ᠰᠠᠶᠢᠬᠠᠨ ᠲᠣᠭᠤᠷᠢᠭ ᠤᠨ ᠡᠨᠡ  ᠨᠢᠭᠡ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠺᠣᠮᠫᠢᠦ᠋ᠲ᠋ᠧᠷ  ᠢᠶᠠᠷ ᠲᠠᠰᠢᠷᠠᠮ ᠢᠶᠠᠷ ᠰᠤᠷᠤᠭᠴᠢ ᠡᠯᠰᠡᠬᠦ ᠠᠵᠢᠯ ᠳᠠᠭᠤᠰᠪᠠ
ᠨᠡᠶᠢᠲᠡᠯᠡᠭᠰᠡᠨ ᠴᠠᠭ᠄
2024/8/9
       8 ᠳ᠋ᠤᠭᠠᠷ ᠰᠠᠷ᠎ᠠ ᠶᠢᠨ 6 ᠤ ᠦᠳᠡ ᠶᠢᠨ ᠡᠮᠦᠨ᠎ᠡ᠂ 2024 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢ ᠡᠯᠰᠡᠬᠦ ᠬᠠᠮᠲᠤ ᠪᠠᠷ ᠡᠳ᠋ᠯᠡᠬᠦ ᠬᠡᠰᠡᠭ ᠣᠷᠣᠨ ᠤ ᠺᠣᠮᠫᠢᠦ᠋ᠲ᠋ᠧᠷ ᠤᠨ ᠲᠠᠰᠢᠷᠠᠮ ᠢᠶᠠᠷ ᠰᠣᠷᠣᠭᠴᠢ ᠡᠯᠰᠡᠬᠦ ᠠᠵᠢᠯ ᠬᠥᠬᠡᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠶᠠᠪᠤᠭᠳᠠᠪᠠ᠃
         ᠲᠤᠬᠠᠢ ᠶᠢᠨ ᠲᠠᠯᠠᠪᠤᠷ ᠲᠤ᠂  ᠴᠢᠩᠭ᠎ᠠ ᠨᠢᠮᠪᠠᠢ ᠡᠮᠬᠢ ᠵᠢᠷᠤᠮ ᠲᠠᠢ ᠪᠠᠶᠢᠵᠤ᠂ ᠡᠭᠦᠨ ᠳᠤ ᠡᠮᠦᠨᠡᠬᠢ ᠬᠤᠭᠤᠴᠠᠭᠠᠨ ᠤ ᠮᠡᠳᠡᠭᠡ ᠵᠠᠩᠭᠢ ᠶᠢ ᠰᠢᠯᠭᠠᠨ ᠪᠠᠲᠤᠯᠠᠬᠤ᠂ ᠲᠣᠬᠢᠶᠠᠯᠳᠤᠯ ᠢᠶᠠᠷ ᠶᠠᠪᠤᠭᠤᠯᠬᠤ ᠨᠣᠮᠧᠷ᠂ ᠲᠤᠬᠠᠢ ᠶᠢᠨ ᠲᠠᠯᠠᠪᠤᠷ ᠲᠤ  ᠰᠢᠯᠭᠠᠨ ᠪᠠᠲᠤᠯᠠᠬᠤ᠂ ᠵᠢᠩᠬᠢᠨᠢ ᠪᠠᠷ ᠲᠣᠮᠢᠯᠠᠬᠤ ᠵᠢᠴᠢ ᠯᠠᠶᠢᠰᠧᠷ ᠫᠠᠨᠰᠠ ᠶᠢᠨ ᠲᠤᠭ᠎ᠠ ᠪᠠᠷᠢᠮᠲᠠ ᠶᠢ ᠰᠢᠯᠭᠠᠨ ᠪᠠᠲᠤᠯᠠᠬᠤ ᠵᠡᠷᠭᠡ ᠶᠢ ᠪᠠᠭᠲᠠᠭᠠᠵᠤ᠂ ᠭᠤᠭᠴᠤᠭ᠎ᠠ ᠨᠢᠭᠡᠪᠦᠷᠢ ᠶᠢ ᠴᠢᠩᠭ᠎ᠠ ᠡᠵᠡᠮᠳᠡᠵᠦ᠂ ᠡᠯᠰᠡᠭᠰᠡᠨ ᠦᠷ᠎ᠡ ᠳ᠋ᠦᠩ ᠤᠨ ᠲᠥᠪ ᠭᠤᠤᠯᠴᠢ ᠴᠢᠨᠠᠷ ᠪᠠ ᠢᠯᠡ ᠲᠣᠳᠣ ᠴᠢᠨᠠᠷ ᠢ ᠦᠨᠡᠨ ᠬᠦ ᠪᠠᠲᠤᠯᠠᠪᠠ᠃ ᠬᠥᠬᠡᠬᠤᠲᠠ ᠶᠢᠨ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ ᠬᠢᠨᠠᠯᠲᠠ ᠳᠣᠣᠷ᠎ᠠ ᠵᠢᠴᠢ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠭᠡᠷ ᠤᠨ ᠠᠬᠠᠮᠠᠳ ᠤᠨ ᠣᠯᠠᠨ ᠲᠥᠯᠥᠭᠡᠯᠡᠭᠴᠢ ᠶᠢᠨ ᠬᠠᠮᠲᠤ ᠶᠢᠨ ᠭᠡᠷᠡᠴᠢᠯᠡᠯ ᠳᠣᠣᠷ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ ᠡᠯᠰᠡᠬᠦ ᠺᠣᠮᠫᠢᠦ᠋ᠲ᠋ᠧᠷ ᠢᠶᠠᠷ ᠰᠤᠷᠤᠭᠴᠢ ᠡᠯᠰᠡᠬᠦ ᠠᠵᠢᠯ ᠲᠡᠭᠦᠰ ᠠᠮᠵᠢᠯᠲᠠ ᠲᠠᠢ ᠲᠡᠭᠦᠰᠪᠡ᠃
         ᠲᠣᠰ ᠤᠳᠠᠭᠠᠨ ᠤ ᠺᠣᠮᠫᠢᠦ᠋ᠲ᠋ᠧᠷ ᠢᠶᠠᠷ ᠰᠣᠷᠣᠭᠴᠢ ᠡᠯᠰᠡᠬᠦ ᠰᠢᠰᠲ᠋ᠧᠮ ᠢ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠠᠴᠠ ᠨᠠᠶᠢᠷᠠᠭᠤᠯᠤᠨ ᠵᠣᠬᠢᠶᠠᠵᠤ ᠨᠡᠭᠡᠭᠡᠨ ᠬᠥᠭᠵᠢᠭᠦᠯᠵᠦ᠂ ᠲᠣᠰ ᠰᠢᠰᠲ᠋ᠧᠮ ᠨᠢ ᠰᠣᠷᠣᠭᠴᠢ ᠶᠢᠨ ᠪᠡᠶ᠎ᠡ ᠬᠡᠮ ᠤᠨ ᠮᠡᠳᠡᠭᠡ ᠵᠠᠩᠭᠢ ᠶᠢ ᠴᠢᠩᠭ᠎ᠠ ᠬᠢᠨᠠᠨ ᠰᠢᠯᠭᠠᠵᠤ᠂ ᠲᠣᠬᠢᠶᠠᠯᠳᠤᠯ ᠢᠶᠠᠷ ᠰᠣᠷᠣᠭᠴᠢ ᠡᠯᠰᠡᠬᠦ ᠳᠤ ᠣᠷᠣᠯᠴᠠᠭᠰᠠᠨ ᠰᠣᠷᠣᠭᠴᠢ ᠶᠢᠨ ᠪᠡᠶ᠎ᠡ ᠬᠡᠮ ᠤᠨ ᠮᠡᠳᠡᠭᠡ ᠵᠠᠩᠭᠢ ᠨᠢᠭᠡᠪᠦᠷᠢ ᠶᠢ ᠣᠨᠣᠪᠴᠢᠲᠠᠶ ᠪᠠᠶᠢᠬᠤ ᠶᠢ ᠦᠨᠡᠨ ᠬᠦ  ᠪᠠᠳᠤᠯᠠᠨ᠎ᠠ᠃      ᠣᠶᠢᠯᠠᠭᠠᠭᠰᠠᠨ ᠢᠶᠠᠷ᠂ 2024 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠨᠢᠭᠡᠳᠦᠭᠡᠷ ᠣᠨ ᠳᠤ 12 ᠵᠢᠭᠠᠨ ᠰᠤᠷᠭᠠᠯᠲᠠ ᠶᠢᠨ ᠠᠩᠭᠢ ᠡᠯᠰᠡᠬᠦ ᠪᠠᠷ ᠲᠥᠯᠥᠪᠯᠡᠵᠦ᠂ ᠨᠡᠶᠢᠲᠡ 660 ᠰᠣᠷᠣᠭᠴᠢ ᠡᠯᠰᠡᠬᠦ ᠪᠠᠷ ᠲᠥᠯᠥᠪᠯᠡᠵᠦ ᠪᠣᠶ᠃ ᠬᠡᠰᠡᠭ ᠡᠷᠳᠡᠮ ᠤᠨ ᠴᠣᠯᠠ ᠶᠢ ᠨᠢᠭᠡᠨᠲᠡ ᠲᠣᠭᠲᠠᠮᠠᠯ ᠬᠡᠰᠡᠭ ᠤᠨ ᠣᠷᠣᠨ ᠤ ᠳᠣᠲᠣᠷᠠᠬᠢ ᠭᠡᠷ ᠤᠨ ᠡᠷᠦᠬᠡ ᠶᠢᠨ ᠨᠢᠭᠡᠳᠦᠯᠲᠡᠢ ᠨᠥᠬᠦᠴᠡᠯ ᠵᠢᠴᠢ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠭᠡᠷ ᠪᠦᠯᠢ ᠶᠢᠨ ᠦᠷ᠎ᠡ ᠬᠡᠦᠬᠡᠳ ᠲᠤ ᠤᠷᠢᠳᠴᠢᠯᠠᠨ ᠬᠤᠪᠢᠶᠠᠷᠢᠯᠠᠪᠠ᠃ ᠦᠯᠡᠳᠡᠭᠰᠡᠨ 29 ᠡᠷᠳᠡᠮ ᠤᠨ ᠴᠣᠯᠠ ᠲᠠᠢ᠂ ᠬᠠᠮᠲᠤ ᠪᠠᠷ ᠡᠳ᠋ᠯᠡᠬᠦ ᠬᠡᠰᠡᠭ ᠣᠷᠣᠨ ᠤ ᠳᠣᠲᠣᠷᠠᠬᠢ ᠨᠥᠬᠦᠴᠡᠯ ᠳᠤ ᠨᠡᠶᠢᠴᠡᠬᠦ 292 ᠰᠤᠷᠬᠤ ᠨᠠᠰᠤᠨ ᠤ ᠬᠡᠦᠬᠡᠳ ᠤᠨ ᠳᠣᠲᠣᠷ᠎ᠠ ᠠᠴᠠ ᠲᠣᠬᠢᠶᠠᠯᠳᠤᠯ ᠢᠶᠠᠷ ᠡᠯᠰᠡᠬᠦ ᠪᠠᠷ ᠳᠡᠮᠵᠢᠨ᠂ ᠢᠬᠢᠷ᠎ᠡ ᠬᠡᠦᠬᠡᠳ ᠤᠨ ᠣᠨᠴᠠᠭᠠᠶ ᠪᠠᠶᠢᠳᠠᠯ ᠢ ᠪᠣᠳᠣᠯᠬᠢᠯᠠᠵᠤ᠂ ᠪᠣᠳᠠᠲᠠᠢ ᠣᠷᠣᠯᠴᠠᠭᠰᠠᠨ ᠬᠡᠦᠬᠡᠳ ᠤᠨ ᠲᠤᠭ᠎ᠠ 289 ᠪᠣᠯᠣᠨ᠎ᠠ᠃ ᠡᠯᠰᠡᠭᠰᠡᠨ ᠦᠷ᠎ᠡ ᠳ᠋ᠦᠩ ᠢ 8 ᠰᠠᠷ᠎ᠠ ᠶᠢᠨ 10  ᠤ ᠡᠳᠦᠷ ᠠᠴᠠ ᠰᠡᠭᠦᠯᠡᠷ ᠠᠢ ᠴᠢᠩ ᠴᠧᠩ APP ᠪᠠᠷ ᠳᠠᠮᠵᠢᠨ ᠨᠡᠶᠢᠲᠡᠯᠡᠨ᠎ᠡ᠃
    ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠢᠯᠡ ᠪᠠᠷ ᠰᠣᠷᠣᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠰᠣᠷᠣᠭᠴᠢ ᠡᠯᠰᠡᠬᠦ ᠶᠠᠪᠤᠴᠠ ᠬᠢᠭᠡᠳ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠰᠠᠶᠢᠬᠠᠨ ᠰᠤᠷᠭᠠᠨ ᠬᠥᠮᠦᠵᠢᠯ ᠤᠨ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠴᠢᠭᠯᠡᠯ ᠳᠠᠰᠢ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠰᠠᠶᠢᠬᠠᠨ ᠲᠣᠭᠤᠷᠢᠭ ᠪᠠᠰᠠ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠵᠠᠮ ᠢ ᠢᠳᠡᠪᠬᠢᠲᠡᠢ ᠰᠦᠪᠡᠭᠴᠢᠯᠡᠵᠦ᠂ ᠬᠠᠷᠢᠶ᠎ᠠ ᠣᠷᠣᠨ ᠤ ᠰᠤᠷᠤᠭᠴᠢ ᠨᠢᠭᠡᠪᠦᠷᠢ ᠳᠤ ᠨᠡᠩ ᠴᠢᠨᠠᠷ ᠰᠠᠶᠢᠲᠠᠢ᠂ ᠲᠡᠩᠴᠡᠭᠦᠷᠢᠲᠡᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠴᠢᠷᠮᠠᠶᠢᠨ ᠬᠠᠩᠭᠠᠵᠤ᠂ ᠬᠡᠦᠬᠡᠳ ᠨᠢᠭᠡᠪᠦᠷᠢ ᠶᠢ ᠴᠥᠮ ᠨᠡᠷᠡᠨ ᠤ ᠭᠡᠷᠡᠯ ᠤᠨ ᠳᠣᠣᠷ᠎ᠠ ᠪᠠᠶᠠᠷ ᠪᠠᠶᠠᠰᠬᠤᠯᠠᠩ ᠲᠠᠢ ᠦᠰᠦᠨ ᠪᠣᠶᠢᠵᠢᠵᠤ᠂ ᠪᠦᠬᠦ ᠲᠠᠯ᠎ᠠ ᠪᠠᠷ ᠬᠥᠭᠵᠢᠭᠦᠯᠦᠨ᠎ᠡ ᠭᠡᠵᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号