ᠳᠠᠭᠠᠳᠬᠠᠯ ᠳᠤ ᠳᠠᠷᠠᠭᠠᠯᠠᠨ 4 ᠵᠢᠯ ᠤᠷᠤᠯᠴᠠᠬᠰᠠᠨ ᠪᠣᠯ ᠬᠠᠷᠠᠭᠠᠯᠵᠠᠯ ᠭᠦᠷᠳᠡᠨ᠎ᠡ
ᠨᠡᠶᠢᠲᠡᠯᠡᠭᠰᠡᠨ ᠴᠠᠭ᠄
2024/8/5
     ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 ᠰᠠᠷ᠎ᠠ ᠶᠢᠨ 1 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠠᠶ᠋ᠢᠬᠠᠨ ᠨᠡᠶᠢᠲᠡᠯᠡᠭᠰᠡᠨ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠤᠨ ᠲᠤᠬᠠᠢ ᠲᠠᠨᠢᠯᠴᠠᠭᠤᠯᠵᠠᠢ᠃ ᠲᠡᠭᠡᠪᠡᠯ ᠲᠤᠰ ︽ᠵᠢᠯᠤᠭᠤᠳᠬᠤ ᠰᠠᠨᠠᠯ︾ ᠨᠢ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠳᠤ ᠶᠠᠮᠠᠷ ᠶᠠᠮᠠᠷ ᠪᠣᠳᠠᠲᠤ ᠠᠰᠢᠭ ᠬᠦᠷᠲᠡᠭᠡᠬᠦ ᠪᠣᠯ︖      ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠳᠤ ᠳᠤᠷᠠᠳᠤᠭᠰᠠᠨ ᠢᠶᠠᠷ᠄      ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠳᠤᠷᠠᠳᠴᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ 4 ᠵᠢᠯ ᠳᠠᠷᠠᠭᠠᠯᠠᠨ ᠣᠷᠣᠯᠴᠠᠬᠰᠠᠨ ᠣᠯᠠᠨ ᠲᠦᠮᠡᠨ ᠳᠤ᠂ ᠲᠠᠪᠤᠳᠤᠭᠠᠷ ᠵᠢᠯ ᠠᠴᠠ ᠨᠢ ᠡᠬᠢᠯᠡᠵᠦ ᠢᠯᠡᠭᠦᠦ 1 ᠵᠢᠯ ᠣᠷᠤᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠨᠠᠭᠠᠲᠤ ᠵᠠᠬ᠎ᠠ ᠳᠠᠭᠠᠨ 1000 ᠲᠥᠭᠦᠷᠢᠭ ᠳᠡᠭᠡᠭᠰᠢᠯᠡᠭᠦᠯᠦᠨ᠎ᠡ; ᠰᠠᠭᠤᠷᠢ ᠮᠥᠩᠭᠦᠨ ᠤ ᠲᠠᠩᠰᠠᠨ ᠠᠴᠠ ᠲᠠᠶᠢᠯᠤᠭᠰᠠᠨ ᠦᠭᠡᠢ᠂ ᠥᠭᠡᠷ᠎ᠡ ᠪᠠᠷ ᠬᠡᠯᠡᠪᠡᠯ ᠲᠤᠬᠠᠢ ᠶᠢᠨ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠭᠡᠢ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠨᠠᠭᠠᠲᠤ ᠵᠠᠬ᠎ᠠ ᠳᠠᠭᠠᠨ ᠮᠢᠩᠭᠠᠨ ᠲᠥᠭᠦᠷᠢᠭ ᠲᠡᠭᠡᠭᠰᠢᠯᠡᠭᠦᠯᠦᠨ᠎ᠡ; ᠲᠤᠰ ︽ᠵᠢᠯᠤᠭᠤᠳᠬᠤ ᠰᠠᠨᠠᠯ︾ ᠳᠤ ᠭᠠᠳᠠᠷ ᠣᠷᠣᠨ ᠤ ᠡᠷᠦᠭᠡ ᠠᠮᠠ ᠶᠢᠨ ᠲᠠᠩᠰᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠬᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ ᠲᠠᠭᠠᠨ ᠳᠠᠭᠠᠳᠬᠠᠯ ᠳᠤ ᠣᠷᠣᠬᠤ ᠠᠵᠢᠯ ᠢ ᠠᠭᠢᠭᠤᠯᠤᠨ᠎ᠠ; ᠲᠥᠪᠯᠡᠷᠡᠭᠦᠯᠦᠨ ᠲᠤᠰᠢᠶᠠᠬᠤ ᠪᠤᠰᠤ ᠬᠤᠭᠤᠴᠠᠭᠠᠨ ᠳᠤ ᠰᠦᠢᠳᠬᠡᠯ ᠲᠤᠰᠢᠶᠠᠬᠤ ᠳᠠᠭᠠᠳᠬᠠᠯ ᠳᠤ ᠣᠷᠤᠯᠴᠠᠬᠤ ᠪᠠ ᠲᠠᠰᠤᠯᠳᠠᠭᠤᠯᠤᠨ ᠲᠤᠰᠢᠶᠠᠬᠤ ᠬᠥᠮᠥᠰ ᠤᠨ ᠳᠠᠭᠢᠨ ᠳᠠᠭᠠᠳᠬᠠᠯ ᠳᠤ ᠣᠷᠤᠯᠴᠠᠬᠤ ᠳᠤ ᠲᠣᠭᠲᠠᠮᠠᠯ ᠪᠠ ᠬᠤᠪᠢᠷᠠᠯᠲᠠ ᠭᠠᠷᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠳᠦᠷᠢᠮ ᠢ ᠲᠣᠳᠣᠷᠬᠠᠶᠢᠯᠠᠬᠤ ᠶᠢᠨ ᠬᠠᠮᠲᠤ᠂ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠷᠠᠯᠲᠠ ᠭᠠᠷᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠰᠡᠷᠭᠦᠭᠡᠵᠦ᠂ ᠪᠦᠭᠦ ᠳᠠᠭᠠᠳᠬᠠᠯ ᠳᠤ ᠣᠷᠣᠯᠴᠠᠭᠰᠠᠳ ᠤᠨ ᠠᠰᠢᠭ ᠲᠤᠰᠠ ᠶᠢ ᠲᠥᠪ ᠭᠤᠤᠯᠴᠢ ᠪᠠᠷ ᠬᠠᠮᠠᠭᠠᠯᠠᠨ᠎ᠠ; ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠳᠠᠬᠢ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠣᠶᠢᠷ᠎ᠠ ᠰᠠᠳᠤᠨ ᠳᠤ ᠨᠢ ᠭᠦᠷᠲᠡᠯ᠎ᠡ ᠥᠷᠭᠡᠳᠬᠡᠬᠦ ᠶᠢᠨ ᠬᠠᠮᠲᠤ ᠬᠠᠷᠢᠯᠴᠠᠨ ᠲᠤᠰᠠᠯᠠᠯᠴᠠᠬᠤ ᠭᠠᠵᠠᠷ ᠣᠷᠣᠨ ᠢ ᠠᠯᠬᠤᠮ ᠠᠯᠬᠤᠮ ᠢᠶᠠᠷ ᠥᠷᠭᠡᠳᠬᠡᠬᠦ ᠶᠢ ᠠᠬᠢᠭᠤᠯᠵᠤ᠂ 2024 ᠣᠨ ᠤ ᠡᠴᠦᠰ ᠪᠤᠯᠬᠤ ᠳᠤ ᠮᠤᠵᠢ ᠶᠢᠨ ᠳᠣᠲᠣᠷᠠᠬᠢ ᠨᠢᠭᠡᠳᠦᠯᠲᠡᠢ ᠲᠥᠯᠥᠪᠵᠢᠭᠦᠯᠬᠦ ᠣᠷᠣᠨ ᠠᠯᠤᠰᠯᠠᠭᠰᠠᠨ ᠬᠤᠪᠢ ᠬᠥᠮᠥᠨ ᠤ ᠲᠠᠩᠰᠠᠨ ᠡᠷᠦᠭᠡ ᠳᠠᠬᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠶᠡᠷᠦᠩᠬᠡᠢ ᠳᠡᠭᠡᠨ ᠪᠡᠶᠡᠯᠡᠭᠦᠯᠵᠦ᠂ 2025 ᠣᠨ ᠠᠴᠠ ᠡᠬᠢᠯᠡᠨ ᠮᠤᠵᠢ ᠠᠯᠤᠰᠯᠠᠭᠰᠠᠨ ᠬᠤᠪᠢ ᠬᠥᠮᠥᠨ ᠤ ᠲᠠᠩᠰᠠᠨ ᠡᠷᠦᠭᠡ ᠶᠢᠨ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠲᠠᠰᠤᠷᠠᠯᠲᠠ ᠦᠭᠡᠢ ᠰᠦᠪᠡᠭᠴᠢᠯᠡᠬᠦ ᠪᠠᠷ ᠴᠢᠷᠮᠠᠶᠢᠨ᠎ᠠ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号