ᠰᠠᠶᠢᠬᠠᠨ ᠳᠣᠲᠣᠭᠠᠳᠤ ᠶᠢ ᠬᠠᠮᠠᠭᠠᠯᠠᠬᠤ᠄  ᠬᠤᠣᠷ ᠴᠠᠭᠠᠵᠠᠯᠠᠬᠤ ᠴᠠᠭᠳᠠᠭᠠᠨ ᠤ ᠶᠠᠪᠤᠳᠠᠯ ᠤᠨ ᠵᠠᠭᠪᠤᠷ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/8/5
       ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠰᠠᠯᠪᠤᠷᠢ ᠠᠩᠭᠢ ᠲᠠᠢ ᠭᠠᠷ ᠬᠤᠯᠪᠣᠨ᠂ ᠬᠤᠣᠷᠲᠤ ᠡᠳ᠋  ᠤᠨ ᠤᠤᠯ ᠤᠷᠭᠤᠮᠠᠯ ᠢ ᠬᠠᠤᠯᠢ ᠪᠤᠰᠤ ᠪᠠᠷ ᠲᠠᠷᠢᠬᠤ ᠠᠰᠠᠭᠤᠳᠠᠯ ᠳᠤ ᠴᠢᠭᠯᠡᠭᠦᠯᠦᠨ᠂ ᠰᠠᠶᠢᠬᠠᠨ ᠲᠣᠭᠤᠷᠢᠭ ᠤᠨ ᠵᠡᠭᠦᠨ ᠡᠮᠦᠨᠡᠲᠦ ᠬᠡᠰᠡᠭ ᠤᠨ ᠲᠣᠰᠭᠤᠨ ᠳᠤ ᠦᠷ᠎ᠡ ᠲᠠᠷᠢᠵᠤ ᠬᠤᠣᠷ ᠲᠠᠲᠠᠬᠤ ᠶᠢ ᠪᠦᠬᠦ ᠲᠠᠯ᠎ᠠ ᠪᠠᠷ ᠴᠠᠭᠠᠵᠠᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ᠂ ᠵᠢᠯᠣᠭᠤᠴᠢ ᠦᠭᠡᠢ ᠨᠢᠰᠬᠡᠯ ᠤᠨ ᠠᠭᠠᠷ ᠠᠶᠠᠯᠠᠯ ᠤᠨ ᠬᠡᠮᠵᠢᠯᠲᠡ ᠶᠢᠨ ᠮᠡᠷᠭᠡᠵᠢᠯ ᠢ ᠰᠢᠨ᠎ᠡ ᠶᠢ ᠡᠭᠦᠳᠬᠦ ᠴᠢᠨᠠᠷᠲᠠᠢ ᠪᠠᠷ ᠣᠷᠣᠭᠤᠯᠤᠨ ᠠᠪᠴᠢᠷᠠᠵᠤ᠂ ᠭᠠᠵᠠᠷ ᠳᠡᠭᠡᠷᠡᠬᠢ ᠨᠠᠷᠢᠨ ᠨᠢᠮᠪᠠᠢ ᠵᠢᠭᠰᠠᠭᠠᠨ ᠪᠠᠶᠢᠴᠠᠭᠠᠬᠤ ᠲᠠᠢ ᠬᠠᠷᠢᠯᠴᠠᠨ ᠨᠥᠬᠦᠴᠡᠯᠳᠦᠵᠦ᠂ ︽ᠲᠡᠭᠷᠢ ᠪᠠ ᠭᠠᠵᠠᠷ ᠳᠡᠭᠡᠷᠡᠬᠢ︾ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠲᠤ ᠪᠠᠷ ᠴᠣᠬᠢᠯᠲᠠ ᠥᠭᠬᠦ ᠪᠦᠲᠦᠮᠵᠢᠲᠡᠶ ᠨᠡᠶᠢᠯᠡᠮᠡᠯ ᠬᠦᠴᠦᠨ ᠢ ᠪᠣᠶ ᠪᠣᠯᠭᠠᠵᠤ᠂ ᠦᠷ᠎ᠡ ᠶᠢ ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃
           ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠠᠶᠢᠯ ᠲᠣᠰᠬᠤᠨ᠂ ᠬᠦᠷᠢᠶ᠎ᠡ ᠬᠠᠰᠢᠶ᠎ᠠ᠂ ᠲᠠᠷᠢᠶᠠᠨ ᠭᠠᠵᠠᠷ᠂ ᠨᠣᠭᠤᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠬᠡᠪᠢᠰ ᠮᠠᠶ᠋ᠢᠭ ᠤᠨ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠢ ᠰᠤᠷᠪᠤᠯᠵᠢᠯᠠᠬᠤ ᠤᠳᠠᠭ᠎ᠠ ᠪᠠᠨ ᠨᠡᠮᠡᠭᠳᠡᠭᠦᠯᠦᠨ᠂ ᠡᠷᠦᠬᠡ ᠳᠠᠷᠠᠭᠠᠯᠠᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠢᠵᠦ᠂ ᠬᠤᠣᠷᠲᠤ ᠡᠳ᠋ ᠢ ᠬᠠᠤᠯᠢ ᠪᠤᠰᠤ ᠪᠠᠷ ᠳᠠᠷᠢᠬᠤ ᠬᠠᠤᠯᠢ ᠪᠤᠰᠤ ᠴᠢᠨᠠᠷ ᠵᠢᠴᠢ ᠢᠯᠭᠠᠨ ᠲᠠᠨᠢᠬᠤ ᠬᠤᠣᠷ ᠦᠢᠯᠡᠳᠬᠦ ᠦᠢᠯᠡᠳᠪᠦᠷᠢ ᠶᠢᠨ ᠠᠷᠭ᠎ᠠ ᠮᠠᠶ᠋ᠢᠭ ᠢ ᠢᠳᠡᠪᠬᠢᠲᠡᠢ ᠤᠬᠠᠭᠤᠯᠪᠠ᠃ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠣᠷᠲᠤ ᠡᠳ᠋ ᠤᠨ ᠬᠤᠣᠷ ᠬᠥᠨᠥᠭᠡᠯ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠥᠷᠭᠡᠨ ᠣᠯᠠᠨ ᠲᠦᠮᠡᠨ ᠤ ᠬᠤᠣᠷᠲᠤ ᠡᠳ᠋ ᠢ ᠲᠠᠨᠢᠬᠤ᠂ ᠬᠤᠣᠷᠲᠤ ᠡᠳ᠋ ᠢ ᠰᠡᠷᠭᠡᠶᠢᠯᠡᠬᠦ᠂ ᠬᠤᠣᠷᠲᠤ ᠡᠳ᠋ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠬᠤᠣᠷᠲᠤ ᠡᠳ᠋ ᠢ ᠴᠠᠭᠠᠵᠠᠯᠠᠬᠤ ᠲᠡᠮᠡᠴᠡᠯ ᠳᠤ ᠣᠷᠣᠯᠴᠠᠬᠤ ᠤᠬᠠᠮᠰᠠᠷᠲᠤ ᠴᠢᠨᠠᠷ ᠪᠠ ᠢᠳᠡᠪᠬᠢᠵᠢᠯ ᠢ ᠳᠡᠭᠡᠭᠰᠢᠯᠡᠭᠦᠯᠦᠨ᠂ ᠬᠤᠣᠷᠲᠤ ᠡᠳ᠋ ᠢ ᠴᠠᠭᠠᠵᠠᠯᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃            ᠣᠷᠳᠣ ᠬᠤᠭᠤᠴᠠᠭᠠᠨ ᠤ ᠲᠤᠷᠰᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠤᠣᠷ ᠴᠠᠭᠠᠵᠠᠯᠠᠬᠤ ᠴᠠᠭᠳᠠᠭᠠᠨ ᠤ ᠶᠠᠪᠤᠳᠠᠯ ᠤᠨ ᠵᠠᠭᠪᠤᠷ ᠢ ᠪᠣᠶ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠳᠠᠷᠢᠬᠤ ᠶᠢ ᠴᠠᠭᠠᠵᠠᠯᠠᠵᠤ ᠬᠤᠣᠷᠲᠤ ᠡᠳ᠋ ᠢ ᠠᠷᠢᠯᠭᠠᠬᠤ᠂ ᠬᠤᠣᠷᠲᠤ ᠡᠳ᠋ ᠦᠢᠯᠡᠳᠬᠦ ᠶᠢ ᠬᠠᠮᠢᠶᠠᠷᠤᠨ ᠡᠵᠡᠮᠳᠡᠬᠦ᠂ ᠴᠣᠬᠢᠯᠲᠠ ᠥᠭᠴᠦ ᠬᠡᠷᠡᠭ ᠢ ᠢᠯᠡᠷᠡᠭᠦᠯᠬᠦ᠂ ᠤᠬᠠᠭᠤᠯᠭ᠎ᠠ ᠬᠥᠮᠦᠵᠢᠯ ᠬᠢᠬᠦ ᠵᠡᠷᠭᠡ ᠠᠵᠢᠯ ᠢ ᠥᠷᠨᠢᠭᠦᠯᠬᠦ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠨᠡᠮᠡᠷᠢᠯᠡᠵᠦ᠂ ᠬᠠᠷᠢᠶᠠᠲᠤ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠭᠰᠠᠨ ᠪᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号