ᠮᠠᠨ ᠤ ᠣᠷᠣᠨ ᠤ 2278.46 ᠲᠦᠮᠡᠨ ᠬᠥᠮᠥᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2024/8/5
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ  ᠮᠠᠨ ᠤ ᠣᠷᠣᠨ   2278.46 ᠲᠦᠮᠡᠨ ᠬᠥᠮᠥᠨ  ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠵᠦ᠂ ᠪᠠᠶᠢᠩᠭᠤ ᠰᠠᠭᠤᠭ᠎ᠠ ᠬᠥᠮᠥᠨ ᠠᠮᠠ ᠶᠢᠨ 94.89%   ᠳᠤ ᠬᠦᠷᠴᠦ᠂ ᠡᠭᠦᠨ ᠳᠤ 1545.25 ᠲᠦᠮᠡᠨ ᠬᠥᠮᠥᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠵᠦ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠺᠠᠷᠲ ᠲᠠᠷᠬᠠᠭᠠᠬᠤ ᠲᠣᠣᠷ ᠴᠡᠭ ᠢ 2085 ᠪᠠᠶᠢᠭᠤᠯᠵᠤ᠂ ᠪᠤᠶ ᠪᠦᠬᠦᠢ ᠬᠤᠰᠢᠭᠤ ᠰᠢᠶᠠᠨ ᠲᠣᠭᠤᠷᠢᠭ ᠢ ᠬᠠᠮᠤᠷᠴᠤ᠂ ᠲᠤᠬᠠᠢ ᠶᠢᠨ ᠲᠠᠯᠠᠪᠤᠷ ᠲᠤ 30 ᠮᠢᠨᠦ᠋ᠲ ᠤᠨ ᠳᠣᠲᠣᠷ᠎ᠠ ᠺᠠᠷᠲ ᠦᠢᠯᠡᠳᠬᠦ ᠠᠵᠢᠯ ᠢ ᠪᠡᠶᠡᠯᠡᠭᠦᠯᠵᠦ᠂ ︽ᠪᠠᠷᠢᠨ ᠭᠦᠢᠴᠡᠳᠬᠡᠵᠦ ᠪᠠᠷᠢᠨ ᠠᠪᠬᠤ︾᠂ ︽ᠣᠶᠢᠷ᠎ᠠ ᠬᠠᠪᠢ ᠳᠠᠭᠠᠨ ᠭᠦᠢᠴᠡᠳᠬᠡᠬᠦ︾᠂ ︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃            ᠡᠨᠡ ᠵᠢᠯ᠂ ᠮᠠᠨ ᠤ ᠣᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠵᠤᠭᠠᠴᠠᠨ ᠲᠣᠭᠤᠷᠢᠬᠤ᠂ ᠰᠣᠶᠣᠯ ᠢ ᠪᠡᠶᠡᠴᠢᠯᠡᠨ ᠣᠶᠢᠯᠠᠭᠠᠬᠤ᠂ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠮᠥᠩᠭᠦ ᠣᠯᠭᠤᠬᠤ ᠵᠡᠷᠭᠡ ᠲᠤᠯᠤᠭᠠᠨ ᠲᠠᠯ᠎ᠠ ᠶᠢᠨ ᠴᠢᠳᠠᠮᠵᠢ ᠶᠢᠨ ᠬᠡᠷᠡᠭᠯᠡᠯᠲᠡ ᠶᠢ ᠪᠡᠶᠡᠯᠡᠭᠦᠯᠬᠦ ᠪᠠᠷ ᠪᠤᠶ᠃ ᠣᠳᠣᠬᠠᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠶᠢ ᠨᠢᠭᠡᠨᠲᠡ ᠪᠡᠶᠡᠯᠡᠭᠦᠯᠵᠦ᠂ ᠪᠦᠭᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ 95 ᠵᠦᠢᠯ ᠤᠨ ᠦᠢᠯᠡᠴᠢᠯᠡᠭᠡᠨ ᠤ ᠵᠦᠢᠯᠡᠰ ᠢ ᠺᠠᠷᠲ ᠢᠶᠠᠷ ᠭᠦᠢᠴᠡᠳᠬᠡᠵᠦ ᠪᠤᠯᠤᠨ᠎ᠠ; ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ︽ᠨᠢᠭᠡ ᠺᠠᠷᠲ ᠢᠶᠠᠷ ᠲᠠᠷᠬᠠᠭᠠᠬᠤ︾᠂ ᠡᠳ᠋ ᠤᠨ ᠵᠠᠰᠠᠭ ᠠᠴᠠ ᠲᠠᠷᠢᠶᠠᠴᠢᠳ ᠲᠤ ᠠᠰᠢᠭ ᠬᠦᠷᠲᠡᠭᠡᠬᠦ 92 ᠵᠦᠢᠯ ᠤᠨ ᠨᠥᠬᠦᠪᠦᠷᠢ ᠶᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠲᠠᠷᠬᠠᠭᠠᠵᠠᠢ; ᠡᠪᠡᠳᠴᠢᠨ ᠦᠵᠡᠭᠦᠯᠭᠦ᠂ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ᠂ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠭᠦ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠡᠢ᠃          ᠡᠭᠦᠨ ᠤ ᠬᠠᠮᠲᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ︽ᠮᠥᠩᠬᠡ ᠰᠤᠪᠠᠭ︾APP ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠪᠠᠶᠢᠭᠤᠯᠵᠤ᠂ ᠲᠤᠬᠠᠶᠢᠯᠠᠭᠰᠠᠨ ᠠᠵᠢᠯ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠦᠢᠯᠡᠴᠢᠯᠡᠭᠡᠨ ᠤ ᠠᠭᠤᠰᠤᠯᠴᠠᠯ ᠢ ᠠᠬᠢᠭᠤᠯᠤᠨ᠂ ᠣᠯᠠᠨ ᠲᠦᠮᠡᠨ ᠳᠤ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ︾᠂ ︽ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ︾᠂ ︽ᠵᠠᠮ ᠬᠠᠷᠢᠯᠴᠠᠭ᠎ᠠ ᠶᠠᠪᠤᠵᠤ ᠰᠠᠭᠤᠬᠤ︾᠂ ︽ᠰᠣᠶᠣᠯ ᠤᠨ ᠣᠶᠢᠯᠠᠭᠠᠯᠲᠠ︾  ᠶᠢᠨ ᠲᠠᠶᠢᠯᠤᠮᠵᠢ᠂ ᠬᠥᠲᠥᠯᠥᠨ ᠵᠢᠯᠤᠭᠤᠳᠬᠤ᠂ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃          ᠲᠠᠷᠠᠭᠠᠴᠢ ᠪᠠᠷ᠂ ᠮᠠᠨ ᠤ ᠣᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠲᠤ ᠦᠢᠯᠡᠴᠢᠯᠡᠬᠦ ︽ᠨᠢᠭᠡ ᠺᠠᠷᠲ ᠢᠶᠠᠷ ᠨᠡᠶᠢᠳᠡᠮ ᠭᠦᠢᠴᠡᠳᠬᠡᠬᠦ︾ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ︽ᠠᠷᠠᠳ ᠤᠨ ᠠᠮᠢᠳᠤᠷᠠᠯ ᠤᠨ ᠺᠠᠷᠲ︾᠂ ︽ᠰᠠᠨᠠᠭ᠎ᠠ ᠠᠮᠤᠷ ᠺᠠᠷᠲ︾ ᠪᠤᠯᠭᠠᠬᠤ ᠪᠠᠷ ᠴᠢᠷᠮᠠᠶᠢᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号