ᠰᠠᠶᠢᠬᠠᠨ ᠲᠣᠭᠤᠷᠢᠭ ᠲᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2024/8/5
     ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠬᠠᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠬᠠᠮᠲᠤ ᠭᠦᠨᠵᠡᠭᠡᠢ ᠦᠢᠯᠡᠳᠦᠯᠭᠡᠵᠢᠭᠦᠯᠵᠦ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠭᠤᠣᠯ ᠪᠠᠶᠢᠷᠢᠨ ᠳᠤ ᠲᠠᠯᠪᠢᠵᠤ᠂ ︽ᠡᠷᠬᠡ ᠪᠠᠨ ᠬᠠᠮᠠᠭᠠᠯᠠᠵᠤ ᠠᠷᠠᠳ ᠤᠨ ᠲᠥᠯᠥᠭᠡ ᠵᠢᠳᠬᠦᠵᠦ᠂ ᠦᠢᠯᠡᠴᠢᠯᠡᠭᠡ ᠶᠢ ᠳᠡᠭᠡᠳᠦᠯᠡᠬᠦ︾ ᠵᠠᠷᠴᠢᠮ ᠢ ᠪᠠᠷᠢᠮᠲᠠᠯᠠᠵᠤ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠯᠥᠰᠦᠨ ᠠᠵᠢᠯᠴᠢᠨ ᠤ ᠡᠷᠬᠡ ᠪᠠᠨ ᠬᠠᠮᠠᠭᠠᠯᠠᠵᠤ ᠴᠠᠯᠢᠩ ᠨᠡᠬᠡᠬᠦ ᠬᠦᠷᠢᠶᠡᠨ ᠳᠤ ᠢᠯᠡᠳᠲᠡ ᠦᠷ᠎ᠡ ᠪᠦᠲᠦᠮᠵᠢ ᠣᠯᠵᠤ᠂ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ ᠴᠢᠳᠠᠪᠤᠷᠢ ᠨᠢ ᠴᠢᠨᠠᠷ ᠤᠨ ᠦᠰᠦᠷᠦᠯᠲᠡ ᠶᠢ ᠪᠡᠶᠡᠯᠡᠭᠦᠯᠵᠦ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃              2024 ᠣᠨ ᠤ 7 ᠰᠠᠷ᠎ᠠ ᠶᠢᠨ 4 ᠤ ᠡᠳᠦᠷ᠂ ᠬᠠᠷᠢᠶᠠᠲᠤ ᠣᠷᠣᠨ ᠤ ᠰᠠᠭᠤᠭᠠᠯᠢ ᠠᠷᠠᠳ ᠬᠤᠸᠠᠩ ᠠᠪᠤᠭᠠᠢ ᠨᠢᠭᠡ ᠬᠠᠭᠤᠳᠠᠰᠤ ᠥᠷᠢᠲᠦᠵᠦ ᠪᠠᠶᠢᠭ᠎ᠠ ᠬᠠᠭᠤᠳᠠᠰᠤ ᠪᠠᠷ ᠴᠣᠷ ᠤᠨ ᠭᠠᠭᠴᠠ ᠭᠡᠷᠡᠴᠢ ᠪᠠᠷᠢᠮᠲᠠ ᠪᠣᠯᠭᠠᠵᠤ᠂ ᠰᠡᠳᠬᠢᠯ ᠳᠦᠭᠦᠷᠡᠩ ᠰᠠᠶᠢᠬᠠᠨ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠲᠥᠪ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠣᠩᠬᠤᠨ ᠳᠤ ᠢᠷᠡᠵᠦ  ᠂ ᠲᠡᠳᠡᠨ ᠤ ᠴᠠᠯᠢᠩ ᠥᠷᠢᠲᠦᠬᠦ ᠠᠰᠠᠭᠤᠳᠠᠯ ᠤᠨ ᠲᠤᠬᠠᠢ ᠲᠤᠰᠠᠯᠠᠮᠵᠢ ᠡᠷᠢᠬᠦ ᠶᠢ ᠬᠦᠰᠡᠵᠦ ᠪᠠᠶᠢᠨ᠎ᠠ᠃ ᠠᠵᠢᠯᠲᠠᠳ ᠲᠡᠭᠦᠨ ᠤ ᠤᠴᠠᠷᠠᠯ ᠢ ᠬᠦᠯᠢᠴᠡᠩᠭᠦᠢ ᠪᠠᠷ ᠰᠣᠨᠣᠰᠴᠤ᠂ ᠲᠡᠭᠦᠨ ᠤ ᠤᠷᠮ᠎ᠠ ᠰᠡᠳᠬᠢᠯᠭᠡ ᠶᠢ ᠲᠠᠶᠢᠳᠬᠤᠷᠠᠭᠤᠯᠪᠠ᠃ ᠠᠰᠠᠭᠤᠬᠤ ᠪᠠᠷ ᠳᠠᠮᠵᠢᠨ᠂ ᠬᠡᠷᠡᠭ ᠤᠨ ᠢᠷᠡᠯ ᠪᠠᠶᠢᠳᠠᠯ ᠠᠯᠬᠤᠮ ᠠᠯᠬᠤᠮ ᠢᠶᠠᠷ ᠲᠣᠳᠣᠷᠬᠠᠢ ᠪᠣᠯᠭᠠᠪᠠ᠃ ᠡᠭᠦᠨ ᠤ ᠳᠠᠷᠠᠭᠠᠬᠢ ᠰᠦᠪᠡᠭᠴᠢ ᠶᠢ ᠡᠮᠬᠢᠯᠡᠬᠦ ᠶᠠᠪᠤᠴᠠ ᠳᠤ᠂ ᠠᠵᠢᠯᠲᠠᠳ ᠬᠤᠸᠠᠩ ᠠᠪᠤᠭᠠᠢ ᠶᠢᠨ ᠭᠠᠷ ᠤᠲᠠᠰᠤᠨ ᠳᠣᠲᠣᠷᠠᠬᠢ ᠲᠠᠩᠰᠠ ᠰᠢᠯᠵᠢᠭᠦᠯᠦᠭᠰᠡᠨ ᠲᠡᠮᠳᠡᠭᠯᠡᠯ ︵ᠬᠡᠰᠡᠭ ᠴᠠᠯᠢᠩ ᠢ ᠳ᠋ᠦᠩᠨᠡᠨ ᠪᠤᠳᠤᠭᠰᠠᠨ ᠭᠡᠷᠡᠴᠢ ᠪᠠᠷᠢᠮᠲᠠ︶ ᠢ ᠭᠠᠷᠭᠠᠨ᠂ ᠣᠯᠠᠨ ᠲᠠᠯ᠎ᠠ ᠪᠠᠷ ᠵᠣᠬᠢᠴᠠᠭᠤᠯᠬᠤ ᠪᠠ ᠬᠢᠨᠠᠨ ᠬᠠᠷᠭᠤᠭᠤᠯᠬᠤ ᠲᠠᠢ ᠤᠶᠠᠯᠳᠤᠭᠤᠯᠤᠨ᠂ ᠡᠴᠦᠰ ᠲᠡᠭᠡᠨ ᠬᠤᠸᠠᠩ ᠠᠪᠤᠭᠠᠢ ᠶᠢᠨ ᠥᠷᠢᠲᠦᠵᠦ ᠤᠳᠠᠭᠠᠰᠢᠷᠠᠭᠤᠯᠤᠭᠰᠠᠨ ᠴᠠᠯᠢᠩ ᠤᠨ ᠶᠡᠷᠦᠩᠬᠡᠢ ᠲᠤᠭ᠎ᠠ ᠨᠢ 26400 ᠲᠥᠭᠦᠷᠢᠭ ᠤᠨ ᠪᠣᠳᠠᠲᠤ ᠬᠡᠷᠡᠭ ᠢ ᠨᠤᠲᠠᠯᠠᠵᠠᠢ᠃            ᠡᠭᠦᠨ ᠢ ᠦᠨᠳᠦᠰᠦᠯᠡᠨ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ ᠰᠠᠯᠠᠭ᠎ᠠ ᠮᠥᠴᠢᠷ ᠬᠥᠳᠡᠯᠦᠯᠴᠡᠵᠦ᠂ ᠵᠢᠩᠬᠢᠨᠢ ᠪᠠᠷ ᠬᠡᠷᠡᠭ ᠪᠣᠯᠭᠠᠨ ᠳᠠᠩᠰᠠᠯᠠᠵᠤ ᠰᠢᠢᠳᠪᠦᠷᠢᠯᠡᠪᠡ᠃ ᠲᠡᠳᠡ ᠲᠡᠷᠡ‌ᠤᠲᠠᠰᠤ ᠪᠠᠷ ᠳᠠᠮᠵᠢᠭᠤᠯᠤᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠭᠰᠠᠨ ᠲᠠᠯ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠵᠢᠴᠢ ︽ᠬᠥᠯᠥᠰᠦᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠳᠦᠷᠢᠮ︾ ᠤᠨ ᠲᠥᠪ ᠴᠢᠩᠭ᠎ᠠ ᠴᠢᠨᠠᠷ ᠢ ᠤᠯᠠᠮᠵᠢᠯᠠᠵᠤ᠂ ᠲᠡᠭᠦᠨ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠤᠶᠢᠬᠠᠨ ᠵᠠᠯᠠᠷᠠᠭᠤᠯᠬᠤ ᠪᠠᠷ ᠲᠣᠳᠣᠷᠬᠠᠢ ᠱᠠᠭᠠᠷᠳᠠᠭᠰᠠᠨ ᠪᠥᠭᠡᠳ ᠬᠤᠸᠠᠩ ᠠᠪᠤᠭᠠᠢ ᠶᠢᠨ ᠣᠯᠬᠤ ᠴᠠᠯᠢᠩ ᠢ ᠪᠥᠬᠦ ᠲᠤᠭ᠎ᠠ ᠪᠠᠷ ᠣᠯᠭᠤᠬᠤ ᠪᠠᠷ ᠠᠮᠠᠯᠠᠵᠠᠢ᠃ ᠳᠠᠭᠠᠭᠠᠴᠢᠯᠠᠭᠰᠠᠨ ᠲᠠᠯ᠎ᠠ 7 ᠰᠠᠷ᠎ᠠ ᠶᠢᠨ 31 ᠳᠤ ᠬᠤᠸᠠᠩ ᠠᠪᠤᠭᠠᠢ ᠳᠤ ᠥᠷᠢᠲᠦᠭᠰᠡᠨ ᠴᠠᠯᠢᠩ ᠢ ᠪᠦᠬᠦᠨ ᠢ ᠲᠥᠯᠥᠵᠦ ᠳᠠᠭᠤᠰᠬᠠᠪᠠ᠃            8 ᠰᠠᠷ᠎ᠠ ᠶᠢᠨ 1 ᠤ ᠦᠳᠡ ᠶᠢᠨ ᠡᠮᠦᠨ᠎ᠡ᠂ ᠬᠤᠸᠠᠩ ᠠᠪᠤᠭᠠᠢ ᠲᠠᠯᠠᠷᠬᠠᠯ ᠤᠨ ᠰᠡᠳᠬᠢᠯᠭᠡ ᠢᠶᠠᠷ ᠬᠡᠮᠡᠷᠯᠢᠭ ᠲᠤᠭ ᠢ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ ᠠᠵᠢᠯᠲᠠᠨ ᠳᠤ ᠬᠦᠷᠭᠡᠵᠦ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠥᠨᠳᠥᠷ ᠪᠦᠲᠦᠮᠵᠢᠲᠡᠶ᠂ ᠳᠣᠲᠣᠨᠣ ᠪᠠᠷ ᠦᠢᠯᠡᠴᠢᠯᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃          ᠬᠤᠶᠢᠰᠢᠳᠠ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ ᠤᠳᠠᠭᠠᠨ ᠤ ᠠᠮᠵᠢᠯᠲᠠ ᠣᠯᠣᠭᠰᠠᠨ ᠬᠡᠷᠡᠭ ᠤᠨ ᠵᠢᠱᠢᠶ᠎ᠡ ᠪᠠᠷ ᠬᠥᠳᠡᠯᠭᠡᠬᠦ ᠬᠦᠴᠦᠨ ᠪᠣᠯᠭᠠᠵᠤ᠂ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠯᠢᠩ ᠥᠷᠢᠲᠦᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠬᠠᠭᠤᠯᠭ᠎ᠠ ᠬᠥᠮᠦᠵᠢᠯ ᠤᠨ ᠠᠷᠭ᠎ᠠ ᠵᠠᠮ ᠢ ᠥᠷᠭᠡᠳᠬᠡᠨ᠂ ᠡᠬᠢ ᠡᠭᠦᠰᠦᠯ ᠠᠴᠠ ᠨᠢ ᠵᠠᠰᠠᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ᠬᠥᠯᠥᠰᠦᠨ ᠠᠵᠢᠯᠴᠢᠨ ᠵᠡᠷᠭᠡ ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠢ ᠨᠠᠩ ᠪᠥᠬᠦ ᠲᠠᠯ᠎ᠠ ᠶᠢᠨ᠂ ᠪᠦᠲᠦᠮᠵᠢᠲᠡᠶ ᠬᠠᠮᠠᠭᠠᠯᠠᠵᠤ᠂ ︽ᠰᠠᠨᠠᠭ᠎ᠠ ᠵᠣᠪᠠᠭᠤ ᠦᠭᠡᠢ︾ ᠰᠠᠶᠢᠨ ᠰᠠᠶᠢᠬᠠᠨ ᠬᠥᠳᠡᠯᠮᠦᠷᠢ ᠶᠢᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠬᠦᠴᠦᠯᠡᠨ ᠴᠢᠷᠮᠠᠶᠢᠵᠤ᠂ ᠪᠥᠬᠦ  ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号