷ︶ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠬᠡᠷᠡᠭᠯᠡᠭᠰᠡᠨ᠃ | | | ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠪᠠ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠤᠷᠢᠶᠠᠨ ᠠᠪᠤᠨ᠎ᠠ᠃ | | | ᠠᠷᠪᠠᠨ ᠨᠠᠢᠮᠠᠳᠤᠭᠠᠷ ᠵᠦᠢᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ | ᠥᠭᠡᠷᠡᠲᠦᠭᠦᠯᠦᠨ ᠵᠣᠬᠢᠶᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | | ᠲᠤᠰ ᠬᠠᠤᠯᠢ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠵᠢᠭᠰᠠᠭᠠᠭᠰᠠᠨ | ᠠᠵᠢᠯᠯᠠᠭ᠎ᠠ ᠨᠤᠭᠤᠳ ᠤᠨ ᠨᠢᠭᠡ ᠶᠢ ᠬᠢᠵᠦ᠂ ᠶᠠᠯᠠᠲᠤ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | | | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ | | | ᠬᠤᠶᠠᠷ ᠵᠠᠭᠤ ᠨᠠᠶᠠᠳᠤᠭᠠᠷ ᠵᠦᠢᠯ ᠳᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠭᠡᠮ ᠢ | ᠭᠡᠷᠡᠴᠢᠯᠡᠬᠦ ᠳᠤ ᠬᠡᠷᠡᠭᠯᠡᠵᠦ ᠪᠤᠯᠬᠤ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ᠂ | ᠬᠤᠳᠠᠯᠳᠤᠭᠠᠯᠠᠭᠰᠠᠨ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ | ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠶᠢᠨ ᠡᠷᠬᠡ ᠶᠢ ᠨᠢ ᠬᠠᠰᠤᠬᠤ ᠪᠠᠷ ᠰᠢᠢᠳᠬᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ;ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ | ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ | | | ᠬᠤᠶᠠᠷ ᠵᠠᠭᠤ ᠨᠠᠶᠠᠳᠤᠭᠠᠷ ᠵᠦᠢᠯ ᠤᠨ ᠨᠢᠭᠡ ᠪᠤᠯᠬᠤ︽ᠬᠠᠭᠤᠷᠮᠠᠭ ᠪᠡᠶ᠎ᠡ ᠶᠢᠨ ᠦᠨᠡᠮᠯᠡᠯ ᠬᠡᠷᠡᠭᠯᠡᠭᠰᠡᠨ᠂ | ᠪᠡᠶ᠎ᠡ ᠶᠢᠨ ᠦᠨᠡᠮᠯᠡᠯ ᠢ ᠬᠤᠯᠠᠭᠠᠶᠢᠯᠠᠨ ᠬᠡᠷᠡᠭᠯᠡᠭᠰᠡᠨ ᠶᠠᠯ᠎ᠠ︾ ᠶᠢᠨ ᠲᠣᠭᠲᠠᠭᠠᠯ ᠳᠤ᠂ ᠤᠯᠤᠰ ᠤᠨ ᠲᠣᠭᠲᠠᠭᠠᠯ ᠶᠣᠰᠣᠭᠠᠷ | ᠪᠡᠶ᠎ᠡ ᠶᠢᠨ ᠬᠢᠷᠢ ᠭᠡᠮ ᠤᠨ ᠭᠡᠷᠡᠴᠢ ᠬᠠᠩᠭᠠᠬᠤ ᠶᠣᠰᠣᠲᠠᠢ ᠠᠵᠢᠯᠯᠠᠭ᠎ᠠ ᠶᠢᠨ ᠳᠤᠮᠳᠠ᠂ ᠬᠠᠭᠤᠷᠮᠠᠭᠯᠠᠨ ᠵᠣᠬᠢᠶᠠᠭᠰᠠᠨ᠂ | ᠥᠭᠡᠷᠡᠲᠦᠭᠦᠯᠦᠨ ᠵᠣᠬᠢᠶᠠᠭᠰᠠᠨ ᠪᠤᠶᠤ ᠪᠤᠰᠤᠳ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠭᠡᠮ ᠢ | ᠭᠡᠷᠡᠴᠢᠯᠡᠬᠦ ᠳᠤ ᠬᠡᠷᠡᠭᠯᠡᠵᠦ ᠪᠤᠯᠬᠤ ᠭᠡᠷᠡᠴᠢ ᠦᠨᠡᠮᠯᠡᠯ ᠢ ᠬᠤᠯᠠᠭᠠᠶᠢᠯᠠᠨ ᠬᠡᠷᠡᠭᠯᠡᠭᠡᠳ ᠦᠢᠯᠡ ᠪᠠᠶᠢᠳᠠᠯ ᠨᠢ ᠬᠦᠨᠳᠦ | ᠨᠣᠴᠢᠲᠠᠢ ᠪᠠᠶᠢᠪᠠᠯ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠬᠡᠵᠦ᠂ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠶᠤ ᠲᠤᠰ ᠲᠤᠨᠢ ᠰᠢᠢᠳᠬᠡᠨ᠎ᠡ᠃ | | | ᠡᠮᠦᠨᠡᠬᠢ ᠲᠣᠭᠲᠠᠭᠠᠭᠰᠠᠨ ᠵᠤᠷᠪᠤᠰ ᠲᠠᠬᠢ ᠦᠢᠯᠡ ᠠᠵᠢᠯᠯᠠᠭ᠎ᠠ ᠶᠢ ᠬᠢᠬᠦ ᠶᠢᠨ ᠬᠠᠮᠲᠤ ᠪᠤᠰᠤᠳ ᠶᠠᠯ᠎ᠠ ᠶᠢ | ᠪᠦᠷᠢᠯᠳᠦᠭᠦᠯᠦᠭᠰᠡᠨ ᠪᠠᠶᠢᠪᠠᠯ᠂ ᠨᠡᠯᠢᠶᠡᠳ ᠬᠦᠨᠳᠦ ᠪᠠᠷ ᠰᠢᠢᠳᠬᠡᠬᠦ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ | ᠰᠢᠢᠳᠬᠡᠨ᠎ᠡ᠃ | ᠰᠠᠨᠠᠭᠤᠯᠤᠮᠵᠢ | | | ᠪᠡᠶ᠎ᠡ ᠶᠢᠨ ᠦᠨᠡᠮᠯᠡᠯ ᠢᠶᠠᠨ ᠰᠠᠶᠢᠲᠤᠷ ᠬᠠᠳᠠᠭᠠᠯᠠᠶ᠎ᠠ | | | 1. ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ | ᠪᠤᠯᠬᠤ ᠦᠭᠡᠢ | | | ᠣᠶᠢᠷ᠎ᠠ ᠶᠢᠨ ᠵᠢᠯ ᠤᠳ ᠲᠤ᠂ ᠪᠡᠶ᠎ᠡ ᠶᠢᠨ ᠦᠨᠡᠮᠯᠡᠯ ᠢᠶᠠᠨ ᠵᠢᠭᠡᠯᠡᠭᠦᠯᠦᠭᠰᠡᠨ ᠠᠴᠠ ᠪᠣᠯᠵᠤ ᠡᠭᠦᠰᠦᠭᠰᠡᠨ | ᠢᠷᠭᠡᠨ ᠤ ᠬᠡᠷᠡᠭ ᠪᠠ ᠡᠷᠡᠭᠦᠦ ᠶᠢᠨ ᠬᠡᠷᠡᠭ ᠤᠨ ᠵᠢᠱᠢᠶ᠎ᠡ ᠪᠠᠶᠢᠨ ᠳᠠᠭᠢᠨ ᠭᠠᠷᠴᠤ ᠪᠤᠢ᠂ ᠵᠠᠷᠢᠮ ᠬᠥᠮᠥᠨ ᠪᠡᠶ᠎ᠡ ᠶᠢᠨ | ᠮᠡᠳᠡᠭᠡ ᠵᠠᠩᠭᠢ ᠪᠠᠨ ᠬᠤᠯᠠᠭᠠᠶᠢᠯᠠᠭᠳᠠᠭᠰᠠᠨ ᠠᠴᠠ ᠪᠣᠯᠵᠤ ᠬᠤᠪᠢ ᠬᠥᠮᠥᠨ ᠤ ᠢᠲᠡᠭᠡᠮᠵᠢ ᠶᠢ ᠨᠥᠯᠥᠭᠡᠯᠡᠵᠦ᠂ ᠵᠠᠷᠢᠮ | ᠨᠢ ᠴᠢᠨᠠᠭᠰᠢᠯᠠᠭᠠᠳ ᠴᠠᠭᠢᠯᠭᠠᠨ ᠬᠤᠯᠪᠤᠭ᠎ᠠ ᠪᠠᠷ ᠮᠡᠬᠡᠯᠡᠭᠰᠡᠨ ᠰᠡᠵᠢᠭᠯᠡᠯᠲᠡᠢ ᠤᠴᠢᠷ ᠠᠴᠠ ᠪᠣᠯᠵᠤ ᠠᠴᠠ ᠡᠷᠡᠭᠦᠦ | ᠶᠢᠨ ᠬᠡᠷᠡᠭ ᠢᠶᠠᠷ ᠨᠡᠬᠡᠮᠵᠢᠯᠡᠭᠳᠡᠵᠡᠢ᠃ | | | 2. ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠳᠠᠷᠤᠵᠤ ᠠᠪᠴᠤ ᠪᠤᠯᠬᠤ ᠦᠭᠡᠢ ︵ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠨᠢ ᠡᠭᠦᠨ ᠳᠤ ᠪᠠᠭᠲᠠᠬᠤ ᠦᠭᠡᠢ︶ | | | ᠠᠮᠢᠳᠤᠷᠠᠯ ᠳᠤᠮᠳᠠ ᠪᠢᠳᠡ ᠶᠠᠷᠰᠢᠭ ᠲᠦᠪᠡᠭ ᠲᠤ ᠤᠴᠠᠷᠠᠬᠤ ᠦᠶ᠎ᠡ ᠳᠤ᠂ ᠪᠤᠰᠤᠳ ᠤᠨ ᠪᠡᠶ᠎ᠡ ᠶᠢᠨ | ᠦᠨᠡᠮᠯᠡᠯ ᠢ ᠦᠯᠡᠳᠡᠭᠡᠨ ᠠᠪᠬᠤ ᠪᠠᠷ ᠱᠠᠭᠠᠷᠳᠠᠬᠤ ᠪᠠᠶᠢᠳᠠᠯ ᠲᠠᠢ ᠬᠠᠶᠠ ᠲᠣᠬᠢᠶᠠᠯᠳᠤᠳᠠᠭ᠂ ᠡᠨᠡ ᠦᠶ᠎ᠡ ᠳᠤ ᠪᠢᠳᠡ | ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠦᠯᠡᠳᠡᠭᠡᠨ ᠠᠪᠬᠤ ᠦᠶᠯᠡ ᠠᠵᠢᠯᠯᠠᠭ᠎ᠠ ᠶᠢ ᠵᠠᠪᠠᠯ ᠲᠡᠪᠴᠢᠬᠦ ᠬᠡᠷᠡᠭᠲᠡᠢ᠃ | | | 3. ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠵᠢᠴᠢ ᠪᠡᠶ᠎ᠡ ᠶᠢᠨ ᠭᠡᠷᠡᠴᠢᠯᠡᠯ ᠢ ᠬᠤᠳᠠᠯᠳᠤᠨ ᠠᠪᠬᠤ᠂ ᠬᠤᠳᠠᠯᠳᠤᠭᠠᠯᠠᠬᠤ ᠪᠤᠶᠤ ᠬᠡᠷᠡᠭᠯᠡᠵᠦ ᠪᠤᠯᠬᠤ ᠦᠭᠡᠢ | | | ᠪᠡᠶ᠎ᠡ ᠶᠢᠨ ᠦᠨᠡᠮᠯᠡᠯ ᠪᠣᠯ ᠬᠤᠪᠢ ᠬᠥᠮᠥᠨ ᠤ ᠲᠤᠰᠬᠠᠢ ᠬᠡᠷᠡᠭᠯᠡᠬᠦ ᠦᠨᠡᠮᠯᠡᠯ ᠳᠤ ᠲᠣᠭᠠᠴᠢᠭᠳᠠᠨ᠎ᠠ᠂ ᠡᠷᠬᠡᠪᠰᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠦᠢᠯᠡᠳᠴᠦ᠂ ᠣᠯᠭᠤᠬᠤ ᠬᠡᠷᠡᠭᠲᠡᠢ᠂ ᠳᠤᠷ᠎ᠠ ᠪᠠᠷ ᠢᠶᠠᠨ | ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠦᠢᠯᠡ ᠠᠵᠢᠯᠯᠠᠭ᠎ᠠ ᠪᠣᠯ ᠴᠥᠮ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠣᠭᠠᠴᠢᠭᠳᠠᠨ᠎ᠠ᠃ ᠥᠴᠥᠬᠡᠨ ᠠᠰᠢᠭ ᠲᠤ ᠰᠢᠨᠤᠵᠤ᠂ ᠥᠪᠡᠷ ᠤᠨ ᠪᠡᠶ᠎ᠡ ᠶᠢᠨ | ᠦᠨᠡᠮᠯᠡᠯ ᠢᠶᠠᠨ ᠪᠤᠰᠤᠳ ᠲᠤ ᠲᠦᠷᠢᠶᠡᠰᠦᠯᠡᠨ ᠥᠭᠬᠦ᠂ ᠵᠢᠭᠡᠯᠡᠭᠦᠯᠬᠦ᠂ ᠬᠤᠳᠠᠯᠳᠤᠨ ᠥᠭᠴᠦ ᠬᠡᠷᠡᠭᠯᠡᠭᠦᠯᠵᠦ | ᠶᠠᠭᠠᠬᠢᠭᠰᠠᠨ ᠴᠤ ᠪᠤᠯᠬᠤ ᠦᠭᠡᠢ᠃ | | | ︵︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ︾᠂︽ᠬᠠᠤᠯᠢ ᠪᠠᠷ ᠵᠠᠰᠠᠬᠤ ᠡᠳᠦᠷ ᠤᠨ ᠰᠣᠨᠢᠨ︾ | ᠠᠴᠠ ᠦᠨᠳᠦᠰᠦᠯᠡᠵᠦ ᠣᠷᠴᠢᠭᠤᠯᠤᠨ ᠨᠠᠶᠢᠷᠠᠭᠤᠯᠪᠠ︶ |