ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠬᠤᠳᠠᠯᠳᠤᠭᠠᠨ ᠤ ᠪᠠᠩᠬᠢ 5300 5300ᠭᠠᠷᠤᠢ ︽ᠴᠠᠭᠠᠨ ᠨᠡᠷᠡᠰ︾ ᠶᠢᠨ ᠲᠥᠷᠥᠯ ᠵᠦᠢᠯ ᠢ ᠪᠠᠲᠤᠯᠠᠵᠤ ᠪᠠᠷᠤᠭ 1.4 ᠲᠦᠮᠡᠨ ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠵᠥᠪᠰᠢᠶᠡᠷᠡᠵᠡᠢ
ᠨᠡᠶᠢᠲᠡᠯᠡᠭᠰᠡᠨ ᠴᠠᠭ᠄
2024/8/28
     8 ᠳ᠋ᠤᠭᠠᠷ ᠰᠠᠷ᠎ᠠ ᠶᠢᠨ 23 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠤᠨ ᠲᠣᠭᠤᠷᠢᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ᠂ ᠣᠳᠣᠬᠠᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠵᠠᠬ᠎ᠠ ᠳᠡᠯᠭᠡᠭᠦᠷ ᠮᠥᠨ ᠬᠦ ᠲᠣᠬᠢᠷᠠᠭᠤᠯᠤᠯᠲᠠ ᠶᠢᠨ ᠬᠤᠭᠤᠴᠠᠭᠠᠨ ᠳᠤ ᠣᠷᠣᠰᠢᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠵᠠᠬ᠎ᠠ ᠳᠡᠯᠭᠡᠭᠦᠷ ᠲᠤ ᠢᠳᠡᠪᠬᠢᠲᠡᠢ ᠬᠤᠪᠢᠷᠠᠯᠲᠠ ᠭᠠᠷᠤᠭᠰᠠᠨ ᠪᠠᠶᠢᠨ᠎ᠠ ᠭᠡᠵᠦ ᠢᠯᠡᠷᠬᠡᠶᠢᠯᠡᠪᠡ᠃               ᠨᠢ ᠬᠤᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠵᠢᠴᠢ ᠭᠠᠵᠠᠷ ᠰᠢᠷᠣᠢ᠂ ᠮᠥᠩᠭᠦᠨ ᠭᠦᠢᠯᠭᠡᠭᠡᠨ᠂ ᠡᠳ᠋ ᠤᠨ ᠵᠠᠰᠠᠭ ᠭᠠᠶᠢᠯᠢ ᠵᠡᠷᠭᠡ ᠰᠠᠭᠤᠷᠢ ᠴᠢᠨᠠᠷᠲᠠᠢ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠶᠢ ᠲᠦᠷᠭᠡᠳᠬᠡᠵᠦ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠬᠦ᠂ ᠥᠭᠡᠷᠡᠴᠢᠯᠡᠯᠲᠡ ᠪᠠᠷ ᠰᠢᠨ᠎ᠡ ᠵᠠᠭᠪᠤᠷ ᠤᠨ ᠪᠠᠶᠢᠭᠤᠯᠤᠯᠲᠠ᠂ ᠥᠭᠡᠷᠡᠴᠢᠯᠡᠯᠲᠡ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠭᠡᠵᠡᠢ᠃            ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠬᠠᠷᠠᠯᠲᠠ ᠪᠣᠯ ᠵᠢᠯ ᠤᠨ ᠡᠴᠦᠰ ᠠᠴᠠ ᠡᠮᠦᠨ᠎ᠡ 396 ᠲᠦᠮᠡᠨ ᠢᠴᠢ ᠣᠷᠣᠨ ᠰᠠᠭᠤᠴᠠ ᠢ ᠲᠤᠰᠢᠶᠠᠨ ᠥᠭᠭᠦᠨ᠎ᠡ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠠᠵᠢᠯ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠨᠢᠭᠡ ᠵᠦᠢᠯ ᠤᠨ ᠴᠢᠬᠤᠯᠠ ᠠᠵᠢᠯ ᠪᠣᠯᠬᠤ ᠪᠠᠷ ᠪᠠᠷᠠᠬᠤ ᠦᠭᠡᠢ ᠡᠯ᠎ᠡ ᠲᠠᠯ᠎ᠠ ᠶᠢᠨ ᠵᠢᠱᠢᠯᠲᠡ ᠶᠢ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠢ ᠬᠥᠭᠵᠢᠭᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠰᠢᠭᠲᠠᠢ ᠶᠤᠮ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠳ᠋ᠦᠩ ᠵᠢᠶᠠᠨ ᠭᠦᠸᠧ ᠶᠢᠨ ᠲᠠᠨᠢᠯᠴᠠᠭᠤᠯᠤᠭᠰᠠᠨ ᠢᠶᠠᠷ᠂ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠡᠯ᠎ᠡ ᠭᠠᠵᠠᠷ ᠢ ᠵᠣᠬᠢᠶᠠᠨ ᠪᠠᠶᠢᠭᠤᠯᠤᠨ ᠨᠢᠭᠡ ᠤᠳᠠᠭ᠎ᠠ ︽ᠲᠤᠶᠢᠯᠪᠤᠷᠢᠲᠠᠢ︾᠂ ᠪᠦᠬᠦ ᠲᠠᠯ᠎ᠠ ᠪᠠᠷ ᠪᠠᠶᠢᠭᠤᠯᠵᠤ ᠪᠠᠶᠢᠭ᠎ᠠ ᠨᠢᠭᠡᠨᠲᠡ ᠬᠤᠳᠠᠯᠳᠤᠭᠰᠠᠨ ᠲᠤᠰᠢᠶᠠᠭᠠᠳᠤᠢ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ᠂ ᠭᠡᠷ᠎ᠡ ᠶᠢᠨ ᠪᠣᠯᠵᠤᠭ᠎ᠠ ᠶᠣᠰᠣᠭᠠᠷ ᠡᠨᠡ ᠵᠢᠯ ᠤᠨ ᠡᠴᠦᠰ ᠠᠴᠠ ᠡᠮᠦᠨ᠎ᠡ 396 ᠲᠦᠮᠡᠨ ᠢᠵᠢ ᠣᠷᠣᠨ ᠰᠠᠭᠤᠴᠠ ᠶᠢ ᠲᠤᠰᠢᠶᠠᠵᠤ ᠥᠭᠬᠦ ᠪᠠᠷ ᠲᠣᠭᠲᠠᠭᠠᠵᠤ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠬᠠᠷᠠᠯᠲᠠ ᠡᠭᠦᠷᠭᠡ ᠪᠣᠯᠭᠠᠪᠠ᠃ ᠡᠨᠡ ᠬᠦ ᠬᠠᠷᠠᠯᠲᠠ ᠶᠢᠨ ᠲᠣᠭᠤᠷᠢᠨ ᠳᠤ᠂ ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠢᠭᠡᠨᠲᠡ ᠳᠥᠷᠪᠡᠨ ᠲᠠᠯ᠎ᠠ ᠶᠢᠨ ᠠᠵᠢᠯ ᠢ ᠥᠷᠨᠢᠭᠦᠯᠵᠦ ᠪᠠᠶᠢᠨ᠎ᠠ᠄ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ︔ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠰᠠᠶᠢᠲᠤᠷ ᠬᠢᠨ᠎ᠡ︔ ᠲᠥᠷᠥᠯ ᠵᠦᠢᠯ ᠢ ᠴᠠᠭ ᠲᠤᠬᠠᠢ ᠳᠤᠨᠢ ᠴᠢᠨᠠᠷ ᠢ ᠪᠠᠲᠤᠯᠠᠨ ᠲᠤᠰᠢᠶᠠᠬᠤ ᠶᠢ ᠠᠬᠢᠭᠤᠯᠤᠨ᠎ᠠ᠃           ᠳ᠋ᠦᠩ ᠵᠢᠶᠠᠨ ᠭᠦᠸᠧ ᠢᠯᠡᠷᠬᠡᠶᠢᠯᠡᠬᠦ ᠳᠡᠭᠡᠨ᠂ ᠤᠯᠤᠰ ᠤᠨ ᠳᠠᠪᠬᠤᠷᠭ᠎ᠠ ᠠᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠠᠵᠢᠯ ᠤᠨ ᠶᠡᠷᠦᠩᠬᠡᠢ ᠲᠥᠰᠥᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠠᠮᠲᠤᠷᠠᠨ ᠨᠡᠶᠢᠲᠡᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠶᠢᠨ  ᠪᠣᠯᠪᠠᠰᠤᠷᠠᠯ ᠥᠷᠨᠢᠭᠦᠯᠵᠦ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠠᠵᠢᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠤᠯᠲᠠ ᠶᠢ ᠵᠣᠬᠢᠴᠠᠭᠤᠯᠬᠤ ᠲᠣᠭᠲᠠᠴᠠ ᠶᠢᠨ ᠦᠷ᠎ᠡ ᠪᠦᠲᠦᠮᠵᠢ ᠶᠢ ᠥᠷᠭᠡᠳᠬᠡᠪᠡ᠃ ᠠᠷᠠᠳ ᠤᠨ ᠳᠡᠭᠡᠳᠦ ᠰᠢᠭᠦᠬᠦ ᠬᠤᠷᠢᠶ᠎ᠠ ᠭᠡᠷ ᠪᠠᠶᠢᠰᠢᠩ ᠭᠠᠵᠠᠷ ᠬᠥᠷᠥᠩᠭᠡ ᠶᠢᠨ ︽ᠴᠠᠭᠠᠨ ᠨᠡᠷᠡᠰ︾ ᠤᠨ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠠᠰᠠᠭᠤᠳᠠᠯ ᠳᠤ ᠴᠢᠭᠯᠡᠭᠦᠯᠦᠨ ᠬᠠᠤᠯᠢ ᠴᠠᠭᠠᠵᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠣᠷᠣᠨ ᠨᠤᠲᠤᠭ ᠤᠨ ᠳᠠᠪᠬᠤᠷᠭ᠎ᠠ ᠳᠤ᠂ ᠡᠯ᠎ᠡ ᠬᠤᠲᠠ ᠶᠢᠨ ᠬᠢᠨ ᠴᠥᠮ ᠱᠠᠭᠠᠷᠳᠠᠯᠭ᠎ᠠ ᠶᠣᠰᠣᠭᠠᠷ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠭᠡᠷ ᠪᠠᠶᠢᠰᠢᠩ ᠲᠤᠰᠢᠶᠠᠬᠤ ᠲᠥᠯᠥᠪᠯᠡᠭᠡ ᠶᠢ ᠲᠣᠳᠣᠷᠬᠠᠶᠢᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠳᠠᠷᠠᠭᠠᠯᠠᠨ ᠰᠢᠢᠳᠪᠦᠷᠢᠯᠡᠬᠦ ᠲᠥᠰᠥᠯ ᠲᠣᠭᠲᠠᠭᠠᠪᠠ︔ ᠬᠡᠰᠡᠭ ᠮᠤᠵᠢ ᠣᠷᠣᠨ ᠪᠠᠰᠠ ᠮᠤᠵᠢ ᠶᠢᠨ ᠱᠠᠲᠤᠨ ᠤ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠲᠥᠰᠥᠯ ᠢ ᠲᠣᠭᠲᠠᠭᠠᠵᠤ᠂ ᠪᠣᠭᠤᠮᠲᠠ ᠰᠢᠪᠲᠤᠯᠬᠤ ᠬᠠᠷᠠᠯᠲᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃            ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠪᠣᠯ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠠᠵᠢᠯ ᠢ ᠲᠦᠯᠬᠢᠨ ᠠᠬᠢᠭᠤᠯᠬᠤ ᠬᠦᠴᠦᠲᠡᠢ ᠭᠠᠷᠳᠠᠴᠠ ᠮᠥᠨ᠃ ᠳ᠋ᠦᠩ ᠵᠢᠶᠠᠨ ᠭᠦᠸᠧ ᠲᠠᠨᠢᠯᠴᠠᠭᠤᠯᠤᠭᠰᠠᠨ ᠨᠢ᠂ ᠣᠳᠣᠬᠠᠨ ᠳᠤ ᠨᠢᠭᠡᠨᠲᠡ ᠤᠯᠤᠰ᠂ ᠮᠤᠵᠢ᠂ ᠬᠤᠲᠠ ᠭᠤᠷᠪᠠᠨ ᠱᠠᠲᠤᠨ ᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ︽ᠴᠠᠭᠠᠨ ᠨᠡᠷᠡᠰ︾ ᠲᠤ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ᠂ ᠬᠤᠳᠠᠯᠳᠤᠭᠠᠨ ᠤ ᠪᠠᠩᠬᠢ ᠶᠢᠨ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ ᠵᠢᠭᠡᠯᠡᠯᠭᠡ ᠥᠭᠬᠦ ᠶᠣᠰᠣᠲᠠᠢ ᠪᠦᠬᠦᠨ ᠳᠤ ᠪᠡᠯᠡ ᠲᠣᠬᠢᠷᠠᠭᠤᠯᠬᠤ ᠳᠡᠮᠵᠢᠯᠭᠡ ᠦᠵᠡᠭᠦᠯᠬᠦ ᠶᠢ ᠠᠬᠢᠭᠤᠯᠤᠨ᠎ᠠ ᠭᠡᠵᠡᠢ᠃            ᠣᠳᠣᠬᠠᠨ ᠳᠤ᠂ ᠬᠤᠳᠠᠯᠳᠤᠭᠠᠨ ᠤ ᠪᠠᠩᠬᠢ ᠨᠢᠭᠡᠨᠲᠡ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠶᠣᠰᠣᠭᠠᠷ ︽ᠴᠠᠭᠠᠨ ᠨᠡᠷᠡᠰ︾ ᠤᠨ 5300 ᠭᠠᠷᠤᠢ ᠲᠥᠷᠥᠯ ᠵᠦᠢᠯ ᠢ ᠪᠠᠲᠤᠯᠠᠵᠤ᠂ ᠵᠢᠭᠡᠯᠡᠯᠭᠡ ᠶᠢᠨ ᠵᠣᠭᠤᠰ ᠤᠨ ᠲᠤᠭ᠎ᠠ 1.4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠳᠡᠭᠡᠷ ᠪᠡᠯᠡ ᠮᠥᠩᠭᠦ ᠶᠢ ᠶᠠᠭ ᠰᠠᠶ᠋ᠢᠬᠠᠨ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠣᠰᠣᠭᠠᠷ ᠵᠠᠯᠭᠠᠭ᠎ᠠ ᠪᠠᠷ ᠥᠭᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠡᠮᠵᠢᠵᠤ ᠪᠠᠶᠢᠨ᠎ᠠ᠃            ᠣᠶᠢᠯᠠᠭᠠᠭᠰᠠᠨ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠡᠯ᠎ᠡ ᠭᠠᠵᠠᠷ ᠢ ᠵᠢᠯᠣᠭᠤᠳᠤᠨ ︽ᠨᠢᠭᠡ ᠲᠥᠷᠥᠯ ᠵᠦᠢᠯ ᠳᠤ ᠨᠢᠭᠡ ᠲᠥᠰᠥᠯ ᠨᠢᠭᠡ ᠲᠤᠰᠬᠠᠢ ᠠᠩᠭᠢ ᠨᠢᠭᠡ ᠪᠠᠩᠬᠢ ᠨᠢᠭᠡ ᠬᠢᠨᠠᠨ ᠪᠤᠳᠤᠭᠴᠢ ᠨᠢᠭᠡ ᠰᠢᠭᠦᠭᠴᠢ︾ ᠶᠢᠨ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠪᠡ᠃ ︽ᠡᠨᠡ ᠬᠡᠪ ᠵᠠᠭᠪᠤᠷ ᠢ ᠬᠠᠮᠤᠭ ᠲᠡᠷᠢᠭᠦᠨ ᠳᠤ ᠵᠧᠩᠵᠧᠦ ᠬᠤᠳᠠ ᠳᠤ ᠲᠤᠷᠰᠢᠨ ᠰᠦᠪᠡᠭᠴᠢᠯᠡᠯᠲᠡ ᠬᠢᠵᠦ ᠳᠠᠷᠠᠭᠠᠪᠠᠷ ᠪᠦᠬᠦ ᠤᠯᠤᠰ ᠲᠤ ᠳᠡᠯᠭᠡᠷᠡᠭᠦᠯᠦᠨ᠎ᠡ᠃ ᠨᠥᠬᠦᠴᠡᠯ ᠳᠤ ᠨᠡᠶᠢᠴᠡᠬᠦ ᠲᠥᠷᠥᠯ ᠵᠦᠢᠯ ᠢ ︿ᠴᠠᠭᠠᠨ ᠨᠡᠷᠡᠰ﹀ ᠲᠤ ᠣᠷᠣᠭᠤᠯᠤᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠢᠶᠠᠨ ᠥᠭᠬᠦ ᠶᠢ ᠪᠠᠲᠤᠯᠠᠨ᠎ᠠ︔ ᠬᠥᠷᠥᠩᠭᠡ ᠨᠢ ᠥᠷᠢ ᠳᠡᠭᠡᠨ ᠦᠯᠦ ᠬᠦᠷᠬᠦ ᠲᠥᠷᠥᠯ ᠵᠦᠢᠯ ᠳᠤ᠂ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠳᠠᠮᠫᠤᠷᠠᠵᠤ ᠳᠠᠬᠢᠨ ᠵᠣᠬᠢᠶᠠᠨ ᠪᠠᠶᠢᠭᠤᠯᠬᠤ ᠪᠤᠶᠤ ᠢᠯᠭᠠᠷᠠᠭᠤᠯᠤᠨ ᠪᠤᠳᠤᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠥᠷᠢ ᠥᠭᠴᠡᠭᠡ ᠶᠢ ᠢᠯᠭᠠᠷᠠᠭᠤᠯᠤᠨ ᠲᠥᠯᠥᠬᠦ ᠲᠤᠬᠠᠢ ᠵᠢᠷᠤᠮᠵᠢᠯ ᠤᠨ ᠲᠣᠭᠲᠠᠭᠠᠯ ᠶᠣᠰᠣᠭᠠᠷ᠂ ᠡᠩ ᠲᠡᠷᠢᠭᠦᠨ ᠳᠤ ᠭᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︾᠃ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠬᠠᠷᠠᠯᠲᠠ ᠪᠣᠯ ᠳᠠᠷᠤᠢ ᠲᠤᠰᠢᠶᠠᠨ ᠥᠭᠬᠦ ᠨᠥᠬᠦᠴᠡᠯ ᠳᠤ ᠨᠡᠶᠢᠴᠡᠬᠦ ᠭᠡᠷ ᠪᠠᠶᠢᠰᠢᠩ ᠢ ᠭᠡᠷ ᠬᠤᠳᠠᠯᠳᠤᠨ ᠠᠪᠤᠭᠴᠢ ᠶᠢᠨ ᠭᠠᠷ ᠲᠤ ᠲᠤᠰᠢᠶᠠᠨ ᠥᠭᠬᠦ ᠶᠠᠪᠤᠳᠠᠯ ᠪᠣᠯᠣᠨ᠎ᠠ᠃ ᠡᠨᠡ ᠬᠦ ᠬᠠᠷᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ︽ᠣᠳᠣᠬᠠᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠢᠭᠡᠨᠲᠡ ᠪᠥᠬᠦ ᠤᠯᠤᠰ ᠤᠨ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠰᠤᠷᠠᠭ ᠵᠠᠩᠭᠢ ᠶᠢᠨ ᠰᠢᠰᠲ᠋ᠧᠮ ᠢ ᠪᠠᠶᠢᠭᠤᠯᠵᠤ᠂ ᠲᠤᠰᠢᠶᠠᠨ ᠥᠭᠬᠦ ᠶᠣᠰᠣᠲᠠᠢ ᠭᠡᠷ ᠪᠠᠶᠢᠰᠢᠩ ᠪᠦᠷᠢ  ᠨᠢ ︿ᠨᠢᠭᠡ ᠭᠡᠷ᠎ᠡ ᠨᠢᠭᠡ ᠡᠷᠦᠬᠡ ᠨᠢᠭᠡ ᠪᠡᠶ᠎ᠡ ᠶᠢᠨ ᠦᠨᠡᠮᠯᠡᠯ ᠤᠨ ᠨᠣᠮᠧᠷ ᠨᠢᠭᠡ ᠬᠠᠷᠢᠯᠴᠠᠬᠤ ᠤᠲᠠᠰᠤ﹀ ᠶᠢᠨ ᠵᠣᠬᠢᠴᠠᠯᠳᠤᠯ ᠢ ᠪᠡᠶᠡᠯᠡᠭᠦᠯᠵᠦ᠂ ᠠᠵᠢᠯ ᠤᠨ ᠬᠠᠷᠠᠯᠲᠠ ᠪᠠᠨ ᠡᠷᠦᠬᠡ ᠳᠤ ᠨᠠᠶᠢᠳᠠᠪᠤᠷᠢᠵᠢᠭᠤᠯᠵᠤ᠂ ᠭᠡᠷ ᠬᠤᠳᠠᠯᠳᠤᠨ ᠠᠪᠤᠭᠴᠢ ᠳᠤ ᠨᠠᠶᠢᠳᠠᠪᠤᠷᠢᠵᠢᠭᠤᠯᠤᠨ᠂ ᠨᠢᠭᠡ ᠢᠵᠢ ᠭᠡᠷ ᠪᠠᠶᠢᠰᠢᠩ ᠢ ᠲᠤᠰᠢᠶᠠᠨ ᠦᠭᠭᠦᠪᠡᠯ᠂ ᠨᠢᠭᠡ ᠢᠵᠢ ᠶᠢ ᠬᠠᠰᠤᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠡᠯ᠎ᠡ ᠭᠠᠵᠠᠷ ᠢ ᠵᠢᠯᠣᠭᠤᠳᠤᠨ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠤᠰᠢᠶᠠᠨ ᠥᠭᠬᠦ ᠲᠥᠷᠥᠯ ᠵᠦᠢᠯ ᠤᠨ ᠣᠷᠣᠵᠤ ᠰᠠᠭᠤᠬᠤ ᠨᠥᠬᠦᠴᠡᠯ ᠢ ᠪᠦᠷᠢᠯᠳᠦᠭᠦᠯᠬᠦ ᠶᠢ ᠦᠨᠡᠨ ᠬᠦ ᠪᠠᠲᠤᠯᠠᠵᠤ᠂ ᠪᠠᠷᠠᠭ᠎ᠠ ᠨᠢ ᠦᠯᠢᠭᠡᠷ ᠵᠠᠭᠪᠤᠷ ᠢᠶᠠᠨ ᠬᠦᠷᠬᠦ ᠦᠭᠡᠢ ᠪᠠᠶᠢᠳᠠᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠡᠭᠦᠨ ᠠᠴᠠ ᠭᠠᠳᠠᠨ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠲᠥᠷᠥᠯ ᠵᠦᠢᠯ ᠤᠨ ᠦᠨᠡᠮᠯᠡᠯ ᠭᠦᠢᠴᠡᠳᠬᠡᠬᠦ ᠠᠰᠠᠭᠤᠳᠠᠯ ᠤᠨ ᠲᠤᠬᠠᠢ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠨᠡᠶᠢᠲᠡᠯᠡᠵᠦ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ︿ᠣᠯᠭᠤᠬᠤ ᠶᠣᠰᠣᠲᠠᠢ ᠶᠢ ᠨᠢ ᠴᠥᠮ ᠣᠯᠭᠤᠬᠤ﹀ ᠶᠢ ᠴᠢᠷᠮᠠᠶᠢᠨ ᠪᠡᠶᠡᠯᠡᠭᠦᠯᠵᠡᠢ︾ ᠭᠡᠵᠦ ᠳ᠋ᠦᠩ ᠵᠢᠶᠠᠨ ᠭᠦᠸᠧ ᠢᠯᠡᠷᠬᠡᠶᠢᠯᠡᠪᠡ᠃ ︽ᠦᠯᠡᠳᠡᠭᠡᠯ ᠣᠷᠣᠨ ᠰᠠᠭᠤᠴᠠ︾ ᠶᠢ ᠬᠤᠳᠠᠯᠳᠤᠨ ᠠᠪᠴᠤ ︽ᠪᠠᠲᠤᠯᠭ᠎ᠠ ᠶᠢᠨ ᠣᠷᠣᠨ ᠰᠠᠭᠤᠴᠠ︾ ᠪᠣᠯᠭᠠᠨ ᠬᠡᠷᠡᠭᠯᠡᠬᠦ ᠶᠠᠪᠤᠳᠠᠯ ᠢ ᠢᠳᠡᠪᠬᠢᠲᠡᠢ ᠪᠠᠷ ᠠᠬᠢᠭᠤᠯᠤᠨ᠎ᠠ            ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠪᠣᠯ ᠬᠤᠲᠠ ᠪᠠᠯᠭᠠᠰᠤᠨ ᠤ ᠣᠷᠣᠨ ᠰᠠᠭᠤᠴᠠ ᠪᠠᠷ ᠬᠦᠴᠢᠷᠳᠡᠯᠲᠡᠢ ᠭᠡᠷ ᠪᠦᠯᠢ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠨᠡ ᠵᠢᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ᠂ ᠡᠯ᠎ᠡ ᠭᠠᠵᠠᠷ ᠢ ᠵᠢᠯᠣᠭᠤᠳᠤᠨ ᠨᠢᠭᠡ ᠲᠠᠯ᠎ᠠ ᠪᠠᠷ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠨᠥᠭᠦᠭᠡ ᠲᠠᠯ᠎ᠠ ᠪᠠᠷ ᠲᠦᠷᠢᠶᠡᠰᠦᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠠᠳᠬᠤᠪᠠ᠃ ᠡᠨᠡ ᠵᠢᠯ ᠤᠨ ᠳᠦᠷᠣᠭᠦᠤ 7 ᠰᠠᠷ᠎ᠠ ᠳᠤ ᠪᠦᠭᠦ ᠤᠯᠤᠰ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠬᠤᠲᠠ ᠶᠢᠨ ᠳᠤᠮᠳᠠᠬᠢ ᠲᠤᠰᠬᠤᠨ ᠤ ᠣᠶᠢᠭᠡᠷᠠᠴᠢᠯᠠᠨ ᠲᠥᠪᠬᠢᠨᠡᠭᠦᠯᠬᠦ ᠣᠷᠣᠨ ᠰᠠᠭᠤᠴᠠ ᠶᠢ ᠨᠢᠭᠡᠨᠲᠡ ᠠᠵᠢᠯ ᠡᠭᠢᠯᠠᠭᠦᠯᠣᠭᠰᠠᠨ ᠪᠠ 235 ᠲᠦᠮᠡᠨ ᠢᠵᠢ ︵ᠲᠠᠰᠤᠯᠭ᠎ᠠ︶ ᠴᠤᠭᠯᠠᠭᠤᠯᠵᠤ᠂ 4400 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠡᠢ᠃            ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠲᠠᠯ᠎ᠠ ᠪᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠡᠯ᠎ᠡ ᠭᠠᠵᠠᠷ ᠢ ᠵᠢᠯᠤᠭᠤᠳᠴᠤ᠂ ᠲᠣᠰ ᠭᠠᠵᠠᠷ ᠣᠷᠣᠨ ᠤ ᠠᠵᠤ ᠠᠬᠤᠢ ᠶᠢᠨ ᠴᠢᠳᠠᠪᠤᠷᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠡᠯ᠎ᠡ ᠲᠥᠷᠥᠯ ᠤᠨ ᠬᠦᠴᠢᠷᠳᠡᠯᠲᠡᠢ ᠬᠥᠮᠥᠰ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠬᠡᠷᠡᠭᠴᠡᠭᠡ ᠪᠠᠷ ᠪᠦᠲᠦᠭᠡᠨ ᠪᠠᠶᠢᠭᠤᠯᠬᠤ ᠶᠢ ᠲᠣᠭᠲᠠᠭᠠᠬᠤ᠂ ᠬᠡᠷᠡᠭᠴᠡᠭᠡ ᠪᠠᠷ ᠬᠤᠳᠠᠯᠳᠤᠨ ᠠᠪᠬᠤ ᠶᠢ ᠲᠣᠭᠲᠠᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠠᠪᠤᠨ ᠵᠢᠯ ᠤᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠪᠠ᠃            ᠡᠨᠡ ᠵᠢᠯ ᠤᠨ ᠲᠥᠯᠥᠪᠯᠡᠭᠡ ᠳᠤ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠡᠳ᠋ ᠤᠨ ᠵᠠᠰᠠᠭ ᠭᠠᠶᠢᠯᠢ᠂ ᠭᠠᠵᠠᠷ ᠰᠢᠷᠣᠢ᠂ ᠮᠥᠩᠭᠦᠨ ᠭᠦᠢᠯᠭᠡᠭᠡ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠠᠵᠢᠯ ᠡᠬᠢᠯᠡᠬᠦ᠂ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠢᠶᠡᠰᠦᠯᠡᠭᠦᠯᠬᠦ ᠪᠠ ᠲᠣᠬᠢᠷᠠᠭᠤᠯᠤᠨ ᠬᠤᠳᠠᠯᠳᠤᠬᠤ ᠠᠵᠢᠯ ᠢ ᠡᠷᠲᠡᠬᠡᠨ ᠥᠷᠨᠢᠭᠦᠯᠵᠦ᠂ ᠤᠯᠠᠨ ᠲᠦᠮᠡᠨ ᠢ ᠡᠷᠲᠡᠬᠡᠨ ᠣᠷᠣᠵᠤ ᠰᠠᠭᠤᠯᠭᠠᠬᠤ ᠶᠢ ᠪᠡᠶᠡᠯᠡᠭᠦᠯᠦᠨ᠎ᠡ ᠭᠡᠵᠦ ᠲᠣᠳᠣᠷᠬᠠᠶᠢᠯᠠᠪᠠ᠃            ︽ᠦᠯᠡᠳᠡᠭᠡᠯ ᠭᠡᠷ ᠪᠠᠶᠢᠰᠢᠩ︾ ᠢ ︽ᠪᠠᠲᠤᠯᠠᠭ᠎ᠠ ᠶᠢᠨ ᠣᠷᠣᠨ ᠰᠠᠭᠤᠴᠠ︾ ᠪᠣᠯᠭᠠᠨ ᠠᠮᠢᠳᠤᠯᠢᠭ ᠪᠣᠯᠭᠠᠬᠤ ᠪᠣᠯ ᠪᠠᠰᠠ ᠴᠤ ᠡᠨᠡ ᠵᠢᠯ ᠤᠨ ᠠᠵᠢᠯ ᠤᠨ ᠭᠤᠣᠯᠳᠠᠯᠭ᠎ᠠ ᠮᠥᠨ᠃ ᠲᠤᠬᠠᠢ ᠶᠢᠨ ᠭᠠᠵᠠᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ᠂ ᠨᠢᠭᠡᠨᠲᠡ ᠪᠠᠶᠢᠭᠤᠯᠤᠭᠰᠠᠨ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠠᠵᠢᠯ ᠢ ᠢᠳᠡᠪᠬᠢᠲᠡᠢ ᠠᠬᠢᠭᠤᠯᠵᠤ᠂ ᠨᠥᠬᠦᠴᠡᠯ ᠪᠦᠷᠢᠳᠦᠭᠰᠡᠨ ᠲᠥᠷᠥᠯ ᠵᠦᠢᠯ ᠢ ᠬᠤᠳᠠᠯᠳᠤᠨ ᠠᠪᠬᠤ ᠶᠢ ᠲᠦᠷᠭᠡᠳᠬᠡᠨ ᠪᠡᠶᠡᠯᠡᠭᠦᠯᠵᠦ᠂ ᠴᠠᠭ ᠲᠤᠬᠠᠢ ᠳᠤᠨᠢ ᠲᠦᠷᠢᠶᠡᠰᠦᠯᠡᠵᠦ᠂ ᠠᠷᠠᠯᠵᠢᠶᠠᠯᠠᠬᠤ ᠬᠡᠷᠡᠭᠲᠡᠢ᠃            8 ᠳ᠋ᠤᠭᠠᠷ ᠰᠠᠷ᠎ᠠ ᠠᠴᠠ ᠨᠠᠰᠢ᠂ ᠨᠢᠭᠡᠨᠲᠡ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠬᠤᠲᠠ ᠠᠭᠠᠵᠢᠮ ᠢᠶᠠᠷ ᠨᠡᠮᠡᠭᠳᠡᠵᠦ ᠪᠠᠶᠢᠨ᠎ᠠ᠃ 8 ᠳ᠋ᠤᠠᠭᠷ ᠰᠠᠷ᠎ᠠ ᠶᠢᠨ 21 ᠤ ᠡᠳᠦᠷ᠂ ᠦᠬᠠᠨ ᠬᠤᠲᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢ ᠠᠰᠢᠭᠯᠠᠨ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠠᠩᠬᠠᠳᠠᠭᠴᠢ ᠲᠥᠷᠥᠯ ᠵᠦᠢᠯ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠤᠯᠭᠠᠬᠤ ᠶᠢ ᠵᠢᠩᠬᠢᠨᠢ ᠪᠠᠷ ᠨᠠᠶᠢᠳᠠᠪᠤᠷᠢᠵᠢᠭᠤᠯᠪᠠ ᠭᠡᠵᠦ ᠮᠡᠳᠡᠭᠡ ᠨᠡᠶᠢᠲᠡᠯᠡᠪᠡ᠃ 8 ᠳ᠋ᠤᠭᠠᠷ ᠰᠠᠷ᠎ᠠ ᠶᠢᠨ 19 ᠤ ᠡᠳᠦᠷ᠂ ᠬᠤᠨᠠᠨ ᠤ ᠴᠠᠩᠱᠠ ᠬᠠᠷᠢᠶ᠎ᠠ ᠣᠷᠣᠨ ᠤ ᠵᠢᠷᠭᠤᠭᠠᠨ ᠲᠣᠭᠤᠷᠢᠭ ᠭᠤᠷᠪᠠᠨ ᠰᠢᠶᠠᠨ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠪᠠ ᠭᠡᠵᠦ ᠨᠡᠶᠢᠲᠡᠯᠡᠵᠡᠢ᠃ ᠱᠧᠨᠵᠧᠨ 8 ᠳ᠋ᠤᠭᠠᠷ ᠰᠠᠷ᠎ᠠ ᠶᠢᠨ ᠡᠬᠢ ᠪᠠᠷ ᠲᠠᠸᠠᠷ ᠤᠨ ᠭᠡᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠥᠷᠥᠯ ᠵᠦᠢᠯ ᠳᠤ ᠬᠡᠷᠡᠭᠯᠡᠵᠡᠢ ᠭᠡᠵᠦ ᠮᠡᠳᠡᠭᠡ ᠨᠡᠶᠢᠲᠡᠯᠡᠵᠦ ᠲᠣᠳᠣᠷᠬᠠᠶᠢᠯᠠᠪᠠ᠃            ᠡᠨᠡ ᠵᠢᠯ ᠤᠨ 5 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠢᠭᠡᠨᠲᠡ ᠪᠠᠶᠢᠭᠤᠯᠤᠭᠰᠠᠨ ᠦᠯᠡᠳᠡᠭᠡᠯ ᠲᠠᠸᠠᠷ ᠤᠨ ᠭᠡᠷ ᠪᠠᠶᠢᠰᠢᠩ ᠢ ᠵᠦᠢ ᠵᠣᠬᠢᠰᠲᠠᠢ ᠦᠨ᠎ᠡ ᠬᠠᠩᠰᠢ ᠪᠠᠷ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠᠷ ᠬᠤᠳᠠᠯᠳᠤᠬᠤ ᠪᠤᠶᠤ ᠲᠦᠷᠢᠶᠡᠰᠦᠯᠡᠬᠦ ᠳᠤ ᠬᠡᠷᠡᠭᠯᠡᠬᠦ ᠶᠢ ᠲᠡᠮᠵᠢᠪᠡ᠃              ︽ᠬᠥᠮᠥᠨ᠂ ᠭᠡᠷ ᠪᠠᠶᠢᠰᠢᠩ᠂ ᠭᠠᠵᠠᠷ ᠰᠢᠷᠣᠢ᠂ ᠵᠣᠭᠤᠰ︾ ᠤᠨ ᠬᠦᠴᠦᠨ ᠵᠦᠢᠯ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ ︽ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ︾ ᠢ ᠲᠦᠷᠭᠡᠳᠬᠡᠨ ᠪᠠᠶᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠦᠵᠦ ᠲᠥᠯᠥᠪᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠵᠢᠴᠢ ᠭᠠᠵᠠᠷ ᠰᠢᠷᠣᠢ᠂ ᠮᠥᠩᠭᠦᠨ ᠭᠦᠢᠯᠭᠡᠭᠡ᠂ ᠡᠳ᠋ ᠤᠨ ᠵᠠᠰᠠᠭ ᠭᠠᠶᠢᠯᠢ ᠵᠡᠷᠭᠡ ᠰᠠᠭᠤᠷᠢ ᠴᠢᠨᠠᠷᠲᠠᠢ ᠳᠦᠷᠢᠮ ᠢ ᠲᠦᠷᠭᠡᠳᠬᠡᠨ ᠥᠭᠡᠷᠡᠴᠢᠯᠡᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠡᠨᠡ ᠬᠦ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ ᠪᠠᠶᠢᠨ᠎ᠠ᠃ ᠪᠣᠳᠠᠲᠠᠢ ᠪᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠨᠢ ᠭᠤᠣᠯᠳᠠᠭᠤ ᠵᠢᠷᠭᠤᠭᠠᠨ ᠲᠠᠯ᠎ᠠ ᠳᠤ ᠬᠤᠯᠪᠣᠭᠳᠠᠨ᠎ᠠ᠄ ᠨᠢᠭᠡᠳᠦᠭᠡᠷ ᠲᠤ᠂ ᠣᠷᠣᠨ ᠰᠠᠭᠤᠴᠠ ᠶᠢᠨ ᠬᠠᠩᠬᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠭᠤᠣᠯᠳᠠᠯᠭ᠎ᠠ ᠨᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠬᠠᠯᠭ᠎ᠠ ᠶᠢ ᠨᠡᠮᠡᠭᠳᠡᠭᠦᠯᠦᠨ᠎ᠡ᠃                  ᠬᠤᠶᠠᠳᠤᠭᠠᠷ ᠲᠤ᠂ ᠡᠯ᠎ᠡ ᠭᠠᠵᠠᠷ ᠤᠨ ᠬᠢᠨ ᠨᠢ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠣᠨ ᠤ ᠬᠥᠭᠵᠢᠯᠲᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ︽ᠬᠥᠮᠥᠨ᠂ ᠭᠡᠷ ᠪᠠᠶᠢᠰᠢᠩ᠂ ᠭᠠᠵᠠᠷ᠂ ᠵᠣᠭᠤᠰ︾ ᠤᠨ ᠬᠦᠴᠦᠨ ᠵᠦᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃            ᠭᠤᠷᠪᠠᠳᠤᠭᠠᠷ ᠲᠤ᠂ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠰᠢᠨ᠎ᠡ ᠲᠥᠷᠥᠯ ᠵᠦᠢᠯ ᠢ ᠰᠣᠩᠭᠤᠨ᠂ ᠭᠠᠵᠠᠷ ᠰᠢᠷᠣᠢ ᠬᠤᠳᠠᠯᠳᠤᠭᠠᠯᠠᠬᠤ ᠦᠶ᠎ᠡ ᠳᠤ ᠪᠡᠯᠡᠨ ᠭᠡᠷ ᠪᠠᠶᠢᠰᠢᠩ ᠪᠣᠷᠣᠯᠠᠭᠤᠯᠬᠤ ᠶᠢ ᠪᠠᠲᠤᠯᠠᠨ ᠬᠡᠷᠡᠭᠵᠢᠭᠦᠯᠵᠦ᠂ ᠦᠢᠯᠡᠳᠦᠯᠭᠡ ᠲᠠᠢ ᠤᠶᠠᠯᠳᠤᠭᠤᠯᠤᠨ ᠪᠦᠷᠢᠨ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠢ᠃          ᠳᠥᠷᠪᠡᠳᠦᠭᠡᠷ ᠲᠤ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ︽ᠴᠠᠭᠠᠨ ᠨᠡᠷᠡᠰ︾ ᠤᠨ ᠳᠦᠷᠢᠮ ᠢ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠭᠤᠣᠯ ᠴᠣᠭᠴᠠ ᠶᠢᠨ ᠢᠲᠡᠭᠡᠮᠵᠢ ᠳᠤ ᠲᠦᠰᠢᠭᠯᠡᠵᠦ ᠪᠠᠶᠢᠭᠰᠠᠨ ᠠᠴᠠ ᠲᠦᠷᠦᠯ ᠵᠦᠢᠯ ᠤᠨ ᠪᠠᠶᠢᠳᠠᠯ ᠳᠤ ᠰᠠᠭᠤᠷᠢᠯᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃          ᠲᠠᠪᠤᠳᠤᠭᠠᠷ ᠲᠤ᠂ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ᠂ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠭᠡᠷ ᠪᠠᠶᠢᠰᠢᠩ ᠤᠨ ᠳᠠᠭᠠᠳᠬᠠᠯ ᠤᠨ ᠳᠦᠷᠢᠮ ᠢ ᠰᠤᠳᠤᠯᠤᠨ ᠪᠠᠶᠢᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠣᠳᠣᠬᠠᠨ ᠳᠤ᠂ ᠱᠠᠩᠬᠠᠢ ᠵᠡᠷᠭᠡ 22 ᠬᠤᠲᠠ ᠳᠤ ᠶᠠᠭ ᠲᠤᠷᠰᠢᠯᠲᠠ ᠬᠢᠵᠦ ᠪᠠᠶᠢᠨ᠎ᠠ᠃ ᠣᠨᠴᠠᠭᠠᠶᠢᠯᠠᠨ ᠭᠡᠷ ᠪᠠᠶᠢᠰᠢᠩ ᠤᠨ ᠨᠠᠰᠤᠵᠢᠯ ᠤᠨ ᠮᠥᠩᠭᠦ ᠶᠢᠨ ᠲᠠᠯ᠎ᠠ ᠪᠠᠷ᠂ ᠬᠤᠪᠢ ᠬᠥᠮᠥᠨ ᠤ ᠲᠠᠩᠰᠠᠨ ᠡᠷᠦᠬᠡ ᠨᠢ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠲᠤᠰᠢᠶᠠᠬᠤ ᠪᠠᠷ ᠳᠠᠮᠵᠢᠭᠤᠯᠤᠨ ᠨᠢᠭᠡᠨᠲᠡ ᠪᠤᠢ ᠪᠣᠯᠵᠠᠢ᠂ ᠲᠤᠷᠰᠢᠯᠲᠠ ᠶᠢᠨ ᠴᠡᠭ ᠤᠨ ᠭᠤᠣᠯᠳᠠᠯᠭ᠎ᠠ ᠨᠢ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠲᠠᠩᠰᠠᠨ ᠡᠷᠦᠬᠡ ᠶᠢ ᠪᠠᠶᠢᠭᠤᠯᠬᠤ ᠶᠠᠪᠤᠳᠠᠯ ᠪᠣᠯᠣᠨ᠎ᠠ᠃           ᠵᠢᠷᠭᠤᠳᠤᠭᠠᠷ ᠲᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠣᠶᠤᠨᠴᠢᠯᠠᠭᠰᠠᠨ᠂ ᠠᠮᠤᠷ ᠲᠦᠪᠰᠢᠨ ︽ᠰᠠᠶᠢᠨ ᠭᠡᠷ︾ ᠢ ᠪᠦᠲᠦᠭᠡᠨ ᠪᠠᠶᠢᠭᠤᠯᠤᠨ᠎ᠠ᠃ ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠠᠷᠢᠮᠵᠢᠶ᠎ᠠ ᠲᠣᠭᠲᠠᠭᠠᠬᠤ᠂ ᠦᠯᠢᠭᠡᠷ ᠵᠠᠭᠪᠤᠷ ᠢ ᠪᠤᠢ ᠪᠤᠯᠭᠠᠬᠤ ᠲᠠᠯ᠎ᠠ ᠪᠠᠷ ᠨᠢᠭᠡᠨᠲᠡ ᠡᠳᠦᠢ ᠲᠡᠳᠦᠢ ᠠᠵᠢᠯ ᠬᠢᠵᠡᠢ᠂ ᠲᠠᠷᠠᠭᠠᠴᠢ ᠶᠢᠨ ᠠᠯᠬᠤᠮ ᠳᠤ ᠰᠢᠰᠲ᠋ᠧᠮ ᠪᠠᠶᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠎ᠠ᠃          ᠢᠷᠡᠯᠲᠡ᠄ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠰᠣᠨᠢᠨ  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号