ᠤᠯᠤᠰ ᠠᠴᠠ ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠦᠷᠲᠠᠨ ᠪᠠᠶᠢᠴᠠᠭᠠᠵᠤ ᠡᠬᠢᠯᠡᠪᠡ
ᠨᠡᠶᠢᠲᠡᠯᠡᠭᠰᠡᠨ ᠴᠠᠭ᠄
2024/8/29
     ᠲᠦᠷᠦᠭᠦᠬᠡᠨ᠂ 2024 ᠣᠨ ᠤ ᠤᠯᠤᠰ ᠠᠴᠠ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠦᠷᠲᠠᠨ ᠪᠠᠶᠢᠴᠠᠭᠠᠬᠤ ᠠᠵᠢᠯ ᠤᠨ ᠡᠭᠢᠯᠡᠯᠲᠡ ᠶᠢᠨ ᠬᠤᠷᠠᠯ ᠲᠣᠰ ᠲᠣᠰ ᠭᠦᠭᠡᠬᠤᠲᠠ᠂ ᠤᠯᠠᠭᠠᠨᠴᠠᠪ ᠬᠤᠲᠠ ᠳᠤ ᠬᠤᠷᠠᠯᠳᠤᠪᠠ᠃      ᠬᠤᠷᠠᠯ ᠤᠨ ᠲᠤᠬᠠᠢ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠦᠴᠦᠸᠠᠨ ᠰᠢᠶᠠᠨ ᠤ ᠷᠧᠨ ᡁᠢ ᠭᠠᠩ ᠬᠢᠲᠠᠳ ᠡᠮᠨᠡᠯᠭᠡ ᠶᠢᠨ ᠬᠤᠷᠢᠶ᠎ᠠ᠂ ᠴᠢᠩ ᠱᠦᠢ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠭᠦᠸᠧ ᠳ᠋ᠡ ᠡᠮ ᠤᠨ ᠳᠡᠯᠭᠡᠭᠦᠷ ᠤᠨ ᠥᠪᠥᠷ ᠮᠣᠩᠭᠤᠯ ᠤᠨ ᠬᠢᠵᠠᠭᠠᠷᠲᠤ ᠺᠤᠮᠫᠠᠨᠢ ᠶᠢ 2024 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠭᠦᠭᠡᠬᠤᠳᠠ ᠳᠠᠬᠢ ᠪᠠᠶᠢᠴᠠᠭᠠᠯᠲᠠ ᠬᠦᠯᠢᠶᠡᠬᠦ ᠪᠠᠶᠢᠭᠤᠯᠤᠮᠵᠢ ᠪᠠᠷ ᠲᠣᠬᠲᠠᠭᠠᠪᠠ; ᠤᠯᠠᠭᠠᠨᠴᠠᠪ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠤᠯᠠᠭᠠᠨᠴᠠᠪ ᠬᠤᠲᠠ ᠶᠢᠨ ᠰᠢᠨ ᠲᠧ ᠰᠢᠨ ᠲᠣᠮᠣ ᠡᠮ ᠤᠨ ᠳᠡᠯᠭᠡᠭᠦᠷ ᠤᠨ ᠬᠡᠯᠬᠢᠶᠡᠲᠦ ᠬᠢᠵᠠᠭᠠᠷᠲᠤ ᠺᠤᠮᠫᠠᠨᠢ ᠵᠢᠴᠢ ᠠᠷᠠᠳ ᠠᠴᠠ ᠡᠵᠡᠩᠨᠡᠭᠰᠡᠨ 3 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ 2024 ᠣᠨ ᠤ ᠤᠯᠤᠰ ᠤᠨ ᠡᠮ ᠡᠮᠨᠡᠯᠭᠡ ᠶᠢᠨ ᠰᠠᠭᠤᠷᠢ ᠮᠥᠩᠭᠦ ᠶᠢᠨ ᠤᠯᠠᠭᠠᠨᠴᠠᠪ ᠬᠤᠲᠠ ᠳᠠᠬᠢ ᠪᠠᠶᠢᠴᠠᠭᠠᠯᠲᠠ ᠬᠦᠯᠢᠶᠡᠬᠦ ᠪᠠᠶᠢᠭᠤᠯᠤᠮᠵᠢ ᠪᠠᠷ ᠲᠣᠭᠲᠠᠭᠠᠵᠠᠢ᠃ ᠭᠤᠸᠠᠩᠳᠦ᠋ᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠣᠰ ᠤᠳᠠᠭᠠᠨ ᠤ ᠤᠯᠤᠰ ᠤᠨ ᠮᠦᠷᠲᠠᠨ ᠪᠠᠶᠢᠴᠠᠭᠠᠬᠤ ᠳᠤᠭᠤᠶᠢᠯᠠᠩ ᠪᠣᠯᠤᠭᠰᠠᠨ ᠤ ᠬᠤᠪᠢ ᠳᠤ᠂ ᠪᠠᠶᠢᠴᠠᠭᠠᠯᠲᠠ ᠬᠦᠯᠢᠶᠡᠬᠦ ᠪᠠᠶᠢᠭᠤᠯᠤᠮᠵᠢ ᠶᠢᠨ 2022 ᠣᠨ ᠠᠴᠠ 2023 ᠣᠨ ᠪᠤᠯᠲᠠᠯᠠᠭᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ᠂ ᠬᠠᠮᠢᠶᠠᠷᠤᠯᠲᠠ ᠵᠢᠴᠢ ᠬᠤᠯᠪᠣᠭᠳᠠᠯ ᠪᠦᠬᠦᠢ ᠳᠣᠲᠣᠭᠠᠳᠤ ᠡᠵᠡᠮᠳᠡᠯ ᠤᠨ ᠳᠦᠷᠢᠮ ᠤᠨ ᠪᠠᠶᠢᠭᠤᠯᠤᠯᠲᠠ᠂ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠪᠣᠯᠣᠨ᠎ᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠦᠷᠲᠠᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠥᠪ ᠢᠶᠠᠷ ᠬᠠᠨᠳᠤᠵᠤ᠂ ︽ᠳᠠᠷᠤᠶᠢᠬᠠᠨ ᠭᠦᠢᠴᠡᠳᠬᠡᠬᠦ︾ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠲᠥᠰᠥᠯ ᠢ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠦᠳᠲᠡᠷ ᠲᠦᠷᠭᠡᠨ ᠲᠣᠳᠣᠷᠬᠠᠶᠢᠯᠠᠬᠤ ᠶᠢᠨ ᠬᠠᠮᠲᠤ᠂ ᠳ᠋ᠤᠭᠠᠷ ᠬᠠᠰᠤᠬᠤ ᠳᠦᠷᠢᠮ ᠢ ᠬᠡᠷᠡᠭᠵᠢᠭᠦᠯᠵᠦ᠂ ᠨᠢᠭᠡ ᠵᠦᠢᠯ ᠢ ᠢᠯᠡᠷᠡᠭᠦᠯᠪᠡᠯ᠂ ᠨᠢᠭᠡ ᠵᠦᠢᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠵᠦᠢᠯ ᠢ ᠪᠠᠬᠢᠵᠢᠭᠦᠯᠵᠦ᠂︽ᠨᠢᠭᠡ ᠶᠠᠪᠤᠳᠠᠯ ᠢ ᠨᠠᠶᠢᠳᠠᠪᠤᠷᠢᠵᠢᠭᠤᠯᠵᠤ᠂ ᠤᠴᠢᠷ ᠪᠣᠯᠭᠠᠨ ᠳᠤ ᠬᠠᠷᠢᠭᠤ ᠥᠭᠬᠦ︾ ᠶᠢ ᠪᠡᠶᠡᠯᠡᠭᠦᠯᠬᠦ ᠬᠡᠷᠡᠭᠲᠡᠢ᠃  ᠡᠭᠦᠨ ᠤ ᠬᠠᠮᠲᠤ᠂ ᠲᠣᠰ ᠤᠳᠠᠭᠠᠨ ᠤ ᠮᠦᠷᠲᠠᠨ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠡᠭᠦᠰᠦᠭᠰᠡᠨ ᠭᠦᠨ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠢ ᠡᠷᠢᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠵᠠᠢ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠬᠦ᠂ ᠣᠶᠤᠨᠴᠢ ᠪᠠᠷ ᠬᠢᠨᠠᠨ ᠡᠵᠡᠮᠳᠡᠬᠦ ᠶᠢ ᠲᠡᠭᠦᠯᠳᠡᠷᠵᠢᠭᠦᠯᠬᠦ᠂ ᠠᠶᠢᠮᠠᠭ ᠬᠤᠲᠠ ᠬᠠᠷᠢᠯᠴᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠠᠷᠠᠳ ᠣᠯᠠᠨ ᠤ ︽ᠠᠮᠢ ᠠᠪᠤᠷᠠᠬᠤ ᠵᠣᠭᠤᠰ︾ ᠢ ᠡᠷᠡᠰ ᠰᠠᠶᠢᠲᠤᠷ ᠰᠠᠬᠢᠨ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号