ᠭᠦᠭᠡᠬᠤᠲᠠ 51226 ᠰᠣᠷᠣᠬᠴᠢ ᠶᠢᠨ ︽ᠢᠯᠡ ᠪᠠᠷ ᠠᠩᠭᠢ ᠬᠤᠪᠢᠶᠠᠬᠤ︾ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/30
     8 ᠰᠠᠷ᠎ᠠ ᠶᠢᠨ 26 ᠤ ᠦᠳᠡ ᠶᠢᠨ ᠡᠮᠦᠨ᠎ᠡ᠂ ᠭᠦᠭᠡᠬᠤᠲᠠ ᠶᠢᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠭᠢᠯᠡᠯᠲᠡ ᠶᠢᠨ ᠣᠨ ᠤ ︽ᠢᠯᠡ ᠪᠠᠷ ᠠᠩᠭᠢ ᠬᠤᠪᠢᠶᠠᠬᠤ︾ ᠲᠤᠬᠠᠢ ᠶᠢᠨ ᠲᠠᠯᠠᠪᠤᠷ ᠤᠨ ᠬᠤᠷᠠᠯ ᠭᠦᠭᠡᠬᠤᠲᠠ ᠶᠢᠨ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠲᠤ ᠶᠠᠪᠤᠭᠳᠠᠪᠠ᠃ ᠡᠨᠡ ᠵᠢᠯ ︽ᠢᠯᠡ ᠪᠠᠷ ᠠᠩᠭᠢ ᠬᠤᠪᠢᠶᠠᠬᠤ︾ ᠳᠤ ᠣᠷᠣᠯᠴᠠᠬᠰᠠᠨ ᠰᠣᠷᠣᠬᠴᠢ ᠨᠡᠶᠢᠲᠡ 51226 ᠪᠠᠶᠢᠵᠤ᠂ ᠨᠡᠶᠢᠲᠡ 1120 ᠠᠩᠭᠢ ᠳᠤ ᠬᠤᠪᠢᠶᠠᠵᠤ᠂ ᠠᠩᠭᠢ ᠬᠤᠪᠢᠶᠠᠬᠤ ᠳᠤ ᠣᠷᠣᠯᠴᠠᠬᠰᠠᠨ ᠠᠩᠭᠢ ᠶᠢᠨ ᠡᠷᠭᠢᠯᠡᠭᠴᠢ ᠨᠡᠶᠢᠲᠡ 1120 ᠬᠥᠮᠥᠨ ᠪᠤᠢ᠃ ᠡᠭᠦᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠣᠷᠣᠬᠤ ᠰᠤᠷᠤᠬᠴᠢ 25945 ᠪᠠᠶᠢᠵᠤ᠂  602 ᠠᠩᠭᠢ ᠳᠤ ᠬᠤᠪᠢᠶᠠᠵᠤ᠂  602 ᠠᠩᠭᠢ ᠶᠢᠨ ᠡᠷᠭᠢᠯᠡᠭᠴᠢ ᠳᠤᠭᠢᠷᠠᠭᠤᠯᠵᠠᠢ; ᠠᠩᠬ᠎ᠠ ᠳᠤᠮᠳᠠᠳᠤ ᠶᠢᠨ ᠨᠢᠭᠡᠳᠦᠭᠡᠷ ᠣᠨ ᠳᠤ 25281 ᠰᠤᠷᠤᠬᠴᠢ ᠪᠠᠶᠢᠵᠤ᠂ ᠨᠡᠶᠢᠳᠡ 518 ᠠᠩᠭᠢ ᠳᠤ ᠬᠤᠪᠢᠶᠠᠵᠤ᠂  518 ᠠᠩᠭᠢ ᠶᠢᠨ ᠡᠷᠭᠢᠯᠡᠭᠴᠢ ᠲᠣᠬᠢᠷᠠᠭᠤᠯᠵᠠᠢ᠃      2024 ᠣᠨ ᠳᠤ ᠭᠦᠭᠡᠬᠤᠲᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠬᠢᠨ ᠤ ᠣᠨ ᠤ ᠰᠢᠨ᠎ᠡ ᠰᠤᠷᠤᠬᠴᠢᠳ ᠢ ︽ᠢᠯᠡ ᠪᠠᠷ ᠠᠩᠭᠢ ᠬᠤᠪᠢᠶᠠᠬᠤ︾ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨ ᠰᠤᠷᠭᠠᠭᠤᠯᠢ ᠪᠠᠷ ᠨᠢᠭᠡᠴᠢ ᠪᠣᠯᠭᠠᠨ ᠠᠩᠭᠢ ᠬᠤᠪᠢᠶᠠᠬᠤ ᠵᠥᠭᠡᠯᠡᠨ ᠲᠣᠨᠤᠭ ᠢ ᠠᠰᠢᠭᠯᠠᠨ ︽ᠢᠯᠡ ᠪᠠᠷ ᠠᠩᠭᠢ ᠬᠤᠪᠢᠶᠠᠪᠠ︾᠃ ᠡᠯ᠎ᠡ ᠰᠤᠷᠭᠠᠭᠤᠯᠢ ᠨᠤᠭᠤᠳ ᠰᠣᠷᠣᠬᠴᠢ ᠡᠯᠰᠡᠬᠦ ᠲᠥᠯᠥᠪᠯᠡᠭᠡ ᠪᠠ ᠰᠤᠷᠭᠠᠭᠤᠯᠢ ᠶᠢᠨ ᠪᠣᠳᠠᠲᠠᠢ ᠡᠯᠰᠡᠭᠰᠡᠨ ᠰᠣᠷᠣᠬᠴᠢ ᠶᠢᠨ ᠲᠤᠭ᠎ᠠ ᠶᠢ ᠦᠨᠳᠦᠰᠦᠯᠡᠨ᠂ ︽ᠲᠡᠩᠴᠡᠭᠦᠯᠦᠨ ᠲᠣᠬᠢᠷᠠᠭᠤᠯᠬᠤ᠂ ᠪᠦᠲᠦᠴᠡ ᠶᠢ ᠵᠦᠢ ᠵᠣᠬᠢᠰᠲᠠᠢ ᠪᠠᠶᠢᠯᠭᠠᠬᠤ︾ ᠵᠠᠷᠴᠢᠮ ᠢᠶᠠᠷ᠂ ᠠᠩᠭᠢ ᠶᠢᠨ ᠡᠷᠭᠢᠯᠡᠭᠴᠢ ᠲᠠᠢ ᠢᠵᠢ ᠪᠦᠷᠢᠳᠦᠭᠰᠡᠨ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠪᠠᠭᠰᠢ ᠶᠢ ᠲᠣᠭᠲᠠᠭᠠᠵᠤ᠂ ᠠᠩᠭᠢ ᠶᠢᠨ ᠡᠷᠭᠢᠯᠡᠭᠴᠢ ᠶᠢᠨ ᠨᠡᠷᠡᠰ ᠢ ︽ᠢᠯᠡ ᠪᠠᠷ ᠠᠩᠭᠢ ᠬᠤᠪᠢᠶᠠᠬᠤ︾ ᠵᠥᠭᠡᠯᠡᠨ ᠲᠣᠨᠤᠭ ᠤᠨ ᠲᠠᠪᠴᠠᠩ ᠳᠤ ᠳᠠᠮᠵᠢᠭᠤᠯᠪᠠ; ︽ᠢᠯᠡ ᠪᠠᠷ ᠠᠩᠭᠢ ᠬᠤᠪᠢᠶᠠᠬᠤ︾ ᠲᠤᠬᠠᠢ ᠶᠢᠨ ᠲᠠᠯᠠᠪᠤᠷ ᠲᠤ ᠪᠦᠭᠦ ᠰᠢᠨ᠎ᠡ ᠰᠣᠷᠣᠬᠴᠢ ᠶᠢ ᠺᠤᠮᠫᠢᠦ᠋ᠲ᠋ᠧᠷ ᠢᠶᠠᠷ ᠲᠣᠬᠢᠷᠠᠭᠤᠯᠤᠨ ᠠᠩᠭᠢ ᠬᠤᠪᠢᠶᠠᠬᠤ ᠶᠢᠨ ᠬᠠᠮᠲᠤ ᠠᠩᠭᠢ ᠨᠢᠭᠡᠪᠦᠷᠢ ᠶᠢᠨ ᠬᠠᠷᠠᠭᠠᠯᠵᠠᠭᠰᠠᠨ ᠠᠩᠭᠢ ᠶᠢᠨ ᠡᠷᠭᠢᠯᠡᠭᠴᠢ ᠶᠢ ᠴᠤ ᠺᠤᠮᠫᠢᠦ᠋ᠲ᠋ᠧᠷ ᠢᠶᠠᠷ ᠰᠣᠩᠭᠤᠨ ᠲᠣᠬᠢᠷᠠᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号