5000 ᠲᠦᠮᠡᠨ ᠲᠥᠭᠦᠷᠢᠭ ᠤᠨ ᠪᠡᠯᠡ ᠣᠷᠣᠭᠤᠯᠵᠤ ᠣᠶ ᠰᠢᠭᠤᠢ ᠶᠢᠨ ᠠᠵᠤ ᠦᠢᠯᠡᠰ ᠢ ᠲᠡᠮᠵᠢᠵᠦ ᠪᠤᠢ
ᠨᠡᠶᠢᠲᠡᠯᠡᠭᠰᠡᠨ ᠴᠠᠭ᠄
2024/8/8
       ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠦᠷᠦᠭᠦᠬᠡᠨ 5000 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠪᠠᠭᠤᠯᠭᠠᠵᠤ᠂ 38 ᠣᠶ ᠰᠢᠭᠤᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠬᠡᠷᠡᠭᠯᠡᠬᠦ ᠪᠠᠷ ᠪᠣᠯᠪᠠ᠃            ᠣᠶ ᠰᠢᠭᠤᠢ ᠶᠢᠨ ᠠᠵᠤ ᠦᠢᠯᠡᠰ ᠪᠣᠯ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠢ ᠨᠢᠭᠡ ᠴᠣᠭᠴᠠᠵᠢᠭᠤᠯᠤᠭᠰᠠᠨ ᠪᠣᠬᠢᠷᠳᠤᠯ ᠦᠭᠡᠢ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠮᠥᠨ᠃ ᠲᠣᠰ ᠤᠳᠠᠭ᠎ᠠ  ᠶᠢᠨ 38 ᠲᠥᠷᠥᠯ ᠵᠦᠢᠯ ᠨᠢ ᠣᠨᠴᠠᠯᠢᠭᠲᠤ ᠣᠢ ᠶᠢᠨ ᠵᠢᠮᠢᠰ᠂ ᠣᠢ ᠰᠢᠭᠤᠢ ᠠᠴᠠ ᠢᠷᠡᠯᠲᠡ ᠲᠠᠢ ᠢᠳᠡᠭᠡᠨ᠂ ᠮᠣᠳᠣᠯᠢᠭ ᠤᠷᠭᠤᠮᠠᠯ ᠤᠨ ᠠᠮᠤ ᠲᠣᠰᠣ᠂ ᠣᠢ ᠶᠢᠨ ᠡᠪᠡᠰᠦᠨ ᠡᠮ ᠤᠨ ᠮᠠᠲ᠋ᠧᠷᠢᠶᠠᠯ ᠵᠡᠷᠭᠡ 4 ᠶᠡᠭᠡ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠠᠶᠢᠮᠠᠭ ᠬᠤᠲᠠ ᠶᠢᠨ ᠣᠨᠴᠠᠯᠢᠭᠲᠤ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠴᠢᠩᠭᠠᠳᠬᠠᠪᠠ᠃ ᠡᠳᠡᠭᠡᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠡᠪᠡᠰᠦᠨ ᠡᠮ᠂ ᠮᠥᠭᠦ ᠵᠡᠷᠭᠡ ᠣᠶ ᠶᠢᠨ ᠲᠠᠷᠢᠮᠠᠯ᠂ ᠮᠣᠳᠣᠯᠢᠭ ᠤᠷᠭᠤᠮᠠᠯ ᠤᠨ ᠠᠮᠤ ᠲᠣᠰᠣ᠂ ᠣᠨᠴᠠᠯᠢᠭᠲᠤ ᠣᠶ ᠶᠢᠨ ᠵᠢᠮᠢᠰ ᠵᠡᠷᠭᠡ ᠲᠠᠷᠢᠮᠠᠯ ᠤᠨ ᠰᠠᠭᠤᠷᠢᠨ ᠤ ᠬᠡᠪᠴᠢᠶ᠎ᠡ ᠶᠢ 4 ᠲᠦᠮᠡᠨ ᠮᠦ ᠨᠡᠮᠡᠭᠳᠡᠭᠦᠯᠵᠦ᠂ ᠣᠢ ᠰᠢᠭᠤᠢ ᠠᠴᠠ ᠢᠷᠡᠯᠲᠡ ᠲᠠᠢ ᠢᠳᠡᠭᠡᠨ᠂ ᠣᠨᠴᠠᠯᠢᠭᠲᠤ ᠣᠶ ᠶᠢᠨ ᠵᠢᠮᠢᠰ᠂ ᠮᠣᠳᠣᠯᠢᠭ ᠤᠷᠭᠤᠮᠠᠯ ᠤᠨ ᠠᠮᠤ ᠲᠣᠰᠣ᠂ ᠣᠢ ᠶᠢᠨ ᠡᠪᠡᠰᠦᠨ ᠡᠮ ᠤᠨ ᠮᠠᠲ᠋ᠧᠷᠢᠶᠠᠯ᠂ ᠪᠤᠲᠠᠯᠢᠭ ᠡᠪᠡᠰᠦ ᠪᠣᠷᠳᠤᠭ᠎ᠠ ᠵᠡᠷᠭᠡ ᠣᠶ ᠰᠢᠭᠤᠢ ᠶᠢᠨ ᠣᠨ ᠤ ᠭᠠᠷᠤᠯᠲᠠ ᠶᠢ 8 ᠲᠦᠮᠡᠨ ᠲᠣᠨ ᠠᠴᠠ ᠳᠡᠭᠡᠭᠰᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ 8 ᠬᠥᠲᠥᠴᠢ ᠠᠵᠤ ᠠᠬᠤᠶᠢᠯᠠᠯ ᠤᠨ ᠲᠠᠷᠢᠮᠠᠯ ᠤᠨ ᠰᠠᠭᠤᠷᠢᠨ ᠢ ᠬᠥᠭᠵᠢᠭᠦᠯᠬᠦ ᠶᠢ ᠳᠡᠮᠵᠢᠵᠦ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠪᠠᠶᠢᠭᠤᠯᠤᠨ ᠨᠠᠷᠢᠯᠢᠭ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃            ᠲᠠᠨᠢᠯᠴᠠᠭᠤᠯᠤᠭᠰᠠᠨ ᠢᠶᠠᠷ᠂ ᠡᠳᠡᠭᠡᠷ 38 ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ 5 ᠳ᠋ᠦᠩᠰᠢᠭᠤᠷ ᠰᠢᠬᠠᠮ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠣᠶ ᠰᠢᠭᠤᠢ ᠶᠢᠨ ᠠᠵᠤ ᠦᠢᠯᠡᠰ ᠲᠤ ᠣᠷᠣᠭᠤᠯᠵᠤ᠂ ᠵᠢᠱᠢᠯᠲᠡ ᠪᠠᠷ 1 ᠲᠦᠮᠡ ᠭᠠᠷᠤᠢ ᠮᠠᠯᠴᠢᠨ ᠲᠠᠷᠢᠶᠠᠴᠢᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠣᠯᠣᠨ᠎ᠠ᠃           ᠰᠤᠷᠪᠤᠯᠵᠢᠯᠠᠬᠴᠢ᠄ ᠾᠥᠸᠧ ᠰᠢᠶᠣᠣ ᠴᠢᠩ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号