ᠰᠠᠶᠢᠬᠠᠨ ᠳᠣᠲᠣᠭᠠᠳᠤ ᠶᠢ ᠬᠠᠮᠠᠭᠠᠯᠠᠬᠤ ᠰᠦᠷᠳᠡᠭᠦᠯᠦᠯ ᠢ ᠡᠰᠡᠷᠭᠦᠴᠡᠬᠦ ᠪᠣᠯᠪᠠᠰᠤᠷᠠᠯ ᠠᠵᠤ ᠠᠬᠤᠶᠢᠯᠠᠯ ᠳᠤ ᠣᠷᠤᠵᠦ᠂ ᠬᠤᠯᠪᠤᠭᠠᠯᠠᠨ ᠬᠥᠳᠡᠯᠦᠯᠴᠡᠵᠦ ᠠᠮᠤᠷ  ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2024/8/28
     ᠬᠠᠷᠢᠶᠠᠲᠤ ᠣᠷᠣᠨ ᠤ ᠬᠤᠳᠠᠯᠳᠤᠭᠠᠨ ᠤ ᠲᠠᠯᠠᠪᠤᠷ ᠤᠨ ᠭᠡᠨᠡᠳᠲᠡ ᠶᠢᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠳᠤᠮᠳᠠᠳᠤ ᠤᠯᠤᠰ ᠤᠨ ᠲᠤᠰᠬᠠᠢ ᠵᠠᠮ ᠤᠨ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠬᠤᠳᠠᠯᠳᠤᠭᠠᠨ ᠤ ᠲᠠᠯᠠᠪᠤᠷ ᠲᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠠᠮᠤᠷ ᠲᠦᠪᠰᠢᠨ ᠤ ᠪᠣᠯᠪᠠᠰᠤᠷᠠᠭᠤᠯᠤᠯ ᠥᠷᠨᠢᠭᠦᠯᠪᠡ᠃
    ᠪᠣᠯᠪᠠᠰᠤᠷᠠᠯ ᠤᠨ ᠳᠤᠮᠳᠠ᠂ ᠠᠷᠠᠳ ᠤᠨ ᠴᠠᠭᠳᠠᠭ᠎ᠠ ᠬᠤᠳᠠᠯᠳᠤᠭᠠᠨ ᠤ ᠲᠠᠯᠠᠪᠤᠷ ᠤᠨ ᠠᠮᠤᠷ ᠢ ᠬᠠᠮᠠᠭᠠᠯᠠᠬᠤ ᠠᠵᠢᠯᠲᠠᠨ ᠳᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠬᠡᠷᠡᠭᠯᠡᠬᠦ ᠲᠠᠯ᠎ᠠ ᠪᠠᠷ ᠪᠣᠯᠪᠠᠰᠤᠷᠠᠯ ᠬᠢᠪᠡ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠬᠢᠭᠡᠳ ᠬᠤᠳᠠᠯᠳᠤᠭᠠᠨ ᠤ ᠲᠠᠯᠠᠪᠤᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠪᠠᠰᠤᠷᠠᠭᠤᠯᠤᠯ ᠤᠨ ᠪᠠᠶᠢᠳᠠᠯ ᠢ ᠵᠠᠳᠠᠯᠤᠨ ᠡᠭᠦᠨ ᠤ ᠬᠠᠮᠲᠤ ᠪᠣᠳᠠᠲᠠᠢ ᠬᠡᠷᠡᠭ ᠵᠢᠱᠢᠶ᠎ᠡ ᠲᠠᠢ ᠤᠶᠠᠯᠳᠤᠭᠤᠯᠤᠨ᠂ ᠠᠮᠤᠷ ᠢ ᠬᠠᠮᠠᠭᠠᠯᠠᠬᠤ ᠠᠵᠢᠯᠲᠠᠨ ᠳᠤ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠵᠥᠪ ᠬᠡᠷᠡᠭᠯᠡᠬᠦ ᠪᠠ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠤᠷ᠎ᠠ ᠴᠢᠳᠠᠪᠤᠷᠢ ᠶᠢ ᠡᠵᠡᠮᠰᠢᠬᠦ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠡᠢ᠃
     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠴᠠᠭᠳᠠᠭ᠎ᠠ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠵᠦ ᠰᠦᠷᠳᠡᠭᠦᠯᠦᠯ ᠢ ᠰᠡᠷᠭᠡᠶᠢᠯᠡᠨ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ ᠠᠵᠢᠯᠲᠠᠨ ᠤ ᠭᠡᠨᠡᠳᠲᠡ ᠶᠢᠨ ᠬᠡᠷᠡᠭ ᠤᠨ ᠲᠤᠬᠠᠢ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠤᠨ᠂ ᠴᠠᠭᠳᠠᠭ᠎ᠠ ᠪᠠ ᠠᠵᠤ ᠠᠬᠤᠶᠢᠯᠠᠯ ᠤᠨ ᠬᠠᠮᠵᠢᠯᠴᠠᠨ ᠬᠠᠮᠵᠢᠯᠴᠠᠬᠤ᠂ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠲᠣᠬᠢᠲᠠᠢ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃          ᠲᠠᠷᠠᠭᠠᠴᠢ ᠶᠢᠨ ᠠᠯᠬᠤᠮ ᠳᠤ᠂ ᠰᠠᠶᠢᠬᠠᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠶᠠᠲᠤ ᠣᠷᠣᠨ ᠤ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠵᠠᠭᠪᠤᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠦᠨ᠎ᠡ᠃ ᠡᠯ᠎ᠡ ᠲᠥᠷᠥᠯ ᠤᠨ ᠠᠮᠤᠷ ᠲᠦᠪᠰᠢᠨ ᠤ ᠪᠣᠯᠪᠠᠰᠤᠷᠠᠯ ᠪᠠ ᠰᠣᠷᠢᠯᠲᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠪᠠᠷ ᠳᠠᠮᠵᠢᠭᠤᠯᠤᠨ᠂ ᠠᠮᠤᠷ ᠢ ᠬᠠᠮᠠᠭᠠᠯᠠᠬᠤ ᠠᠵᠢᠯᠲᠠᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠬᠠᠷᠢᠭᠤ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ  ᠠᠮᠤᠷ ᠲᠦᠪᠰᠢᠨ ᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ᠂ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号