ᠰᠠᠶᠢᠬᠠᠨ ᠲᠣᠭᠤᠷᠢᠭ᠄ ᠠᠷᠪᠠᠨ ᠵᠢᠷᠭᠤᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠢ ᠬᠠᠮᠲᠤᠪᠠᠷ ᠪᠡᠯᠭᠡᠯᠡᠪᠡ
ᠨᠡᠶᠢᠲᠡᠯᠡᠭᠰᠡᠨ ᠴᠠᠭ᠄
2024/8/8
      8 ᠳ᠋ᠤᠭᠠᠷ ᠰᠠᠷ᠎ᠠ ᠶᠢᠨ 8 ᠤ ᠡᠳᠦᠷ ᠪᠣᠯ ᠮᠠᠨ ᠤ ᠤᠯᠤᠰ ᠤᠨ 16 ᠳ᠋ᠤᠭᠠᠷ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠪᠣᠯᠣᠨ᠎ᠠ᠃ 8 ᠰᠠᠷ᠎ᠠ ᠶᠢᠨ 7  ᠤ ᠡᠳᠦᠷ᠂ ᠰᠠᠶᠢᠬᠠᠨ ᠲᠣᠭᠤᠷᠢᠭ ᠤᠨ ᠪᠢᠨ ᠾᠧ ᠪᠡᠶ᠎ᠡ ᠶᠢᠨ ᠲᠠᠮᠢᠷ ᠤᠨ ᠴᠡᠴᠡᠷᠯᠢᠭ ᠲᠤ  ᠪᠦᠬᠦ ᠲᠣᠭᠤᠷᠢᠭ ᠤᠨ︽ᠠᠨ ᠺᠠᠩ ᠬᠤᠨᠳᠠᠭᠠᠲᠤ︾ ᠢᠳᠡᠷᠡᠭᠦᠨ ᠠᠯᠬᠤᠬᠤ ᠠᠵᠢᠯᠯᠠᠭ᠎ᠠ ᠣᠷᠣᠭᠰᠢᠳᠠᠢ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯᠲᠠᠨ ᠠᠵᠢᠯᠴᠢᠨ ᠤ ᠡᠷᠡᠭᠦᠯ ᠴᠢᠭᠢᠷᠠᠭ ᠪᠡᠶ᠎ᠡ ᠮᠠᠬᠠᠪᠤᠳ ᠢ ᠴᠢᠩᠭᠠᠷᠠᠭᠤᠯᠤᠨ᠂ ᠲᠡᠳᠡᠨ ᠤ ᠢᠳᠡᠪᠬᠢᠲᠡᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ ᠶᠤᠮ᠃
           ᠥᠷᠯᠥᠭᠡ ᠶᠢᠨ ᠶᠢᠰᠦᠨ ᠴᠠᠭ ᠲᠤ  ᠪᠥᠬᠦ  ᠲᠣᠭᠤᠷᠢᠭ ᠤᠨ 61 ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠢᠷᠡᠭᠰᠡᠨ 1400 ᠰᠢᠬᠠᠮ ᠠᠵᠢᠯᠲᠠᠨ ᠠᠵᠢᠯᠴᠢᠨ ᠪᠢᠨ ᠾᠧ ᠪᠡᠶ᠎ᠡ ᠶᠢᠨ ᠲᠠᠮᠢᠷ ᠤᠨ ᠴᠡᠴᠡᠷᠯᠢᠭ ᠲᠤ ᠴᠤᠭᠯᠠᠷᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠡᠶ᠎ᠡ ᠴᠢᠭᠢᠷᠠᠭᠵᠢᠭᠤᠯᠬᠤ ᠡᠳᠦᠷ ᠢᠶᠠᠨ ᠬᠠᠮᠲᠤᠪᠠᠷ ᠪᠡᠯᠭᠡᠯᠡᠪᠡ᠃  ᠪᠦᠭᠦᠳᠡᠭᠡᠷ ᠴᠤᠭ ᠵᠢᠪᠬᠤᠭ᠎ᠠ ᠪᠠᠳᠠᠷᠠᠩᠭᠤᠢ᠂ ᠠᠯᠬᠤᠭ᠎ᠠ ᠲᠡᠭᠦᠯᠳᠡᠷ ᠪᠠᠶᠢᠯ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ ᠪᠠᠶᠠᠰᠤᠯ ᠪᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠠᠵᠢᠯᠴᠢᠳ ᠤᠨ ᠢᠨᠢᠶᠡᠮᠰᠦᠭᠯᠡᠯ ᠨᠢ ᠴᠡᠴᠡᠷᠯᠢᠭ ᠤᠨ ᠬᠠᠮᠤᠭ ᠤᠨ ᠭᠤᠶᠤ ᠦᠵᠡᠮᠵᠢ ᠪᠣᠯᠤᠭᠰᠠᠨ ᠪᠠᠶᠢᠨ᠎ᠠ᠃
           ᠠᠵᠢᠯᠯᠠᠭ᠎ᠠ ᠶᠢᠨ ᠪᠦᠬᠦ ᠶᠠᠪᠤᠴᠠ 7 ᠺᠢᠯᠣᠮᠧᠲᠷ ᠪᠠᠶᠢᠵᠤ᠂ ᠵᠠᠮ ᠳᠠᠭᠠᠤ 2 ᠺᠠᠷᠲ ᠪᠠ 1 ᠨᠥᠬᠦᠪᠦᠷᠢᠯᠡᠬᠦ ᠥᠷᠲᠡᠭᠡ ᠭᠠᠷᠭᠠᠵᠤ᠂ ᠡᠬᠢᠯᠡᠯᠲᠡ ᠶᠢᠨ ᠴᠡᠭ ᠤᠨ ᠺᠠᠷᠲ ᠳᠡᠭᠡᠷ᠎ᠡ ᠭᠤᠷᠪᠠᠨ ᠺᠠᠷᠲ ᠴᠤᠭᠯᠠᠭᠤᠯᠪᠠᠯ ᠳᠠᠷᠤᠢ ᠥᠷᠢᠰᠦᠯᠳᠦᠭᠡᠨ ᠢ ᠪᠡᠶᠡᠯᠡᠭᠦᠯᠦᠭᠰᠡᠨ ᠢᠶᠠᠷ ᠦᠵᠡᠨ᠎ᠡ᠃ ᠲᠣᠰ ᠤᠳᠠᠭᠠᠨ ᠤ ᠠᠵᠢᠯᠯᠠᠭ᠎ᠠ ᠨᠢ ᠭᠤᠣᠯᠳᠠᠯᠭ᠎ᠠ ᠳᠤ ᠣᠷᠣᠯᠴᠠᠵᠤ᠂ ᠨᠡᠷᠡᠰ ᠤᠨ ᠵᠢᠭᠰᠠᠭᠠᠯᠲᠠ ᠭᠠᠷᠭᠠᠬᠤ ᠦᠭᠡᠢ᠂ ᠪᠥᠬᠦ ᠶᠠᠪᠤᠴᠠ ᠶᠢ ᠪᠡᠶᠡᠯᠡᠭᠦᠯᠦᠭᠰᠡᠨ ᠠᠵᠢᠯᠲᠠᠨ ᠨᠢᠭᠡᠪᠦᠷᠢ ᠺᠠᠷᠲ ᠢᠶᠠᠷ ᠢᠶᠠᠨ ᠳᠤᠷᠠᠰᠬᠠᠯ ᠤᠨ ᠡᠳ᠋ ᠢᠶᠠᠨ  ᠠᠪᠤᠨ᠎ᠠ᠃
     ᠲᠣᠰ ᠤᠳᠠᠭᠠᠨ ᠤ ᠠᠵᠢᠯᠯᠠᠭ᠎ᠠ ᠠᠵᠢᠯᠲᠠᠨ ᠠᠵᠢᠯᠴᠢᠨ ᠤ ᠡᠩᠨᠡᠭᠡ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠪᠦᠲᠦᠮᠵᠢᠲᠡᠶ ᠬᠥᠭᠵᠢᠭᠡᠨ᠂ ᠪᠦᠯᠬᠦᠮᠳᠡᠨ ᠲᠡᠮᠡᠴᠡᠵᠦ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠰᠠᠶᠢᠬᠠᠨ ᠲᠣᠭᠤᠷᠢᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠡᠶ᠎ᠡ ᠵᠣᠬᠢᠴᠠᠯ ᠲᠠᠢ ᠡᠷᠡᠭᠦᠯ ᠴᠢᠭᠢᠷᠠᠭ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃              ᠢᠷᠡᠯᠲᠡ᠄  ᠰᠠᠶᠢᠠᠬᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号