ᠭᠠᠵᠠᠷ ᠬᠥᠳᠡᠯᠦᠯᠲᠡ ᠶᠢ ᠰᠡᠷᠡᠮᠵᠢᠯᠡᠭᠦᠯᠭᠦ ᠪᠢᠴᠢᠯ ᠫᠷᠣᠭ᠍ᠷᠠᠮ ᠢ ᠲᠤᠷᠰᠢᠵᠤ ᠦᠵᠡᠭᠡᠷᠡᠢ︕
ᠨᠡᠶᠢᠲᠡᠯᠡᠭᠰᠡᠨ ᠴᠠᠭ᠄
2024/8/5
     ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠬᠤᠷᠢᠶ᠎ᠠ ᠶᠢᠨ ᠰᠦᠯᠵᠢᠶᠡᠨ ᠤ ᠲᠥᠪ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠪᠣᠯᠣᠨ ᠲᠧᠩ ᠰᠢᠶᠦ᠋ᠨ ᠺᠤᠮᠫᠠᠨᠢ ᠶᠢᠨ ᠬᠠᠮᠲᠤᠷᠠᠨ ᠦᠢᠯᠡᠳᠦᠭᠰᠡᠨ ᠪᠦᠭᠦ ᠤᠯᠤᠰ ᠤᠨ ᠵᠢᠷᠭᠢᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠦᠢᠯᠡᠴᠢᠯᠡᠭᠡ ᠶᠢ 8 ᠰᠠᠷ᠎ᠠ ᠶᠢᠨ 2 ᠤᠨ ᠡᠳᠦᠷ ᠣᠯᠠᠨ ᠨᠡᠶᠢᠲᠡ ᠳᠤ ᠬᠠᠨᠳᠤᠭᠤᠯᠤᠨ ᠢᠯᠡ ᠰᠣᠷᠢᠯᠲᠠ ᠭᠢᠯᠭᠡᠵᠦ ᠪᠠᠶᠢᠨ᠎ᠠ᠃ ᠪᠦᠭᠦ ᠤᠯᠤᠰ ᠤᠨ ᠵᠢᠷᠭᠢᠶ᠎ᠡ ᠶᠢᠨ ᠬᠡᠷᠡᠭᠯᠡᠭᠴᠢ ᠪᠢᠴᠢᠯ ᠫᠷᠣᠭ᠍ᠷᠠᠮ ᠢᠶᠠᠷ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠣᠯᠵᠤ ᠳᠡᠶᠢᠯᠦᠨ᠎ᠠ᠃
           ᠲᠣᠰ ᠡᠳᠦᠷ ᠠᠴᠠ ᠡᠬᠢᠯᠡᠨ ᠬᠡᠷᠡᠭᠯᠡᠭᠴᠢ ᠵᠢᠷᠭᠢᠶ᠎ᠡ ᠪᠠᠷ ︽ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠥᠷᠲᠡᠭᠡ ᠶᠢᠨ ᠰᠦᠯᠵᠢᠶ᠎ᠡ︾ ᠪᠤᠶᠤ ︽ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ︾ ᠭᠡᠬᠦ ᠦᠰᠦᠭ ᠢᠶᠠᠷ ᠬᠠᠶᠢᠯᠲᠠ ᠬᠢᠵᠦ᠂ ︽ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠥᠷᠲᠡᠭᠡ ᠶᠢᠨ ᠰᠦᠯᠵᠢᠶ᠎ᠡ︾ ᠶᠢᠨ ᠪᠢᠴᠢᠯ ᠫᠷᠣᠭ᠍ᠷᠠᠮ ᠳᠤ ᠣᠷᠣᠵᠤ᠂ ︽ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠤᠨ ᠴᠢᠳᠠᠪᠬᠢ ᠶᠢ ᠨᠡᠭᠡᠭᠡᠬᠦ︾ ᠭᠡᠰᠡᠨ ᠢ ᠲᠣᠪᠴᠢᠳᠠᠬᠤ ᠶᠢᠨ ᠬᠠᠮᠲᠤ ︽ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠤᠨ ᠮᠡᠳᠡᠭᠳᠡᠯ︾ ᠪᠣᠯᠣᠨ ︽ᠣᠷᠣᠨ ᠪᠠᠶᠢᠷᠢ ᠶᠢ ᠮᠥᠷᠳᠡᠬᠦ︾ ᠭᠡᠰᠡᠨ ᠢ ᠵᠥᠪᠰᠢᠶᠡᠷᠡᠵᠦ᠂ ᠥᠪᠡᠷ ᠤᠨ ᠣᠷᠣᠨ ᠪᠠᠶᠢᠷᠢ ᠢᠶᠠᠨ ᠵᠥᠪ ᠢᠶᠠᠷ ᠰᠣᠩᠭᠤᠭᠰᠠᠨ ᠤ ᠳᠠᠷᠠᠭ᠎ᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠤᠨ ᠦᠢᠯᠡᠴᠢᠯᠡᠭᠡ ᠪᠠᠨ ᠡᠬᠢᠯᠡᠭᠦᠯᠵᠦ ᠪᠣᠯᠣᠨ᠎ᠠ᠃ ᠣᠯᠠᠨ ᠢᠶᠠᠷ ᠢᠶᠠᠨ ᠶᠠᠮᠠᠷ ᠲᠡᠮᠳᠡᠭᠲᠦ᠂ ᠶᠠᠮᠠᠷ ᠭᠡᠯᠪᠡᠷᠢ ᠶᠢᠨ ᠭᠠᠷ ᠤᠲᠠᠰᠤ ᠶᠢ ᠬᠡᠷᠡᠭᠯᠡᠭᠰᠡᠨ ᠴᠦ ᠪᠢᠴᠢᠯ ᠫᠷᠣᠭ᠍ᠷᠠᠮ ᠢᠶᠠᠷ ᠳᠡᠮᠵᠢᠨ ᠭᠠᠵᠠᠷ ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠭᠦ ᠠᠯᠪᠠᠨ ᠤ ᠲᠠᠯ᠎ᠠ ᠶᠢᠨ ᠡᠷᠬᠡ ᠰᠦᠷᠲᠦ ᠮᠡᠳᠡᠭᠡ ᠵᠠᠩᠭᠢ ᠶᠢ ᠨᠠᠩ ᠲᠥᠭᠦᠮ᠂ ᠨᠡᠩ ᠲᠦᠷᠭᠡᠨ ᠣᠯᠵᠤ ᠴᠢᠳᠠᠨ᠎ᠠ᠃
         ᠪᠦᠭᠦ ᠤᠯᠤᠰ ᠤᠨ ᠭᠠᠵᠠᠷ ᠬᠥᠳᠡᠯᠦᠯᠲᠡ ᠶᠢ ᠰᠡᠷᠡᠮᠵᠢᠯᠡᠭᠦᠯᠭᠦ ᠪᠢᠴᠢᠯ ᠫᠷᠣᠭ᠍ᠷᠠᠮ ᠨᠢ ᠡᠪᠳᠡᠯᠡᠭᠡ ᠶᠢᠨ ᠴᠢᠨᠠᠷᠲᠠᠢ ᠨᠥᠯᠥᠭᠡ ᠭᠠᠷᠭᠠᠵᠤ ᠮᠡᠳᠡᠬᠦ ᠭᠠᠵᠠᠷ ᠬᠥᠳᠡᠯᠦᠯᠲᠡ ᠡᠭᠦᠰᠬᠦ ᠦᠶ᠎ᠡ ᠳᠤ᠂ ᠣᠨᠴᠠᠭᠠᠶᠢᠯᠠᠨ ᠰᠠᠨᠠᠭᠤᠯᠵᠤ ᠰᠡᠷᠡᠮᠵᠢᠯᠡᠭᠦᠯᠭᠦ ᠶᠢᠨ ᠬᠠᠮᠲᠤ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠶᠢᠨ ᠭᠠᠵᠠᠷ ᠬᠥᠳᠡᠯᠦᠯᠲᠡ ᠶᠢ ᠰᠡᠷᠭᠡᠶᠢᠯᠡᠬᠦ ᠵᠦᠭᠯᠡᠭᠦᠷ ᠬᠠᠩᠭᠠᠵᠤ᠂ ᠬᠡᠷᠡᠭᠯᠡᠭᠴᠢᠳ ᠲᠤ ᠴᠠᠭ ᠲᠤᠬᠠᠢ ᠳᠤᠨᠢ ᠠᠶᠤᠯ ᠠᠴᠠ ᠵᠠᠶᠢᠯᠠᠬᠤ ᠠᠷᠭ᠎ᠠ ᠬᠡᠮᠵᠢᠶ᠎ᠡ ᠠᠪᠬᠤ ᠶᠢ ᠦᠷᠭᠦᠯᠵᠢᠯᠡᠨ ᠰᠠᠨᠠᠭᠤᠯᠵᠤ ᠪᠠᠶᠢᠳᠠᠭ᠃ ᠡᠭᠦᠨ ᠠᠴᠠ ᠭᠠᠳᠠᠨ᠎ᠠ᠂ ᠬᠡᠷᠡᠭᠯᠡᠭᠴᠢᠳ ᠪᠠᠰᠠ ᠪᠢᠴᠢᠯ ᠫᠷᠣᠭ᠍ᠷᠠᠮ ᠢᠶᠠᠷ ᠳᠠᠮᠵᠢᠭᠤᠯᠤᠨ ᠥᠨᠳᠥᠷ ᠳᠠᠪᠲᠠᠮᠵᠢᠲᠤ ᠠᠪᠤᠷᠠᠯᠲᠠ ᠲᠤᠰᠠᠯᠠᠮᠵᠢ ᠭᠤᠶᠤᠴᠢᠯᠠᠵᠤ ᠪᠣᠯᠣᠨ᠎ᠠ᠂ ᠬᠠᠰᠢᠭᠳᠠᠭᠰᠠᠨ ᠪᠠᠶᠢᠳᠠᠯ ᠳᠣᠣᠷ᠎ᠠ ᠠᠪᠤᠷᠠᠨ ᠲᠤᠰᠠᠯᠠᠬᠤ ᠬᠥᠮᠥᠰ ᠲᠤ ᠲᠤᠰᠠᠯᠠᠮᠵᠢ ᠭᠤᠶᠤᠴᠢᠯᠠᠬᠤ ᠳᠣᠬᠢᠶ᠎ᠠ ᠴᠸ ᠥᠭᠴᠦ ᠪᠣᠯᠣᠨ᠎ᠠ᠃ ᠠᠳᠠᠯᠢ ᠪᠤᠰᠤ ᠬᠡᠮᠵᠢᠶᠡᠨ ᠤ ᠭᠠᠵᠠᠷ ᠬᠥᠳᠡᠯᠦᠯᠲᠡ ᠳᠤ ᠠᠳᠠᠯᠢ ᠪᠤᠰᠤ ᠰᠡᠷᠡᠮᠵᠢᠯᠡᠭᠦᠯᠭᠦ ᠥᠩᠭᠡ ᠪᠠ ᠰᠠᠨᠠᠭᠤᠯᠤᠮᠵᠢ ᠶᠢᠨ ᠦᠭᠡ ᠲᠠᠢ ᠪᠠᠶᠢᠵᠤ᠂ ᠭᠠᠵᠠᠷ ᠬᠥᠳᠡᠯᠦᠯᠲᠡ ᠶᠢᠨ ᠨᠥᠯᠥᠭᠡ ᠨᠡᠯᠢᠶᠡᠳ ᠪᠠᠭ᠎ᠠ ᠦᠶ᠎ᠡ ᠳᠤ ᠵᠥᠪᠭᠡᠨ ᠵᠢᠷᠭᠢᠶ᠎ᠡ ᠶᠢᠨ ᠦᠢᠯᠡᠴᠢᠯᠡᠭᠡᠨ ᠤ ᠮᠡᠳᠡᠭᠳᠡᠯ ᠳᠣᠲᠣᠷ᠎ᠠ ᠰᠠᠨᠠᠭᠤᠯᠵᠤ᠂ ᠬᠡᠷᠡᠭᠯᠡᠭᠴᠢᠳ ᠢ ᠬᠠᠷᠰᠢᠯᠠᠬᠤ ᠨᠥᠯᠥᠭᠡ ᠶᠢ ᠪᠠᠭᠠᠰᠬᠠᠨ᠎ᠠ᠃
           ᠲᠣᠰ ᠤᠳᠠᠭᠠᠨ ᠤ ᠵᠢᠷᠭᠢᠶ᠎ᠡ ᠶᠢᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠭᠦ ᠦᠢᠯᠡᠴᠢᠯᠡᠭᠡ ᠨᠢ ᠪᠦᠭᠦ ᠤᠯᠤᠰ ᠲᠤ ᠰᠦᠯᠵᠢᠶᠡᠨ ᠳᠤ ᠭᠠᠷᠴᠤ᠂ ᠡᠷᠬᠡ ᠰᠦᠷᠲᠦ᠂ ᠨᠠᠷᠢᠯᠢᠭ ᠣᠨᠣᠪᠴᠢᠲᠠᠶ᠂ ᠲᠦᠷᠭᠡᠨ ᠰᠡᠷᠡᠮᠵᠢᠯᠡᠭᠦᠯᠭᠦ ᠮᠡᠳᠡᠭᠡ ᠵᠠᠩᠭᠢ ᠬᠠᠩᠭᠠᠵᠤ᠂ ᠭᠠᠵᠠᠷ ᠬᠥᠳᠡᠯᠦᠯᠲᠡ ᠶᠢᠨ ᠠᠶᠤᠯ ᠠᠴᠠ ᠪᠠᠴᠢᠮ ᠵᠠᠶᠢᠯᠠᠬᠤ ᠳᠤ ᠨᠠᠨᠳᠢᠨ ᠴᠠᠭ ᠬᠠᠩᠭᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠢ ᠠᠯᠢ ᠴᠢᠳᠠᠬᠤ ᠪᠠᠷ ᠪᠠᠭᠠᠰᠬᠠᠬᠤ ᠪᠣᠯᠣᠨ᠎ᠠ᠃      ᠢᠷᠡᠯᠲᠡ᠄ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号