ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/8/9
     7 ᠰᠠᠷ᠎ᠠ ᠶᠢᠨ 27 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ᠨᠢᠭᠡ᠂ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃                  ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡ ᠳᠤ᠂ ᠭᠦᠨᠵᠡᠭᠡᠢ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠬᠤᠶᠠᠷ ᠲᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠱᠠᠭᠠᠷᠳᠠᠯᠭ᠎ᠠ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠬᠦᠯᠢᠶᠡᠨ ᠠᠪᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠵᠤ᠂ ᠲᠤᠲᠠᠭᠳᠠᠯ ᠢᠶᠠᠨ ᠨᠥᠬᠦᠪᠦᠷᠢᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠨᠢᠭᠡᠪᠦᠷᠢ ᠶᠢ ᠪᠡᠶᠡᠯᠡᠭᠦᠯᠬᠦ ᠠᠷᠭ᠎ᠠ ᠵᠠᠮ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠦᠢᠴᠡᠳᠬᠡᠯ ᠲᠤᠭ᠎ᠠ ᠨᠢᠭᠡᠪᠦᠷᠢ ᠶᠢᠨ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠵᠢᠯ ᠤᠨ ᠡᠯ᠎ᠡ ᠵᠦᠢᠯ ᠤᠨ ᠲᠣᠭᠲᠠᠭᠰᠠᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ᠬᠤᠶᠠᠷ᠂ ᠬᠤᠷᠠᠯ ᠠᠴᠠ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃              ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠠᠷᠭ᠎ᠠ ᠬᠡᠮᠵᠢᠶ᠎ᠡ︾ ᠳᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠪᠠ ᠲᠦᠷᠦ ᠶᠢᠨ ᠪᠣᠳᠣᠯᠭ᠎ᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠶᠡᠷᠦᠩᠬᠡᠢ ᠬᠠᠷᠢᠭᠤᠴᠠᠵᠤ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠶᠠᠷ ᠠᠯᠪᠠᠨ ᠭᠡᠷ ᠲᠠᠢ ᠬᠠᠮᠲᠤᠷᠠᠨ ᠡᠮᠦᠨᠡᠬᠢ ᠬᠤᠭᠤᠴᠠᠭᠠᠨ ᠳᠤ ᠳᠠᠷᠤᠮᠠᠯᠯᠠᠨ ᠲᠠᠷᠬᠠᠭᠠᠭᠰᠠᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠨ ᠪᠠᠶᠢᠴᠠᠭᠠᠵᠤ᠂ ᠣᠲᠣ ᠶᠢᠨ ᠪᠠᠶᠢᠭ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠬᠡ ᠲᠠᠩᠰᠠ ᠶᠢ ᠪᠦᠷᠢᠯᠳᠦᠭᠦᠯᠪᠡ︔ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠢᠴᠢᠭ ᠮᠠᠲ᠋ᠧᠷᠢᠶᠠᠯ ᠢ ︽ᠠᠷᠭ᠎ᠠ ᠬᠡᠮᠵᠢᠶ᠎ᠡ︾ ᠶᠢᠨ ᠱᠠᠭᠠᠷᠳᠠᠯᠭ᠎ᠠ ᠶᠣᠰᠣᠭᠠᠷ ᠴᠢᠩᠭ᠎ᠠ ᠰᠢᠢᠳᠪᠦᠷᠢᠯᠡᠪᠡ᠃ ᠬᠤᠶᠠᠷ ᠲᠤ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠢᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠲᠦᠷᠦ ᠶᠢᠨ ᠪᠣᠳᠣᠯᠭ᠎ᠠ ᠶᠢ ᠱᠠᠯᠠᠪᠳᠠᠨ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠤᠯᠢ ᠲᠣᠭᠲᠠᠭᠠᠯ ᠳᠦᠷᠢᠮ ᠢ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠵᠤ᠂ ᠠᠵᠤ ᠠᠬᠤᠶᠢᠯᠠᠯ ᠢ ᠲᠠᠲᠠᠬᠤ ᠬᠦᠴᠦᠨ ᠢ ᠴᠢᠩᠭᠠᠳᠬᠠᠵᠤ᠂ ᠠᠷᠠᠯᠵᠢᠶᠠᠴᠢᠨ ᠤᠷᠢᠬᠤ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠶᠠᠷᠢᠯᠴᠠᠵᠤ ᠪᠠᠶᠢᠭ᠎ᠠ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠭᠤᠷᠪᠠ ᠳᠤ᠂ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠪᠡᠯᠡ ᠮᠥᠩᠭᠦ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠲᠦᠷᠦᠯ ᠵᠦᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠵᠠᠯᠠᠭᠤᠴᠤᠳ ᠤᠨ ᠨᠡᠶᠢᠭᠡᠮ ᠲᠣᠭᠤᠷᠢᠭ ᠤᠨ ᠲᠦᠷᠦᠯ ᠵᠦᠢᠯ ᠤᠨ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠲᠦᠷᠦᠯ ᠵᠦᠢᠯ ᠢ ᠲᠦᠷᠭᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃ᠭᠤᠷᠪᠠ᠂ ᠬᠤᠷᠠᠯ ᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠳᠦᠷᠢᠮ︾ ︵ᠳᠣᠷᠣᠭᠰᠢ ᠲᠣᠰ ᠲᠣᠰ ︽ᠲᠠᠩᠨᠠᠭᠤᠯ ᠢ ᠡᠰᠡᠷᠭᠦᠴᠡᠬᠦ ᠬᠠᠤᠯᠢ︾᠂︽ᠳᠦᠷᠢᠮ︾ ᠭᠡᠵᠦ ᠲᠣᠪᠴᠢᠯᠠᠨ᠎ᠠ︶ ᠢ ᠤᠯᠠᠮᠵᠢᠯᠠᠨ ᠰᠤᠷᠤᠯᠴᠠᠪᠠ᠃                  ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡ ᠳᠤ᠂ ︽ᠲᠠᠩᠨᠠᠭᠤᠯ ᠢ ᠡᠰᠡᠷᠭᠦᠴᠡᠬᠦ ᠬᠠᠤᠯᠢ︾ ᠶᠢ ᠭᠦᠨᠵᠡᠭᠡᠢ ᠰᠤᠷᠤᠯᠴᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠤᠯᠤᠰ ᠤᠨ ᠠᠮᠤᠷ ᠲᠦᠪᠰᠢᠨ᠂ ᠬᠥᠮᠥᠨ ᠪᠦᠬᠦᠨ ᠬᠠᠷᠢᠭᠤᠴᠠᠯᠭ᠎ᠠ ᠲᠠᠢ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠤᠯᠢ ᠴᠠᠭᠠᠵᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠤᠰ ᠪᠡᠶ᠎ᠡ ᠶᠢᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠬᠤᠶᠠᠷ ᠲᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ︽ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠤᠨ ᠬᠠᠤᠯᠢ ᠴᠠᠭᠠᠵᠠ ᠶᠢᠨ ᠤᠬᠠᠮᠰᠠᠷ ᠪᠣᠯᠣᠨ ᠠᠵᠢᠯ ᠤᠨ ᠴᠢᠳᠠᠪᠤᠷᠢ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠳᠤᠮᠳᠠ᠂ ᠬᠠᠤᠯᠢ ᠶᠢ ᠰᠤᠷᠤᠯᠴᠠᠵᠤ᠂ ᠬᠠᠤᠯᠢ ᠶᠢ ᠬᠡᠷᠡᠭᠯᠡᠨ᠂ ᠬᠠᠤᠯᠢ ᠪᠠᠷ ᠵᠠᠰᠠᠬᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠵᠦ᠂ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ᠳᠥᠷᠪᠡ᠂ ᠬᠤᠷᠠᠯ ᠠᠴᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠮᠠᠨ ᠤ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃                ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠡᠷᠦᠩᠬᠡᠢ ᠬᠠᠷᠢᠭᠤᠴᠠᠵᠤ᠂ ᠲᠣᠬᠢᠷᠠᠭᠤᠯᠤᠯᠲᠠ ᠶᠢ ᠴᠢᠩᠭᠠᠳᠬᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠢᠯᠠᠩᠭᠤᠶ᠎ᠠ ᠵᠠᠰᠠᠭ ᠤᠨ ᠣᠷᠳᠣᠨ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ ᠬᠦᠴᠦᠨ ᠦᠭᠡᠢ ᠪᠣᠯᠭᠠᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠦᠭᠡᠢ ᠲᠠᠩᠰᠠᠨ ᠵᠣᠭᠤᠰ ᠢ ᠬᠥᠳᠡᠯᠦᠩᠭᠦᠢ ᠪᠠᠷ ᠢᠯᠭᠠᠷᠠᠭᠤᠯᠬᠤ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠤᠮᠳᠠ ᠬᠤᠭᠤᠴᠠᠭᠠᠨ ᠤ ᠦᠨᠡᠯᠡᠨ ᠵᠢᠰᠢᠵᠦ ᠬᠢᠨᠠᠨ ᠰᠢᠯᠭᠠᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠢ ᠶᠢᠨ ᠬᠢᠨ ︽ᠬᠥᠬᠡᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠦᠢᠴᠡᠳᠬᠡᠯ ᠲᠤᠭ᠎ᠠ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠲᠠᠢ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠱᠠᠭᠠᠷᠳᠠᠯᠭ᠎ᠠ ᠲᠠᠢ ᠬᠠᠷᠢᠴᠠᠭᠤᠯᠤᠨ ᠡᠯ᠎ᠡ ᠵᠦᠢᠯ ᠤᠨ ᠠᠵᠢᠯ ᠢ ᠨᠠᠷᠢᠨ ᠠᠳᠬᠤᠵᠤ ᠪᠣᠳᠠᠲᠠᠢ ᠠᠳᠬᠤᠵᠤ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠬᠤ ᠵᠡᠷᠭᠡ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                  ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号