ᠰᠠᠶᠢᠬᠠᠨ ᠲᠣᠭᠤᠷᠢᠭ᠄ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠦᠢᠯᠡᠴᠢᠯᠡᠭᠡ ᠪᠠᠨ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/8/8
     ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠵᠢᠴᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠲᠥᠪ ᠤᠨ ᠬᠠᠯᠠᠮᠰᠢᠯ ᠤᠲᠠᠰᠤᠨ ᠤ ᠲᠠᠯᠠᠪᠠᠶ ᠳᠤ ᠰᠠᠭᠤᠭ᠎ᠠ ᠲᠤᠰᠬᠠᠢ ᠰᠠᠭᠤᠳᠠᠯ ᠢ ᠢᠳᠡᠪᠬᠢᠲᠡᠢ ᠵᠣᠬᠢᠴᠠᠭᠤᠯᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ᠂ ᠣᠯᠠᠨ ᠲᠦᠮᠡᠨ ᠳᠤ ᠨᠠᠩ ᠲᠤᠰᠬᠠᠢ ᠮᠡᠷᠭᠡᠵᠢᠯ᠂ ᠥᠨᠳᠥᠷ ᠪᠦᠲᠦᠮᠵᠢᠲᠡᠶ᠂ ᠳᠥᠭᠦᠮ ᠳᠥᠲᠡ ᠬᠠᠯᠠᠮᠰᠢᠯ ᠤᠲᠠᠰᠤᠨ ᠤ ᠦᠢᠯᠡᠴᠢᠯᠡᠭᠡ ᠬᠠᠩᠭᠠᠪᠠ᠃              ᠲᠤᠰᠬᠠᠢ ᠮᠡᠷᠭᠡᠵᠢᠯ ᠤᠨ ᠪᠣᠯᠪᠠᠰᠤᠷᠠᠯ ᠪᠠ ᠪᠣᠳᠠᠲᠤ ᠲᠠᠮᠢᠷ ᠤᠨ ᠰᠤᠷᠭᠠᠭᠤᠯᠢᠯᠠᠯ ᠢᠶᠠᠷ ᠳᠠᠮᠵᠢᠨ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠭᠤᠣᠯᠯᠠᠭᠴᠢ ᠬᠦᠴᠦᠨ ᠢ ᠰᠣᠩᠭᠤᠨ ᠲᠣᠮᠢᠯᠠᠵᠤ᠂ ᠣᠶᠢᠷ᠎ᠠ ᠳᠤ ᠬᠤᠲᠠ ᠶᠢᠨ 12345 ᠬᠠᠯᠠᠮᠰᠢᠯ ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠲᠥᠪ ᠲᠤ ᠵᠢᠩᠬᠢᠨᠢ ᠪᠠᠷ ᠣᠷᠣᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠢᠭᠤᠳ ᠬᠠᠨᠳᠤᠵᠤ᠂ ᠦᠳᠲᠡᠷ ᠲᠦᠷᠭᠡᠨ ᠴᠤᠤᠷᠢᠶᠠᠲᠤᠨ ᠳᠠᠭᠠᠬᠤ ᠶᠢᠨ ᠬᠠᠮᠲᠤ ᠮᠠᠳᠠᠭ ᠲᠠᠢ ᠠᠰᠠᠭᠤᠳᠠᠯ ᠢ ᠬᠠᠷᠢᠭᠤᠯᠵᠦ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ ᠰᠢᠭᠤᠳ ᠰᠢᠢᠳᠪᠦᠷᠢᠯᠡᠪᠡ᠃ ᠪᠤᠳᠤᠯᠢᠶᠠᠨᠲᠠᠢ ᠪᠠᠶᠢᠳᠠᠯ ᠢ ︽ᠭᠤᠷᠪᠠᠨ ᠲᠠᠯ᠎ᠠ ᠪᠠᠷ ᠶᠠᠷᠢᠯᠴᠠᠬᠤ︾ ᠠᠷᠭ᠎ᠠ ᠮᠠᠶ᠋ᠢᠭ ᠢᠶᠠᠷ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠪᠦᠲᠦᠮᠵᠢᠲᠡᠶ ᠤᠷᠲᠤᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨᠴᠠᠭᠠᠶᠢᠯᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠬᠢᠭᠡᠳ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠤ ᠥᠨᠳᠥᠷ ᠪᠦᠲᠦᠮᠵᠢᠲᠡᠶ ᠨᠠᠷᠢᠯᠢᠭ  ᠣᠨᠣᠪᠴᠢᠳᠠᠢ᠂ ᠦᠢᠯᠡᠴᠢᠯᠡᠭᠡᠨ ᠤ ᠲᠠᠰ ᠳᠡᠪᠰᠢᠬᠦ ᠶᠢ ᠪᠡᠶᠡᠯᠡᠭᠦᠯᠵᠦ᠂ ᠣᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃              8 ᠰᠠᠷ᠎ᠠ ᠶᠢᠨ ᠡᠬᠢᠨ ᠪᠣᠯᠲᠠᠯ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠳᠦᠷ ᠳᠤᠮᠳᠠᠴᠢ ᠶᠢᠨ ᠠᠵᠢᠯᠯᠠᠬᠤ ᠬᠠᠭᠤᠳᠠᠰᠤ ᠬᠡᠮᠵᠢᠶ᠎ᠡ ᠶᠢ 18 ᠬᠤᠪᠢ ᠪᠣᠯᠭᠠᠨ ᠪᠠᠭᠠᠰᠬᠠᠵᠤ᠂ ᠪᠠᠭᠤᠷᠠᠯᠲᠠ ᠶᠢᠨ ᠬᠡᠮᠵᠢᠶ᠎ᠡ 37.93% ᠳᠤ ᠬᠦᠷᠪᠡ︔ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠭᠤᠷᠠᠭᠠᠳ 51 ᠬᠤᠪᠢ ᠪᠣᠯᠵᠤ᠂ ᠪᠠᠭᠤᠷᠠᠯᠲᠠ ᠶᠢᠨ ᠬᠡᠮᠵᠢᠶ᠎ᠡ 31.08% ᠳᠤ ᠬᠦᠷᠪᠡ᠃ ᠡᠨᠡ ᠬᠦ ᠲᠤᠰᠬᠠᠢ ᠰᠠᠭᠤᠳᠠᠯ ᠢ ᠲᠣᠬᠢᠷᠠᠭᠤᠯᠤᠭᠰᠠᠨ ᠨᠢ ᠠᠵᠢᠯ ᠤᠨ ᠬᠠᠭᠤᠳᠠᠰᠤ ᠶᠢᠨ ᠲᠤᠭ᠎ᠠ ᠬᠡᠮᠵᠢᠶ᠎ᠡ ᠶᠢ ᠶᠡᠭᠡ ᠪᠠᠷ ᠪᠠᠭᠠᠰᠬᠠᠭᠰᠠᠨ ᠢᠶᠠᠷ ᠪᠠᠷᠠᠬᠤ ᠦᠭᠡᠢ᠂ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠨᠠᠩ ᠢᠯᠡᠳᠲᠡ ᠳᠡᠭᠡᠭᠰᠢᠯᠡᠭᠦᠯᠪᠡ᠃              ᠬᠥᠬᠡᠬᠤᠲᠠ ᠶᠢᠨ ᠠᠩᠬᠠᠳᠠᠭᠴᠢ ᠲᠤᠰᠬᠠᠢ ᠰᠠᠭᠤᠳᠠᠯ ᠭᠠᠷᠭᠠᠭᠰᠠᠨ ᠬᠤᠰᠢᠭᠤ ᠰᠢᠶᠠᠨ ᠲᠣᠭᠤᠷᠢᠭ ᠪᠣᠯᠤᠭᠰᠠᠨ ᠤ ᠬᠤᠪᠢ ᠳᠤ᠂ ᠰᠠᠶᠢᠬᠠᠨ ᠲᠣᠭᠤᠷᠢᠭ ᠲᠤᠰ ᠵᠠᠭᠪᠤᠷ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠰᠢᠮᠳᠠᠭᠤᠯᠵᠤ  ᠲᠦᠷᠭᠡᠬᠡᠨ ᠣᠷᠣᠵᠤ ᠰᠠᠭᠤᠬᠤ ᠪᠠᠷ ᠲᠥᠯᠥᠪᠯᠡᠵᠦ ᠪᠠᠶᠢᠨ᠎ᠠ᠃ ᠡᠭᠦᠨ ᠤ ᠬᠠᠮᠲᠤ᠂ ᠲᠤᠭ᠎ᠠ ᠪᠠᠷᠢᠮᠲᠠ ᠶᠢᠨ ᠵᠠᠳᠠᠯᠤᠯᠲᠠ ᠪᠠ ᠮᠡᠳᠡᠭᠦᠯᠦᠯᠲᠡ ᠶᠢᠨ ᠰᠢᠰᠲ᠋ᠧᠮ ᠢ ᠪᠠᠶᠢᠭᠤᠯᠵᠤ᠂ ᠬᠠᠯᠠᠭᠤᠨ ᠤᠲᠠᠰᠤᠨ ᠤ ᠲᠤᠰᠬᠠᠢ ᠰᠢᠷᠡᠭᠡᠨ ᠤ ᠲᠤᠭ᠎ᠠ ᠪᠠᠷᠢᠮᠲᠠ ᠶᠢ ᠭᠦᠨᠵᠡᠭᠡᠢ ᠵᠠᠳᠠᠯᠵᠤ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ ᠠᠰᠠᠭᠤᠳᠠᠯ ᠪᠠ ᠪᠣᠭᠤᠮᠢ ᠶᠢᠨ ᠠᠰᠠᠭᠤᠳᠠᠯ ᠢ ᠢᠯᠭᠠᠨ ᠲᠠᠨᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠳᠲᠡᠷ ᠲᠦᠷᠭᠡᠨ ᠴᠤᠤᠷᠢᠶᠠᠲᠤᠨ ᠳᠠᠭᠠᠬᠤ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠲᠦᠷᠭᠡᠳᠬᠡᠬᠦ ᠬᠡᠷᠡᠭᠲᠡᠢ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号