2024 ᠣᠨ ᠤ ᠬᠤᠶᠠᠳᠤᠭᠠᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠦᠨ ᠤ ᠨᠡᠷᠡᠰ︾ ᠢ ᠨᠡᠶᠢᠲᠡᠯᠡᠵᠦ ᠬᠥᠬᠡᠬᠤᠲᠠ ᠶᠢᠨ 1 ᠬᠥᠮᠦᠨ  ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2024/8/6
     ︵ᠰᠤᠷᠪᠤᠯᠵᠢᠯᠠᠭᠴᠢ ᠯᠢᠦᠢ ᠬᠤᠢ ᠱᠧᠩ︶  7 ᠳ᠋ᠤᠭᠠᠷ ᠰᠠᠷ᠎ᠠ ᠶᠢᠨ 30 ᠤ ᠡᠳᠦᠷ᠂ 2024 ᠣᠨ ᠤ ᠬᠤᠶᠠᠳᠤᠭᠠᠷ ᠤᠯᠠᠷᠢᠯ ᠤᠨ ︽ᠳᠤᠮᠳᠠᠳᠤ  ᠤᠯᠤᠰ ᠤᠨ ᠰᠠᠶᠢᠨ ᠬᠥᠮᠦᠨ ᠤ ᠨᠡᠷᠡᠰ︾ ᠢ ᠨᠡᠶᠢᠲᠡᠯᠡᠬᠦ ᠶᠣᠰᠣᠯᠠᠯ ᠵᠢᠴᠢ ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠬᠢᠭᠡᠳ ᠳᠡᠷᠭᠡᠳᠡᠬᠢ ᠰᠠᠶᠢᠨ  ᠬᠥᠮᠦᠨ ᠤ ᠲᠤᠬᠠᠶ ᠶᠢᠨ ᠲᠠᠯᠠᠪᠠᠶ ᠳᠤ ᠰᠣᠯᠢᠯᠴᠠᠬᠤ ᠠᠵᠢᠯᠯᠠᠭ᠎ᠠ ᠱᠠᠨ ᠰᠢ ᠮᠤᠵᠢ ᠶᠢᠨ ᠳ᠋ᠠᠲ᠋ᠦ᠋ᠩ ᠬᠤᠲᠠ ᠳᠤ ᠶᠠᠪᠤᠭᠳᠠᠪᠠ᠃ ᠡᠯ᠎ᠡ ᠭᠠᠵᠠᠷ ᠤᠨ  ᠲᠠᠨᠢᠯᠴᠠᠭᠤᠯᠤᠭᠰᠠᠨ᠂ ᠰᠦᠯᠵᠢᠶᠡᠨ ᠨᠠᠶᠢᠵᠠ ᠶᠢᠨ ᠦᠨᠡᠯᠡᠭᠡ ᠪᠠ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠲᠠᠮᠵᠢᠭᠠᠳ ᠨᠡᠶᠢᠲᠡ 153  ᠬᠦᠮᠦᠨ ︵ᠳᠤᠭᠤᠶᠢᠯᠠᠩ︶ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠲᠥᠪ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠵᠦ᠂ ᠦᠨᠡᠨᠴᠢ  ᠢᠲᠡᠭᠡᠮᠵᠢᠲᠡᠢ ᠪᠠᠶᠢᠵᠤ ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ  ᠳᠡᠷᠭᠡᠳᠡᠬᠢ ᠰᠠᠶᠢᠨ ᠬᠥᠮᠦᠨ ᠤ ᠢᠷᠠᠭᠤ ᠠᠯᠳᠠᠷ ᠢᠶᠠᠷ ᠲᠣᠳᠣᠷᠠᠪᠠ᠃ ᠡᠭᠦᠨ ᠳᠤ᠂ ᠬᠥᠬᠡᠬᠤᠲᠠ ᠶᠢᠨ ᠰᠦᠸᠧ ᠯᠢᠶᠠᠨ ᠬᠤᠩ ︽ᠪᠤᠰᠤᠳ ᠢ ᠬᠠᠪᠰᠤᠷᠬᠤ ᠪᠠᠷ  ᠵᠢᠷᠭᠠᠯ ᠪᠤᠯᠭᠠᠬᠤ︾ ᠲᠥᠷᠥᠯ ᠤᠨ ᠳᠤᠮᠳᠠᠳᠤ ᠤᠯᠤᠰ ᠤᠨ ᠰᠠᠶᠢᠨ ᠬᠥᠮᠦᠨ ᠢᠶᠠᠷ ᠦᠨᠡᠯᠡᠭᠳᠡᠪᠡ᠃             ᠰᠦᠸᠧ ᠯᠢᠶᠠᠨ ᠬᠤᠩ ᠠᠵᠢᠯ ᠠᠴᠠ ᠪᠠᠨ ᠠᠮᠠᠷᠠᠬᠤ ᠠᠴᠠ ᠡᠮᠦᠨ᠎ᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠢ ᠴᠢᠤᠸᠠᠨ  ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠪᠠᠭ᠎ᠠ ᠵᠤᠤ ᠡᠮᠦᠨ᠎ᠡ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ  ᠪᠠᠶᠢᠪᠠ᠃ ᠰᠦᠸᠧ ᠯᠢᠶᠠᠨ ᠬᠤᠩ ᠤᠨ ᠡᠷ᠎ᠡ ᠨᠥᠬᠦᠷ᠂ ᠰᠢᠯᠢᠳᠡᠭ ᠠᠷᠠᠳ ᠤᠨ ᠴᠠᠭᠳᠠᠭ᠎ᠠ ᠪᠤᠯᠠᠭ ᠬᠠᠷᠭᠢᠰ ᠬᠡᠷᠴᠡᠭᠡᠶ ᠶᠠᠯ᠎ᠠ ᠬᠢᠭᠰᠡᠨ ᠰᠡᠵᠢᠭᠳᠡᠨ ᠢ  ᠪᠠᠷᠢᠪᠴᠢᠯᠠᠬᠤ ᠦᠶᠡᠰ ᠪᠡᠶ᠎ᠡ ᠦᠷᠡᠭᠳᠡᠪᠡ᠃ ᠰᠦᠸᠧ ᠯᠢᠶᠠᠨ ᠬᠤᠩ ᠡᠷ᠎ᠡ ᠨᠥᠬᠦᠷ ᠤᠨ ᠢᠶᠠᠨ ᠭᠡᠷᠢᠶᠡᠰ ᠢ ᠵᠠᠯᠭᠠᠮᠵᠢᠯᠠᠵᠤ᠂ ᠨᠥᠬᠦᠷ ᠤᠨ ᠢᠶᠠᠨ ᠴᠠᠭᠳᠠᠭᠠᠨ ᠤ  ᠨᠣᠮᠧᠷ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠣᠯᠵᠠᠢ᠂ ᠲᠡᠷᠡ ᠦᠨᠳᠦᠰᠦᠨ ᠱᠠᠲᠤᠨ ᠳᠤ ᠦᠨᠳᠦᠰᠦᠯᠡᠵᠦ᠂  ᠤᠯᠠᠨ ᠲᠦᠮᠡᠨ ᠳᠤ ᠦᠢᠯᠡᠴᠢᠯᠡᠵᠦ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠵᠤ᠂ ᠲᠦᠭ ᠲᠦᠮᠡᠨ ᠠᠶᠢᠯ ᠡᠷᠦᠬᠡ ᠶᠢ ᠳᠤᠯᠠᠭᠠᠴᠠᠭᠤᠯᠵᠤ᠂  ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠯᠸᠢ ᠹᠧᠩ ᠠᠴᠠ ᠰᠤᠷᠤᠯᠴᠠᠭᠰᠠᠨ ᠲᠡᠷᠢᠭᠦᠨ ᠤ ᠬᠤᠪᠢ ᠬᠥᠮᠦᠨ᠂ ᠪᠦᠬᠦ ᠤᠯᠤᠰ ᠤᠨ  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠵᠡᠷᠭᠡ ᠢᠷᠠᠭᠤ ᠠᠯᠳᠠᠷ ᠢ ᠬᠦᠷᠲᠡᠵᠦ ᠥᠩᠭᠡᠷᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号